ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠠᠮᠤᠷ ᠲᠦᠪᠰᠢᠨ ᠤ ᠬᠡᠮ ᠰᠣᠭᠤᠭ ᠢ | ᠪᠦᠲᠦᠮᠵᠢᠲᠡᠶ ᠠᠷᠢᠯᠭᠠᠵᠤ᠂ ᠠᠮᠤᠷ ᠲᠦᠪᠰᠢᠨ ᠤ ᠠᠳᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ | ᠴᠢᠩᠭᠠᠳᠬᠠᠨ᠂ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠵᠢᠥ ᠶᠤᠸᠠᠨ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠵᠠᠩ ᠷᠦ ᠴᠢᠤᠸᠠᠨ ᠪᠦᠯᠬᠦᠮ | ᠳᠠᠭᠠᠭᠤᠯᠤᠨ᠂ ᠲᠣᠪᠴᠢᠶ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠠᠰᠤᠭ᠂ ᠲᠣᠭᠤᠷᠢᠭ ᠤᠨ ᠵᠠᠮ | ᠬᠠᠷᠢᠯᠴᠠᠭᠠᠨ ᠤ ᠦᠢᠯᠡᠰ ᠤᠨ ᠬᠥᠭᠵᠢᠯᠲᠡ ᠶᠢᠨ ᠲᠥᠪ ᠠᠴᠠ ᠪᠠᠶᠠᠷ ᠤᠨ ᠡᠳᠦᠷ ᠠᠴᠠ ᠡᠮᠦᠨᠡᠬᠢ ᠠᠶᠤᠯᠭᠦᠶ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠪᠡ᠃ | ᠪᠠᠶᠢᠴᠠᠭᠠᠬᠤ ᠳᠤᠭᠤᠶᠢᠯᠠᠩ ᠡᠩ ᠲᠡᠷᠢᠭᠦᠨ ᠳᠤ ᠭᠤᠣᠯᠳᠠᠯᠭ᠎ᠠ ᠲᠠᠢ ᠵᠠᠮ ᠤᠨ ᠬᠡᠰᠡᠭ ᠤᠨ ᠨᠠᠮᠤᠭ ᠤᠨ ᠡᠮᠦᠨ᠎ᠡ | ᠶᠡᠭᠡ ᠵᠠᠮ ᠪᠣᠯᠤᠨ ᠪᠦᠦ ᠬᠠ ᠵᠠᠰᠠᠮᠠᠯ ᠵᠠᠮ ᠤᠨ ᠠᠭᠤᠯᠵᠠᠷ ᠤᠨ ᠵᠠᠮ ᠤᠨ ᠠᠭᠤᠯᠵᠠᠷ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠭᠰᠡᠨ ᠪᠠᠶᠢᠳᠠᠯ ᠳᠤ ᠪᠠᠶᠢᠴᠠᠭᠠᠯᠲᠠ ᠬᠢᠵᠦ᠂ ᠵᠠᠩ ᠷᠦ ᠴᠢᠤᠸᠠᠨ ᠴᠢᠬᠤᠯᠠᠴᠢᠯᠠᠭᠰᠠᠨ ᠨᠢ᠂ | ᠵᠠᠮ ᠤᠨ ᠭᠠᠳᠠᠷᠭᠤ ᠶᠢᠨ ᠬᠤᠩᠭᠢᠯ ᠠᠴᠠ ᠪᠣᠯᠤᠭᠰᠠᠨ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ | ᠠᠷᠢᠯᠭᠠᠵᠤ᠂ ᠵᠠᠮ ᠲᠡᠭᠰᠢ ᠪᠠᠶᠢᠬᠤ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠶᠠᠪᠤᠵᠤ ᠰᠠᠭᠤᠬᠤ ᠳᠤ ᠠᠮᠤᠷ | ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ᠃ ᠳᠠᠷᠠᠭ᠎ᠠ ᠨᠢ᠂ ᠪᠠᠶᠢᠴᠠᠭᠠᠬᠤ ᠳᠤᠭᠤᠶᠢᠯᠠᠩ 2024 ᠣᠨ ᠤ ᠵᠢᠥ | ᠶᠤᠸᠠᠨ ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠰᠡᠯᠪᠢᠨ ᠵᠠᠰᠠᠬᠤ ᠢᠨᠵᠧᠨᠧᠷᠢᠩ ᠤᠨ Y02 ︵K0 | 000- K5411︶ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠪᠠᠷᠢᠯᠭ᠎ᠠ ᠶᠢᠨ ᠠᠮᠤᠷ ᠲᠦᠪᠰᠢᠨ᠂ | ᠪᠠᠷᠢᠯᠭ᠎ᠠ ᠶᠢᠨ ᠶᠠᠰᠤ ᠴᠢᠨᠠᠷ ᠵᠡᠷᠭᠡ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠯ᠎ᠡ ᠲᠥᠷᠥᠯ ᠵᠦᠢᠯ ᠤᠨ | ᠬᠠᠷᠢᠭᠤᠴᠠᠯᠭᠠᠲᠠᠨ ᠢ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠪᠠᠷᠢᠯᠭ᠎ᠠ ᠶᠢᠨ ᠲᠤᠬᠠᠶ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠪᠠᠶᠠᠷ ᠤᠨ ᠡᠳᠦᠷ ᠤᠨ | ᠬᠤᠭᠤᠴᠠᠭᠠᠨ ᠳᠤ ᠪᠠᠷᠢᠯᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ | ᠬᠡᠷᠡᠭᠲᠡᠶ ᠭᠡᠵᠦ ᠱᠠᠭᠠᠷᠳᠠᠪᠠ᠃ ᠡᠴᠦᠰ ᠲᠤ᠂ ᠪᠠᠶᠢᠴᠠᠭᠠᠬᠤ ᠳᠤᠭᠤᠶᠢᠯᠠᠩ ᠪᠦᠬᠦ ᠪᠠᠲᠤ ᠶᠢᠨ ᠵᠠᠮ ᠤᠨ ᠡᠭᠡᠯᠵᠢ ᠶᠢᠨ | ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠲᠤᠬᠢᠷᠠᠭᠤᠯᠤᠯᠳᠠ᠂ ᠪᠠᠴᠢᠮ ᠪᠠᠶᠢᠳᠠᠯ ᠢ | ᠠᠷᠭᠠᠴᠠᠵᠤ ᠠᠶᠤᠯ ᠠᠴᠠ ᠠᠪᠤᠷᠠᠬᠤ ᠪᠡᠯᠡᠳᠬᠡᠯ ᠠᠵᠢᠯ ᠵᠡᠷᠭᠡ ᠳᠤ ᠪᠠᠶᠢᠴᠠᠭᠠᠯᠲᠠ ᠬᠢᠵᠦ᠂ ᠠᠷᠠᠴᠢᠯᠠᠨ ᠬᠠᠮᠠᠭᠠᠯᠠᠬᠤ | ᠠᠵᠢᠯᠲᠠᠨ ᠳᠤ ᠠᠷᠠᠴᠢᠯᠠᠨ ᠬᠠᠮᠠᠭᠠᠯᠠᠬᠤ ᠦᠢᠯᠡᠳᠪᠦᠷᠢᠯᠡᠯ ᠤᠨ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠲᠣᠰ ᠪᠡᠶ᠎ᠡ ᠶᠢᠨ ᠠᠵᠢᠯ ᠤᠨ ᠠᠮᠤᠷ ᠲᠦᠪᠰᠢᠨ ᠢ ᠪᠠᠲᠤᠯᠠᠬᠤ ᠶᠢᠨ ᠬᠠᠮᠲᠤ ᠪᠠᠶᠠᠷ ᠤᠨ ᠡᠳᠦᠷ ᠤᠨ ᠬᠤᠭᠤᠴᠠᠭᠠᠨ ᠳᠤ | ᠬᠥᠳᠡᠭᠡ ᠲᠣᠰᠬᠤᠨ ᠤ ᠵᠠᠰᠠᠮᠠᠯ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠵᠢᠴᠢ ᠠᠮᠤᠷ ᠲᠦᠪᠰᠢᠨ ᠤ | ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠰᠠᠨᠠᠭᠤᠯᠪᠠ᠃ | ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠰᠢᠮᠳᠠᠭᠤᠯᠤᠨ ᠪᠠᠶᠢᠴᠠᠭᠠᠬᠤ ᠶᠢ | ᠰᠤᠯᠠᠷᠠᠭᠤᠯᠤᠯ ᠦᠭᠡᠢ ᠪᠠᠷᠢᠮᠲᠠᠯᠠᠨ᠎ᠠ᠃ ᠳᠠᠷᠠᠭᠠᠴᠢ ᠶᠢᠨ ᠠᠯᠬᠤᠮ ᠳᠤ᠂ ᠪᠢᠳᠡ ᠬᠡᠮ ᠰᠣᠭᠤᠭ ᠢ ᠦᠷᠭᠦᠯᠵᠢᠯᠡᠨ | ᠠᠷᠢᠯᠭᠠᠵᠤ᠂ ᠠᠳᠡᠯ ᠢ ᠰᠡᠷᠭᠡᠶᠢᠯᠡᠨ᠂ ᠠᠮᠤᠷ ᠲᠦᠪᠰᠢᠨ ᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ | ᠴᠢᠩᠭᠠᠷᠠᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠳᠤ ᠠᠮᠤᠷ ᠲᠦᠪᠰᠢᠨ᠂ ᠡᠮᠬᠢ ᠵᠢᠷᠤᠮ ᠲᠠᠢ᠂ ᠡᠶ᠎ᠡ | ᠵᠣᠬᠢᠴᠠᠩᠭᠤᠢ ᠪᠠᠷ ᠪᠠᠶᠠᠷ ᠤᠨ ᠡᠳᠦᠷ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃ ᠡᠭᠦᠨ ᠤ ᠬᠠᠮᠲᠤ᠂ | ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ | ᠰᠠᠬᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠭᠡᠨᠡᠳᠲᠡ ᠶᠢᠨ ᠬᠡᠷᠡᠭ ᠡᠭᠦᠰᠪᠡᠯ ᠳᠠᠷᠤᠶ ᠲᠦᠷᠭᠡᠨ | ᠳᠠᠭᠠᠵᠤ᠂ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ | ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ᠃ |