ᠭᠠᠯ ᠤᠨ ᠠᠶᠤᠯ ᠤᠨ ᠳᠠᠯᠳᠠ ᠭᠡᠮ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ ᠠᠶᠤᠯ ᠦᠭᠡᠶ ᠦᠢᠯᠡᠳᠪᠦᠷᠢᠯᠡᠯ ᠳᠤ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠶ
ᠨᠡᠶᠢᠲᠡᠯᠡᠭᠰᠡᠨ ᠴᠠᠭ᠄
2024/9/24
     ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠡᠯ᠎ᠡ ᠬᠠᠤᠯᠢ ᠬᠡᠷᠡᠭᠵᠢᠭᠦᠯᠬᠦ ᠠᠩᠭᠢ ᠶᠢ ᠵᠣᠬᠢᠶᠠᠨ ᠪᠠᠶᠢᠭᠤᠯᠤᠨ ᠭᠠᠯ ᠤᠨ ᠠᠶᠤᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠬᠥᠬᠡᠬᠤᠲᠠ ᠶᠢᠨ 8 . 19 ᠤ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠠᠶᠤᠯ ᠥᠬᠡᠶ ᠦᠢᠯᠡᠳᠪᠦᠷᠢᠯᠡᠯ ᠤᠨ ᠪᠠᠶᠢᠳᠠᠯ ᠢ ᠲᠣᠭᠲᠠᠭᠤᠨ ᠪᠠᠶᠢᠯᠭᠠᠵᠤ᠂ ᠬᠤᠲᠠ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃      ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠠᠰᠠᠭᠤᠨ ᠯᠠᠪᠯᠠᠵᠤ ᠪᠠᠶᠢᠴᠠᠭᠠᠯᠲᠠ ᠬᠢᠬᠦ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠬᠤ ᠪᠠᠷ ᠳᠠᠮᠵᠢᠭᠤᠯᠤᠨ᠂ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢ ᠥᠨᠴᠥᠭ ᠪᠤᠯᠤᠩ ᠦᠯᠡᠳᠡᠭᠡᠯ ᠥᠬᠡᠶ ᠪᠥᠬᠦ ᠲᠠᠯ᠎ᠠ ᠪᠠᠷ ᠬᠠᠮᠤᠷᠬᠤ ᠶᠢ ᠦᠨᠡᠨᠬᠦ ᠪᠠᠲᠤᠯᠠᠨ᠎ᠠ᠃ ᠨᠢᠭᠡ ᠳᠤ ᠨᠡᠭᠦᠳᠡᠯ ᠬᠡᠮ ᠰᠣᠭᠤᠭ ᠢ ᠭᠤᠤᠯᠳᠠᠯᠭ᠎ᠠ ᠲᠠᠢ ᠪᠠᠶᠢᠴᠠᠭᠠᠵᠤ᠂ ᠣᠯᠠᠨ ᠨᠡᠶᠢᠲᠡ ᠶᠢᠨ ᠲᠠᠯᠠᠪᠤᠷ ᠤᠨ ᠨᠡᠭᠦᠳᠡᠯ ᠥᠷᠯᠥᠭᠡ ᠶᠢᠨ ᠬᠤᠭᠤᠯᠠᠨ ᠤ ᠲᠡᠷᠭᠡ᠂ ᠲᠥᠬᠦᠮ ᠢᠳᠡᠭᠡᠨ ᠤ ᠲᠡᠷᠭᠡ 50 ᠭᠠᠷᠤᠶ ᠤᠳᠠᠭ᠎ᠠ᠂ ᠭᠠᠯ ᠤᠨᠲᠠᠷᠠᠭᠠᠬᠤ ᠭᠠᠯ ᠤᠨᠲᠠᠷᠠᠭᠠᠬᠤ ᠬᠡᠷᠡᠭᠰᠡᠯ 50 ᠭᠠᠷᠤᠶ ᠯᠣᠩᠬᠤ᠂ ᠰᠢᠩᠭᠡᠨᠵᠢᠮᠡᠯ ᠨᠡᠭᠦᠷᠡᠰᠦᠨ ᠬᠡᠶ ᠶᠢᠨ ᠰᠠᠪᠠ 30 ᠭᠠᠷᠤᠶ ᠯᠣᠩᠬᠤ ᠶᠢ ᠪᠠᠶᠢᠴᠠᠭᠠᠪᠠ᠃ ᠡᠭᠦᠨ ᠤ ᠬᠠᠮᠲᠤ᠂ ᠥᠷᠯᠥᠭᠡ ᠶᠢᠨ ᠬᠤᠭᠤᠯᠠᠨ ᠤ ᠨᠡᠭᠦᠳᠡᠯ ᠲᠡᠷᠭᠡ᠂ ᠲᠥᠬᠦᠮ ᠢᠳᠡᠭᠡᠨ ᠤ ᠲᠡᠷᠭᠡ ᠶᠢᠨ ᠰᠢᠩᠭᠡᠨᠵᠢᠭᠦᠯᠦᠭᠴᠢ ᠬᠡᠷᠡᠭᠯᠡᠬᠦ ᠡᠬᠡ ᠲᠠᠩᠰᠠ ᠪᠠᠶᠢᠭᠤᠯᠵᠤ᠂ ᠬᠡᠶ ᠰᠠᠪᠠ ᠶᠢᠨ ᠡᠷᠬᠢᠨ ᠲᠣᠭᠤᠷᠢᠨ ᠤ ᠡᠯᠳᠡᠪ ᠪᠣᠳᠠᠰ ᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠨ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠪᠠᠶᠢᠩᠭᠤ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ᠂ ᠪᠡᠯᠡᠳᠬᠡᠮᠵᠢ ᠲᠥᠬᠦᠭᠡᠷᠦᠮᠵᠢ ᠶᠢ ᠨᠠᠷᠢᠯᠢᠭ ᠪᠠᠶᠢᠴᠠᠭᠠᠵᠤ᠂ ᠬᠤᠪᠢ ᠶᠢᠨ ᠬᠤᠳᠠᠯᠳᠤᠭᠠᠨ ᠤ ᠡᠷᠦᠬᠡ ᠶᠢᠨ ᠭᠠᠯ ᠤᠨᠲᠠᠷᠠᠭᠠᠬᠤ ᠲᠥᠬᠦᠭᠡᠷᠦᠮᠵᠢ᠂ ᠴᠠᠬᠢᠯᠭᠠᠨ ᠤᠲᠠᠰᠤ᠂ ᠠᠮᠤᠷ ᠲᠦᠪᠰᠢᠨ ᠭᠠᠷᠬᠤ ᠡᠭᠦᠳᠡ ᠵᠡᠷᠭᠡ ᠶᠢ ᠪᠠᠶᠢᠴᠠᠭᠠᠵᠤ᠂ ᠠᠮᠤᠷ ᠲᠦᠪᠰᠢᠨ ᠤ ᠬᠡᠮ ᠰᠣᠭᠤᠭ ᠣᠷᠣᠰᠢᠵᠤ ᠪᠠᠶᠢᠭ᠎ᠠ ᠬᠤᠳᠠᠯᠳᠤᠭᠠᠨ ᠤ ᠡᠷᠦᠬᠡ ᠳᠤ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠬᠢᠬᠦ ᠶᠢᠨ ᠬᠠᠮᠲᠤ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠦᠨ᠎ᠡ᠃ ᠭᠤᠷᠪᠠ ᠳᠤ ᠨᠢᠭᠲᠠᠷᠠᠭᠰᠠᠨ ᠣᠷᠣᠨ ᠪᠦᠰᠡ ᠶᠢ ᠪᠥᠬᠦ ᠲᠠᠯ᠎ᠠ ᠪᠠᠷ ᠪᠠᠶᠢᠴᠠᠭᠠᠵᠤ᠂ ᠠᠮᠢ ᠵᠢᠭᠤᠲᠠᠬᠤ ᠶᠢ ᠨᠥᠯᠥᠭᠡᠯᠡᠬᠦ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠬᠠᠷᠰᠢ ᠰᠠᠭᠠᠳ ᠢ ᠴᠡᠪᠡᠷᠯᠡᠨ ᠴᠡᠭᠴᠡᠯᠡᠵᠦ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠤᠨ ᠣᠷᠣᠵᠤ ᠭᠠᠷᠬᠤ ᠨᠡᠭᠦᠳᠡᠯ ᠬᠤᠳᠠᠯᠳᠤᠭᠠᠴᠢᠨ ᠢ ᠨᠡᠶᠢᠲᠡ 45 ᠶᠢ ᠴᠡᠪᠡᠷᠯᠡᠪᠡ᠃ ᠳᠥᠷᠪᠡ ᠳᠤ᠂ ᠭᠠᠯ ᠤᠨᠲᠠᠷᠠᠭᠠᠬᠤ ᠨᠡᠪᠲᠡᠷᠡᠯ ᠵᠠᠮ ᠢ ᠬᠠᠮᠲᠤᠷᠠᠨ ᠪᠠᠶᠢᠴᠠᠭᠠᠵᠤ᠂ ᠠᠳᠠᠯ ᠠᠬᠤᠶ ᠶᠢᠨ ᠺᠣᠮᠫᠠᠨᠢ ᠯᠤᠭ᠎ᠠ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠣᠷᠣᠨ ᠰᠠᠭᠤᠴᠠ ᠶᠢᠨ ᠬᠤᠷᠢᠶᠠᠯᠠᠯ ᠤᠨ ᠭᠠᠯ ᠤᠨᠲᠠᠷᠠᠭᠠᠬᠤ ᠨᠡᠪᠲᠡᠷᠡᠯ ᠵᠠᠮ ᠢ ᠡᠵᠡᠯᠡᠨ ᠬᠡᠷᠡᠭᠯᠡᠵᠦ ᠪᠠᠶᠢᠭ᠎ᠠ ᠪᠠᠶᠢᠳᠠᠯ ᠢ ᠵᠢᠭᠰᠠᠭᠠᠨ ᠪᠠᠶᠢᠴᠠᠭᠠᠵᠤ᠂ ᠬᠥᠰᠢᠮᠡᠯ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ᠂ ᠳᠤᠭᠤᠶ ᠲᠡᠷᠭᠡ᠂ ᠬᠤᠪᠢ ᠪᠠᠷ ᠢᠶᠠᠨ ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠵᠡᠷᠭᠡ ᠭᠠᠯ ᠤᠨᠲᠠᠷᠠᠭᠠᠬᠤ ᠨᠡᠪᠲᠡᠷᠡᠯ ᠵᠠᠮ ᠢ ᠡᠵᠡᠯᠡᠨ ᠬᠡᠷᠡᠭᠯᠡᠬᠦ ᠶᠢ ᠴᠠᠭᠠᠵᠠᠯᠠᠨ᠎ᠠ᠃  
C:\Users\Administrator\Desktop\图片111.jpg
    ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠠᠳᠠᠯ ᠠᠬᠤᠶ᠂ ᠵᠡᠭᠡᠯᠢ ᠳᠠᠭᠠᠤ ᠶᠢᠨ ᠬᠤᠳᠠᠯᠳᠤᠭᠠᠴᠢᠨ ᠡᠷᠦᠬᠡ᠂ ᠨᠡᠭᠦᠳᠡᠯ ᠳᠡᠯᠭᠡᠭᠦᠷᠴᠢᠨ ᠢ ᠰᠢᠮᠳᠠᠭᠤᠯᠵᠤ ᠪᠠᠶᠢᠭᠠᠳ ᠭᠠᠯ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠳᠡᠯ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号