ᠵᠢᠥ ᠶᠤᠸᠠᠨ ᠲᠣᠭᠤᠷᠢᠭ ᠤᠨ ᠲᠥᠷᠥᠯ ᠵᠦᠢᠯ ᠤᠨ ᠠᠯᠪᠠᠨ ᠬᠡᠷ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ︽ᠰᠠᠷ᠎ᠠ ᠳᠦᠭᠦᠷᠡᠩ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠵᠢᠥ ᠶᠤᠸᠠᠨ ᠢ ᠳᠤᠯᠠᠭᠠᠴᠠᠭᠤᠯᠬᠤ︾ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/9/20
    ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠦᠨᠳᠦᠰᠦᠨ ᠱᠠᠲᠤᠨ ᠳᠠᠬᠢ ᠠᠵᠢᠯ᠂ ᠠᠮᠢᠳᠤᠷᠠᠯ ᠤᠨ ᠪᠠᠶᠢᠳᠠᠯ ᠢ ᠦᠨᠡᠨ ᠬᠦ ᠬᠠᠯᠠᠮᠵᠢᠯᠠᠨ ᠬᠠᠶᠢᠷᠠᠯᠠᠵᠤ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠨᠢᠭᠲᠠᠷᠠᠯ ᠤᠨ ᠬᠦᠴᠦᠨ ᠪᠠ ᠬᠠᠷᠢᠶᠠᠯᠠᠭᠳᠠᠬᠤ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠥᠯᠥᠭᠡ᠂ 9 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠵᠢᠥ ᠶᠤᠸᠠᠨ ᠲᠣᠭᠤᠷᠢᠭ ᠤᠨ ᠲᠦᠷᠦᠯ ᠵᠦᠢᠯ ᠤᠨ ᠠᠯᠪᠠᠨ ᠭᠡᠷ ︽ᠰᠠᠷ᠎ᠠ ᠳᠦᠭᠦᠷᠡᠩ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠵᠢᠥ ᠶᠤᠸᠠᠨ ᠢ ᠳᠤᠯᠠᠭᠠᠴᠠᠭᠤᠯᠬᠤ︾ ᠪᠠᠷ ᠭᠤᠣᠯ ᠰᠡᠳᠦᠪ ᠪᠣᠯᠭᠠᠭᠰᠠᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ 2023 ᠬᠤᠭᠤᠴᠠᠭ᠎ᠠ᠂ 2024 ᠬᠤᠭᠤᠴᠠᠭᠠᠨ ᠤ ᠰᠠᠶᠢᠨ ᠲᠤᠷᠠᠴᠤᠤᠯ ᠬᠤᠷᠠᠯ ᠳᠤ ᠣᠷᠣᠯᠴᠠᠪᠠ᠃    ᠳᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠲᠦᠷᠦᠯ ᠵᠦᠢᠯ ᠤᠨ ᠠᠯᠪᠠᠨ ᠭᠡᠷ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠬᠠᠮᠢᠶᠠᠷᠤᠯᠲᠠ ᠪᠣᠯᠤᠨ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠵᠤ᠂ ᠬᠠᠯᠠᠮᠵᠢᠯᠠᠨ ᠬᠠᠶᠢᠷᠠᠯᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ︽ᠲᠥᠷᠬᠦᠮ ᠤᠨ ᠬᠥᠮᠦᠨ︾ ᠪᠤᠯᠵᠤ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠯ᠎ᠡ ᠦᠨᠳᠦᠰᠦᠨ ᠱᠠᠲᠤᠨ ᠤ ᠨᠢᠭᠡᠴᠡ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠰᠠᠨᠠᠭ᠎ᠠ ᠠᠮᠤᠷ ᠦᠢᠯᠡᠴᠢᠯᠡᠭᠡ ᠳᠤ ᠨᠡᠩ ᠪᠠᠲᠤ ᠪᠠᠬᠢ ᠪᠠᠲᠤᠯᠠᠭ᠎ᠠ ᠬᠠᠩᠭᠠᠵᠤ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠣᠯᠤᠨ ᠬᠠᠷᠢᠶᠠᠯᠠᠭᠳᠠᠬᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠡᠯ᠎ᠡ ᠭᠠᠵᠠᠷ ᠠᠴᠠ ᠢᠷᠡᠭᠰᠡᠨ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠲᠦᠷᠦᠯ ᠵᠦᠢᠯ ᠤᠨ ᠠᠯᠪᠠᠨ ᠭᠡᠷ ᠤᠨ ᠬᠠᠶᠢᠷ᠎ᠠ ᠬᠠᠯᠠᠮᠵᠢ ᠶᠢ ᠬᠦᠷᠲᠡᠭᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号