ᠵᠢᠥ ᠶᠤᠸᠠᠨ ᠲᠣᠭᠤᠷᠢᠭ ᠤᠨ 2024 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠠᠵᠢᠯ ᠤᠨ ᠲᠥᠰᠦᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/9/27
    ᠵᠢᠥ ᠶᠤᠸᠠᠨ ᠲᠣᠭᠤᠷᠢᠭ ᠤᠨ 2024 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠠᠵᠢᠯ ᠤᠨ ᠲᠥᠰᠦᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ     ᠨᠢᠭᠡ᠂ ᠲᠥᠷᠥ ᠶᠢᠨ ᠪᠣᠳᠣᠯᠭ᠎ᠠ ᠲᠣᠭᠲᠠᠭᠠᠭᠰᠠᠨ ᠠᠬᠤᠶ ᠪᠠᠶᠢᠳᠠᠯ    ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥ ᠶᠢᠨ ᠪᠣᠳᠣᠯᠭ᠎ᠠ ᠪᠣᠯ ᠣᠶᠢᠷ᠎ᠠ ᠶᠢᠨ ᠵᠢᠯ ᠠᠴᠠ ᠨᠠᠭᠠᠰᠢᠬᠢ ᠮᠠᠨ ᠤ ᠤᠯᠤᠰ ᠤᠨ ᠲᠠᠷᠢᠶᠠᠯᠠᠩ ᠤᠨ ᠬᠦᠷᠢᠶᠡᠨ ᠳᠠᠬᠢ ᠨᠢᠭᠡ ᠵᠦᠢᠯ ᠤᠨ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠥᠨ᠃ ᠤᠯᠠᠮᠵᠢᠯᠠᠯᠲᠤ ᠲᠠᠷᠢᠶᠠᠯᠠᠩ ᠤᠨ ᠲᠠᠷᠢᠮᠠᠯ ᠤᠨ ᠪᠦᠲᠦᠴᠡ ᠳᠤ ᠠᠮᠤ ᠪᠤᠳᠠᠭᠠᠨ ᠤ ᠲᠠᠷᠢᠮᠠᠯ ᠢᠶᠠᠷ ᠭᠤᠤᠯ ᠪᠣᠯᠭᠠᠭᠰᠠᠨ ᠵᠠᠭᠪᠤᠷ ᠨᠢ ᠡᠳᠦᠷ ᠢᠷᠡᠬᠦᠶ᠎ᠡ ᠬᠢᠵᠠᠭᠠᠷᠯᠠᠭᠳᠠᠬᠤ ᠴᠢᠨᠠᠷ ᠲᠠᠢ ᠪᠣᠯᠵᠤ᠂ ᠢᠯᠠᠩᠭᠤᠶ᠎ᠠ ᠲᠡᠵᠢᠭᠡᠯ ᠪᠣᠷᠳᠣᠭᠠᠨ ᠤ ᠲᠠᠷᠢᠮᠠᠯ ᠤᠨ ᠬᠠᠩᠭᠠᠯᠭ᠎ᠠ ᠬᠦᠷᠦᠯᠴᠡᠬᠦ ᠦᠭᠡᠢ᠂ ᠮᠠᠯ ᠠᠵᠤ ᠠᠬᠤᠶ ᠶᠢᠨ ᠬᠥᠭᠵᠢᠯᠲᠡ ᠬᠢᠵᠠᠭᠠᠷᠯᠠᠭᠳᠠᠭᠰᠠᠨ ᠠᠬᠤᠶ ᠪᠠᠶᠢᠳᠠᠯ ᠳᠣᠤᠷ᠎ᠠ᠂ ᠲᠥᠪ ᠠᠴᠠ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠭᠰᠠᠨ ᠪᠠᠶᠢᠨ᠎ᠠ ᠂ ᠡᠨᠡ ᠬᠦ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠨᠢ ᠲᠠᠷᠢᠶᠠᠨ ᠭᠠᠵᠠᠷ ᠢ ᠠᠰᠢᠭᠯᠠᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠵᠦ᠂ ᠤᠤᠯ ᠤᠨ ᠠᠮᠤ ᠪᠤᠳᠠᠭᠠᠨ ᠤ ᠲᠠᠷᠢᠮᠠᠯ ᠲᠠᠷᠢᠬᠤ ᠳᠤ ᠬᠡᠷᠡᠭᠯᠡᠬᠦ ᠬᠡᠰᠡᠭ ᠲᠠᠷᠢᠶᠠᠨ ᠭᠠᠵᠠᠷ ᠢ ᠬᠥᠬᠡ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠨᠣᠬᠠᠶ ᠶᠢᠨ ᠬᠤᠰᠢᠭᠤ ᠵᠡᠷᠭᠡ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠣᠭᠠᠨ ᠤ ᠲᠠᠷᠢᠮᠠᠯ ᠲᠠᠷᠢᠬᠤ ᠲᠡᠶᠢᠰᠢ ᠰᠢᠯᠵᠢᠭᠦᠯᠵᠦ᠂ ᠮᠠᠯ ᠠᠵᠤ ᠠᠬᠤᠶ ᠶᠢᠨ ᠴᠢᠨᠠᠷ ᠰᠠᠶᠢᠲᠠᠶ ᠲᠡᠵᠢᠭᠡᠯ ᠪᠣᠷᠳᠣᠭᠠᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠪᠣᠯᠪᠠ ᠃ 2024 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠠᠵᠢᠯ ᠤᠨ ᠲᠥᠰᠦᠯ ᠢ ᠣᠨᠴᠠᠭᠠᠶᠢᠯᠠᠨ ᠲᠣᠭᠲᠠᠭᠠᠭᠰᠠᠨ ᠪᠠᠶᠢᠨ᠎ᠠ ᠃    ᠬᠤᠶᠠᠷ᠂ ᠲᠥᠷᠥ ᠶᠢᠨ ᠪᠣᠳᠣᠯᠭ᠎ᠠ ᠲᠣᠭᠲᠠᠭᠠᠭᠰᠠᠨ ᠦᠨᠳᠦᠰᠦᠯᠡᠯ    ᠪᠣᠳᠠᠲᠠᠢ ᠪᠠᠷ ᠠᠪᠴᠤ ᠬᠡᠯᠡᠪᠡᠯ᠂ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥ ᠶᠢᠨ ᠪᠣᠳᠣᠯᠭ᠎ᠠ ᠶᠢᠨ ᠳᠤᠷᠠᠳᠤᠯᠲᠠ ᠶᠢ 2015 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ  ᠬᠦᠷᠲᠡᠯ᠎ᠡ ᠮᠥᠷᠳᠡᠵᠦ ᠪᠣᠯᠣᠨ᠎ᠠ ᠂ ᠲᠣᠰ ᠪᠢᠴᠢᠭ ᠮᠠᠲ᠋ᠧᠷᠢᠶᠠᠯ ᠳᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠠᠵᠢᠯ ᠤᠨ ᠴᠢᠬᠤᠯᠠ ᠴᠢᠨᠠᠷ ᠢ ᠲᠣᠳᠣᠷᠬᠠᠶ ᠳᠤᠷᠠᠳᠤᠨ ᠭᠠᠷᠭᠠᠵᠤ᠂ ᠲᠠᠷᠢᠮᠠᠯ ᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠡᠷᠳᠡᠨᠢ ᠰᠢᠰᠢ ᠵᠡᠷᠭᠡ ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠢ ᠶᠢ ᠪᠠᠭᠠᠰᠬᠠᠵᠤ᠂ ᠴᠢᠨᠠᠷ ᠰᠠᠶᠢᠲᠠᠢ ᠲᠡᠵᠢᠭᠡᠯ ᠡᠪᠡᠰᠦ ᠵᠡᠷᠭᠡ ᠲᠡᠵᠢᠭᠡᠯ ᠪᠣᠷᠳᠣᠭᠠᠨ ᠤ ᠲᠠᠷᠢᠮᠠᠯ ᠤᠨ ᠲᠠᠷᠢᠬᠤ ᠲᠠᠯᠠᠪᠠᠢ ᠶᠢ ᠨᠡᠮᠡᠭᠳᠡᠭᠦᠯᠬᠦ ᠶᠢᠨ ᠲᠥᠯᠥᠭᠡ ᠶᠤᠮ᠃ ᠡᠭᠦᠨ ᠠᠴᠠ ᠰᠡᠭᠦᠯᠡᠷ  ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠪᠡ᠂ ᠵᠢᠱᠢᠶᠡᠯᠡᠪᠡᠯ ︽ᠠᠷᠪᠠᠨ ᠳᠥᠷᠪᠡᠳᠦᠭᠡᠷ ᠲᠠᠪᠤᠨ ᠵᠢᠯ ᠤᠨ ᠪᠥᠬᠦ ᠤᠯᠤᠰ ᠤᠨ ᠲᠡᠵᠢᠭᠡᠯ ᠡᠪᠡᠰᠦ ᠪᠣᠷᠳᠣᠭᠠᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠵᠡᠷᠭᠡ ᠨᠢ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠢ ᠳᠡᠯᠭᠡᠷᠡᠭᠦᠯᠦᠨ ᠬᠡᠷᠡᠭᠵᠢᠭᠦᠯᠬᠦ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠲᠦᠷᠢᠮ ᠤᠨ ᠪᠠᠲᠤᠯᠠᠭ᠎ᠠ ᠬᠠᠩᠭᠠᠵᠤ᠂ ᠮᠠᠨ ᠤ ᠲᠤᠭᠤᠷᠢᠭ ᠤᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠠᠵᠢᠯ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠲᠣᠭᠲᠠᠭᠠᠪᠠ᠃    ᠭᠤᠷᠪᠠ᠂ ᠰᠤᠳᠤᠯᠤᠨ ᠮᠠᠭᠠᠳᠯᠠᠭᠰᠠᠨ ᠶᠠᠪᠤᠴᠠ    ᠮᠠᠨ ᠤ ᠲᠤᠭᠤᠷᠢᠭ ᠤᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠲᠦᠷᠦᠭᠦᠯᠡᠨ᠂ ᠬᠢᠨᠠᠮᠠᠭᠠᠶ ᠰᠤᠳᠤᠯᠤᠨ ᠵᠠᠰᠠᠪᠤᠷᠢ ᠣᠷᠣᠭᠤᠯᠬᠤ ᠪᠠᠷ ᠳᠡᠮᠵᠢᠨ᠂ ᠥᠷᠭᠡᠨ ᠢᠶᠠᠷ ᠰᠠᠨᠠᠯ ᠬᠤᠷᠢᠶᠠᠵᠤ᠂ ᠵᠢᠦ ᠶᠤᠸᠠᠨ ᠲᠣᠭᠤᠷᠢᠭ ᠤᠨ 2024 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠤᠨ ᠠᠵᠢᠯ ᠤᠨ ᠲᠥᠰᠦᠯ ᠤᠨ ᠡᠬᠡ ᠨᠣᠤᠷᠠᠭ ᠢ ᠪᠣᠶ ᠪᠣᠯᠭᠠᠵᠤ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠪᠠᠭᠤᠯᠭᠠᠭᠰᠠᠨ ᠨᠥᠬᠦᠪᠥᠷᠢ ᠪᠠᠯᠠ ᠮᠥᠩᠭᠦ ᠶᠢ ᠦᠨᠳᠦᠰᠦᠯᠡᠨ᠂ ᠪᠠᠯᠠ ᠮᠥᠩᠭᠦ ᠶᠢ ᠭᠦᠢᠴᠡᠳ ᠲᠤᠭ᠎ᠠ ᠪᠠᠷ ᠲᠣᠬᠢᠷᠠᠭᠤᠯᠬᠤ ᠶᠢᠨ ᠬᠠᠮᠲᠤ ᠴᠠᠭ ᠲᠤᠬᠠᠶ ᠳᠤ ᠨᠢ ᠰᠠᠯᠭᠠᠨ ᠥᠭᠴᠦ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠵᠢᠴᠢ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠢᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠠᠵᠢᠯ ᠤᠨ ᠤᠬᠠᠭᠤᠯᠭ᠎ᠠ᠂ ᠬᠢᠨᠠᠨ ᠵᠢᠯᠤᠭᠤᠳᠤᠯᠭ᠎ᠠ ᠂ ᠬᠡᠮᠵᠢᠯᠲᠡ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ᠬᠠᠮᠲᠤ ᠪᠠᠷ ᠥᠷᠨᠢᠭᠦᠯᠪᠡ ᠃    ᠳᠥᠷᠪᠡ᠂ ᠠᠵᠢᠯ ᠤᠨ ᠠᠷᠭ᠎ᠠ ᠬᠡᠮᠵᠢᠶ᠎ᠡ    ︵ᠨᠢᠭᠡ︶ ᠨᠦᠬᠦᠪᠦᠷᠢ ᠬᠦᠷᠳᠡᠬᠦ ᠡᠳᠡᠭᠡᠳ ᠂ ᠬᠡᠪᠴᠢᠶ᠎ᠡ ᠂ ᠪᠠᠷᠢᠮᠵᠢᠶ᠎ᠡ    1. ᠨᠥᠬᠦᠪᠥᠷᠢ ᠬᠦᠷᠲᠡᠬᠦ ᠡᠲᠡᠭᠡᠳ᠄ ᠲᠡᠵᠢᠭᠡᠨ ᠦᠷᠡᠵᠢᠭᠦᠯᠬᠦ ᠲᠠᠯᠠᠪᠠᠶ᠂ ᠠᠵᠤ ᠠᠬᠤᠶᠢᠯᠠᠯ᠂ ᠬᠤᠷᠰᠢᠶᠠᠵᠢᠯ ᠭᠠᠭᠴᠠ ᠨᠢᠭᠡᠴᠢ ᠪᠠᠷ ᠢᠶᠠᠨ ᠠᠯᠠᠰᠢᠨ ᠦᠬᠡᠷ 50 ᠠᠴᠠ ᠳᠡᠭᠡᠭᠰᠢ᠂ ᠠᠯᠠᠰᠢᠨ ᠬᠤᠨᠢ 100 ᠠᠴᠠ ᠳᠡᠭᠡᠭᠰᠢ ᠪᠠᠶᠢᠬᠤ ᠪᠤᠶᠤ ᠪᠤᠰᠤᠳ ᠨᠡᠯᠢᠶᠡᠳ ᠶᠡᠭᠡ ᠬᠡᠪᠴᠢᠶᠡᠨ ᠤ ᠬᠥᠬᠡ ᠳᠠᠷᠤᠰᠢ ᠶᠢᠨ ᠡᠷᠳᠡᠨᠢ ᠰᠢᠰᠢ ᠶᠢ ᠬᠤᠷᠢᠶᠠᠨ ᠬᠠᠳᠠᠭᠠᠯᠠᠵᠤ ᠰᠢᠩᠭᠡᠭᠡᠬᠦ ᠴᠢᠳᠠᠪᠤᠷᠢ ᠲᠠᠢ ᠡᠵᠡᠩᠨᠡᠯᠲᠡ ᠶᠢᠨ ᠭᠤᠤᠯ ᠴᠣᠭᠴᠠ᠃    2. ᠨᠥᠬᠦᠪᠥᠷᠢ ᠶᠢᠨ ᠬᠡᠪᠴᠢᠶ᠎ᠡ᠄ ᠵᠢᠦ ᠶᠤᠸᠠᠨ ᠲᠣᠭᠤᠷᠢᠭ ᠤᠨ ᠬᠠᠷᠢᠶ᠎ᠠ ᠣᠷᠣᠨ ᠳᠠᠬᠢ ︽ᠤᠷᠢᠳ ᠢᠶᠠᠷ ᠬᠠᠳᠠᠭᠠᠯᠠᠵᠤ ᠳᠠᠷᠠᠭ᠎ᠠ ᠨᠢ ᠨᠦᠬᠦᠪᠦᠷᠢᠯᠡᠭᠰᠡᠨ ︾ ᠠᠯᠠᠰᠢᠨ ᠦᠬᠡᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ᠂ ᠠᠵᠤ ᠠᠬᠤᠶᠢᠯᠠᠯ᠂ ᠬᠤᠷᠰᠢᠶᠠᠵᠢᠯ ︶    3. ᠨᠥᠬᠦᠪᠥᠷᠢ ᠶᠢᠨ ᠪᠠᠷᠢᠮᠵᠢᠶ᠎ᠠ᠄ ᠬᠥᠬᠡ ᠳᠠᠷᠤᠰᠢ ᠶᠢᠨ ᠡᠷᠳᠡᠨᠢ ᠰᠢᠰᠢ ᠶᠢᠨ ᠨᠥᠭᠡᠴᠡ ᠳᠤ ᠲᠣᠨ ᠪᠦᠷᠢ ᠳᠤ 50 ᠲᠥᠭᠦᠷᠢᠭ ᠨᠥᠬᠦᠪᠥᠷᠢᠯᠡᠨ᠎ᠡ᠃    ︵ᠬᠤᠶᠠᠷ︶ ᠭᠤᠶᠤᠴᠢᠯᠠᠬᠤ ᠶᠠᠪᠤᠴᠠ    1. ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠨᠢ ᠬᠠᠷᠢᠶ᠎ᠠ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠤᠶᠤᠴᠢᠯᠠᠨ ᠮᠡᠳᠡᠭᠦᠯᠦᠨ᠎ᠡ᠃    2. ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠲᠤᠬᠠᠶ ᠶᠢᠨ ᠭᠠᠵᠠᠷ ᠲᠤ ᠬᠡᠮᠵᠢᠨ ᠬᠤᠷᠢᠶᠠᠩᠭᠤᠶᠢᠯᠠᠨ᠎ᠠ ᠃    3. ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠪᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠠᠷᠢᠴᠠᠯ ᠶᠣᠰᠣᠭᠠᠷ ᠥᠯᠢᠭᠡᠷ ᠠᠪᠴᠤ ᠬᠠᠷᠭᠤᠭᠤᠯᠤᠨ ᠪᠠᠶᠢᠴᠠᠭᠠᠨ᠎ᠠ᠃    4. ᠨᠥᠬᠦᠪᠥᠷᠢ ᠶᠢᠨ ᠪᠡᠯᠡ ᠮᠥᠩᠭᠦ ᠶᠢ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠠᠭᠤᠯᠭᠠᠨ᠎ᠠ᠃    5. ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠥᠬᠦᠪᠥᠷᠢ ᠶᠢᠨ ᠪᠡᠯᠡ ᠮᠥᠩᠭᠦ ᠶᠢ ᠲᠠᠷᠬᠠᠭᠠᠨ᠎ᠠ ᠃    ︵ᠭᠤᠷᠪᠠ︶ ᠬᠤᠷᠢᠶᠠᠭᠰᠠᠨ ᠬᠠᠳᠠᠭᠠᠯᠠᠭᠳᠠᠴᠠ ᠶᠢᠨ ᠮᠠᠭᠠᠳᠯᠠᠯ    1. ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠬᠥᠬᠡ ᠳᠠᠷᠤᠰᠢ ᠬᠠᠳᠠᠭᠠᠯᠠᠭᠰᠠᠨ ᠥᠮᠴᠢᠲᠡᠨ ᠤ ᠳᠠᠷᠤᠰᠢᠭᠤᠯᠤᠭᠰᠠᠨ ᠵᠣᠭᠤᠷᠢ ᠳᠤ ᠵᠤᠭᠤᠷᠢ ᠪᠠᠨ ᠪᠢᠲᠡᠭᠦᠮᠵᠢᠯᠡᠬᠦ ᠠᠴᠠ ᠡᠮᠦᠨ᠎ᠡ ᠵᠣᠭᠤᠷᠢ ᠶᠢᠨ ᠡᠵᠡᠯᠡᠭᠦᠨ ᠳᠤ ᠬᠡᠮᠵᠢᠯᠲᠡ ᠬᠢᠬᠦ ᠶᠢᠨ ᠬᠠᠮᠲᠤ ᠬᠠᠮᠢᠶ᠎ᠠ ᠪᠥᠬᠦᠶ ᠵᠢᠷᠤᠭ ᠳᠦᠷᠰᠦ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠨ᠎ᠠ᠃ ᠪᠣᠳᠠᠲᠠᠶ ᠬᠤᠷᠢᠶᠠᠭᠰᠠᠨ ᠬᠠᠳᠠᠭᠠᠯᠠᠭᠳᠠᠴᠠ ᠶᠢ ᠬᠥᠬᠡ ᠳᠠᠷᠤᠰᠢ ᠶᠢᠨ ᠬᠤᠷᠢᠶᠠᠨ ᠬᠠᠳᠠᠭᠠᠯᠠᠭᠰᠠᠨ ᠡᠵᠡᠯᠡᠬᠦᠨ ᠤ ᠶᠣᠰᠣᠭᠠᠷ ᠮᠠᠭᠠᠳᠯᠠᠨ ᠲᠣᠭᠲᠠᠭᠠᠨ᠎ᠠ᠄ ᠬᠤᠷᠢᠶᠠᠨ ᠬᠠᠳᠠᠭᠠᠯᠠᠭᠰᠠᠨ ᠡᠵᠡᠯᠡᠬᠦᠨ ᠨᠢ 150 ᠪᠣᠰᠤᠭ᠎ᠠ ᠳᠥᠷᠪᠡᠯᠵᠢᠨ ᠮᠧᠲᠷ ᠠᠴᠠ ᠪᠠᠭ᠎ᠠ ᠪᠠᠶᠢᠪᠠᠯ᠂ ᠪᠣᠰᠤᠭ᠎ᠠ ᠳᠥᠷᠪᠡᠯᠵᠢᠨ ᠮᠧᠲᠷ ᠪᠦᠷᠢ ᠶᠢ 0.65 ᠲᠣᠨ ᠢᠶᠠᠷ ᠨᠤᠭᠤᠯᠤᠨ ᠪᠤᠳᠤᠨ᠎ᠠ︔ ᠬᠤᠷᠢᠶᠠᠨ ᠬᠠᠳᠠᠭᠠᠯᠠᠭᠰᠠᠨ ᠡᠵᠡᠯᠡᠬᠦᠨ ᠨᠢ150 ᠪᠣᠰᠤᠭ᠎ᠠ ᠳᠥᠷᠪᠡᠯᠵᠢᠨ ᠮᠧᠲᠷ ᠠᠴᠠ ᠶᠡᠭᠡ ᠪᠣᠶᠤ ᠲᠡᠩᠴᠡᠭᠰᠡᠨ ᠂ 300 ᠪᠣᠰᠤᠭ᠎ᠠ ᠳᠥᠷᠪᠡᠯᠵᠢᠨ ᠮᠧᠲᠷ ᠠᠴᠠ ᠪᠠᠭ᠎ᠠ ᠪᠠᠶᠢᠪᠠᠯ ᠂ ᠪᠣᠰᠤᠭ᠎ᠠ ᠳᠥᠷᠪᠡᠯᠵᠢᠨ ᠮᠧᠲᠷ ᠪᠦᠷᠢ ᠶᠢ 0.7 ᠲᠣᠨ ᠢᠶᠠᠷ ᠨᠤᠭᠤᠯᠤᠨ ᠪᠤᠳᠤᠨ᠎ᠠ︔ ᠬᠤᠷᠢᠶᠠᠨ ᠬᠠᠳᠠᠭᠠᠯᠠᠭᠰᠠᠨ ᠡᠵᠡᠯᠡᠬᠦᠨ ᠨᠢ 300 ᠪᠣᠰᠤᠭ᠎ᠠ ᠳᠥᠷᠪᠡᠯᠵᠢᠨ ᠮᠧᠲᠷ ᠠᠴᠠ ᠶᠡᠭᠡ ᠪᠤᠶᠤ ᠲᠡᠩᠴᠡᠭᠰᠡᠨ ᠂ 550 ᠪᠣᠰᠤᠭ᠎ᠠ ᠳᠥᠷᠪᠡᠯᠵᠢᠨ ᠮᠧᠲᠷ ᠠᠴᠠ ᠪᠠᠭ᠎ᠠ ᠪᠠᠶᠢᠪᠠᠯ ᠂ ᠪᠣᠰᠤᠭ᠎ᠠ ᠳᠥᠷᠪᠡᠯᠵᠢᠨ ᠮᠧᠲᠷ ᠪᠦᠷᠢ ᠶᠢ 0.75 ᠲᠣᠨ ᠢᠶᠠᠷ ᠨᠤᠭᠤᠯᠤᠨ ᠪᠤᠳᠤᠨ᠎ᠠ︔ ᠬᠤᠷᠢᠶᠠᠨ ᠬᠠᠳᠠᠭᠠᠯᠠᠭᠰᠠᠨ ᠡᠵᠡᠯᠡᠬᠦᠨ ᠨᠢ 550 ᠪᠣᠰᠤᠭ᠎ᠠ ᠳᠥᠷᠪᠡᠯᠵᠢᠨ ᠮᠧᠲᠷ ᠠᠴᠠ ᠶᠡᠭᠡ ᠪᠣᠶᠤ ᠲᠡᠩᠴᠡᠭᠰᠡᠨ ᠪᠠᠶᠢᠪᠠᠯ ᠂ ᠪᠣᠰᠤᠭ᠎ᠠ ᠳᠥᠷᠪᠡᠯᠵᠢᠨ ᠮᠧᠲᠷ ᠪᠦᠷᠢ ᠶᠢ 0.8 ᠲᠣᠨ ᠢᠶᠠᠷ ᠨᠤᠭᠤᠯᠤᠨ ᠪᠤᠳᠤᠨ᠎ᠠ ᠃ ᠬᠥᠬᠡ ᠳᠠᠷᠤᠰᠢ ᠶᠢᠨ ᠵᠣᠭᠤᠷᠢ ᠶᠢᠨ ᠡᠵᠡᠯᠡᠬᠦᠨ ᠢ ᠬᠥᠬᠡ ᠳᠠᠷᠤᠰᠢ ᠶᠢ ᠳᠠᠷᠤᠬᠤ ᠠᠴᠠ ᠡᠮᠦᠨ᠎ᠡ ᠬᠡᠮᠵᠢᠯᠲᠡ ᠬᠢᠵᠦ᠂ ᠳᠠᠷᠤᠰᠢᠭᠤᠯᠤᠭᠰᠠᠨ ᠤ ᠳᠠᠷᠠᠭ᠎ᠠ ᠲᠤᠬᠠᠶ ᠶᠢᠨ ᠭᠠᠵᠠᠷ ᠲᠤ ᠨᠢ ᠬᠥᠬᠡ ᠳᠠᠷᠤᠰᠢ ᠶᠢᠨ ᠡᠵᠡᠯᠡᠬᠦᠨ ᠢ ᠬᠡᠮᠵᠢᠨ ᠬᠤᠷᠢᠶᠠᠨ ᠬᠠᠳᠠᠭᠠᠯᠠᠭᠰᠠᠨ ᠬᠥᠬᠡ ᠳᠠᠷᠤᠰᠢ ᠶᠢᠨ ᠡᠵᠡᠯᠡᠬᠦᠨ ᠢ ᠲᠣᠭᠲᠠᠭᠠᠨ᠎ᠠ᠃    2. ᠳᠠᠷᠤᠰᠢ ᠬᠠᠳᠠᠭᠠᠯᠠᠬᠤ ᠥᠮᠴᠢᠲᠡᠨ ᠥᠪᠡᠷ ᠤᠨ ᠲᠡᠵᠢᠭᠡᠯ ᠪᠣᠷᠳᠣᠭᠠᠨ ᠤ ᠭᠠᠵᠠᠷ ᠪᠤᠶᠤ ᠲᠡᠵᠢᠭᠡᠯ ᠪᠣᠷᠳᠣᠭᠠᠨ ᠤ ᠭᠠᠵᠠᠷ ᠢᠶᠠᠨ ᠰᠢᠯᠵᠢᠭᠦᠯᠦᠨ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠬᠤ ᠳᠤ ᠭᠠᠵᠠᠷ ᠰᠢᠷᠣᠶ ᠶᠢᠨ ᠥᠮᠴᠢᠯᠡᠯ ᠤᠨ ᠡᠷᠬᠡ ᠶᠢᠨ ᠭᠡᠷᠡᠴᠢ ᠪᠤᠶᠤ ᠭᠡᠷ᠎ᠡ ᠶᠢ ᠬᠠᠩᠭᠠᠬᠤ ᠬᠡᠷᠡᠭᠲᠡᠶ︔ ᠳᠠᠷᠤᠰᠢ ᠬᠠᠳᠠᠭᠠᠯᠠᠬᠤ ᠥᠮᠴᠢᠲᠡᠨ ᠲᠠᠷᠢᠶᠠᠴᠢᠨ ᠡᠷᠦᠬᠡ ᠲᠠᠢ ᠵᠠᠬᠢᠶᠠᠯᠠᠭ᠎ᠠ ᠪᠠᠷ ᠬᠤᠳᠠᠯᠳᠤᠨ ᠠᠪᠴᠤ᠂ ᠬᠤᠳᠠᠯᠳᠤᠨ ᠠᠪᠤᠭᠰᠠᠨ ᠪᠠᠷᠢᠮᠲᠠ᠂ ᠬᠤᠳᠠᠯᠳᠤᠨ ᠠᠪᠬᠤ ᠭᠡᠷ᠎ᠡ ᠪᠠᠨ ᠬᠠᠩᠭᠠᠬᠤ ᠬᠡᠷᠡᠭᠲᠡᠶ︔ ᠬᠤᠳᠠᠯᠳᠤᠨ ᠠᠪᠬᠤ ᠥᠮᠴᠢᠲᠡᠨ ᠲᠠᠷᠢᠶᠠᠴᠢᠨ ᠡᠷᠦᠬᠡ ᠶᠢᠨ ᠬᠦᠬᠡ ᠳᠠᠷᠤᠰᠢ ᠶᠢᠨ ᠡᠷᠳᠡᠨᠢ ᠰᠢᠰᠢ ᠶᠢ ᠰᠢᠭᠤᠳ ᠬᠤᠳᠠᠯᠳᠤᠨ ᠠᠪᠬᠤ ᠳᠤ ᠬᠥᠬᠡ ᠳᠠᠷᠤᠰᠢ ᠶᠢᠨ ᠡᠷᠳᠡᠨᠢ ᠰᠢᠰᠢ ᠬᠤᠳᠠᠯᠳᠤᠨ ᠠᠪᠤᠭᠰᠠᠨ ᠭᠡᠷᠡᠴᠢ ᠮᠠᠲ᠋ᠧᠷᠢᠶᠠᠯ ︵ᠵᠢᠱᠢᠶᠡᠯᠡᠪᠡᠯ ᠲᠠᠰᠤᠯᠪᠤᠷᠢ᠂  ᠵᠢᠩᠯᠡᠭᠰᠡᠨ ᠪᠠᠷᠢᠮᠲᠠ ᠵᠡᠷᠭᠡ︶ ᠢ ᠬᠠᠩᠭᠠᠨ᠎ᠠ᠃    ︵ᠲᠦᠷᠪᠡ︶ ᠬᠠᠳᠠᠭᠠᠯᠠᠭᠳᠠᠴᠠ ᠶᠢ ᠳᠡᠭᠡᠭᠰᠢ ᠮᠡᠳᠡᠭᠦᠯᠬᠦ᠂ ᠬᠢᠨᠠᠨ ᠪᠠᠶᠢᠴᠠᠭᠠᠬᠤ    ᠰᠤᠮᠤ ᠪᠠᠯᠭᠠᠰᠤ ᠪᠠᠷ ᠨᠢᠭᠡᠴᠢᠯᠡᠵᠦ᠂ ᠠᠯᠠᠰᠢᠨ ᠦᠬᠡᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠥᠬᠡ ᠳᠠᠷᠤᠰᠢ ᠶᠢᠨ ᠵᠣᠭᠤᠷᠢ ᠶᠢ ᠬᠢᠨᠠᠨ ᠬᠠᠷᠭᠤᠭᠤᠯᠵᠤ᠂ ᠳᠡᠩᠰᠡᠯᠡᠨ ᠲᠡᠮᠳᠡᠭᠯᠡᠵᠦ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ᠂ ᠠᠯᠠᠰᠢᠨ ᠦᠬᠡᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢᠨ ᠡᠵᠡᠩᠨᠡᠭᠴᠢ ᠪᠠᠷ ᠭᠠᠷ ᠤᠨ ᠥᠰᠥᠭ ᠵᠢᠷᠤᠭᠤᠯᠵᠤ ᠲᠠᠮᠠᠭ᠎ᠠ ᠳᠠᠷᠤᠭᠤᠯᠤᠭᠰᠠᠨ ᠤ ᠳᠠᠷᠠᠭ᠎ᠠ᠂ ᠰᠤᠮᠤ ᠪᠠᠯᠭᠠᠰᠤᠨ ᠤ ᠵᠠᠰᠠᠭ ᠤᠨ ᠣᠷᠳᠣᠨ ᠬᠤᠷᠢᠶᠠᠩᠭᠤᠶᠢᠯᠠᠨ ᠲᠠᠮᠠᠭ᠎ᠠ ᠳᠠᠷᠤᠭᠰᠠᠨ ᠤ ᠳᠠᠷᠠᠭ᠎ᠠ ᠲᠣᠪᠴᠢᠶᠠᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠳᠤ ᠮᠡᠳᠡᠭᠦᠯᠵᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠠᠴᠠ ᠰᠤᠮᠤ ᠪᠠᠯᠭᠠᠰᠤᠨ ᠤ ᠳᠡᠭᠡᠭᠰᠢ ᠮᠡᠳᠡᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢ 20% ᠠᠴᠠ ᠳᠡᠭᠡᠭᠰᠢ ᠰᠤᠭᠤᠴᠢᠨ ᠪᠠᠶᠢᠴᠠᠭᠠᠵᠤ ᠬᠢᠨᠠᠨ ᠬᠠᠷᠭᠤᠭᠤᠯᠤᠨ᠎ᠠ ᠃    ᠳᠡᠭᠡᠷᠡᠬᠢ ᠨᠤᠲᠠᠯᠠᠯᠲᠠ ᠶᠢᠨ ᠮᠠᠲ᠋ᠧᠷᠢᠶᠠᠯ ᠢ ᠲᠣᠰ ᠲᠣᠰ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠰᠤᠮᠤ ᠪᠠᠯᠭᠠᠰᠤ ᠪᠠ ᠨᠥᠬᠦᠪᠥᠷᠢ ᠬᠦᠷᠲᠡᠬᠦ ᠡᠲᠡᠭᠡᠳ ᠲᠤ ᠦᠯᠡᠳᠡᠭᠡᠨ ᠬᠠᠳᠠᠭᠠᠯᠠᠵᠤ ᠳᠠᠩᠰᠠᠯᠠᠭᠤᠯᠤᠨ᠎ᠠ᠃    ︵ᠲᠠᠪᠤ︶ ᠨᠥᠬᠦᠪᠥᠷᠢ ᠶᠢᠨ ᠪᠡᠯᠡ ᠮᠥᠩᠭᠦ ᠶᠢᠨ ᠣᠯᠭᠤᠬᠤ ᠶᠠᠪᠤᠴᠠ    ᠨᠥᠬᠦᠪᠥᠷᠢ ᠶᠢᠨ ᠪᠠᠯᠠ ᠮᠥᠩᠭᠦ ᠶᠢ ᠣᠯᠭᠤᠬᠤ ᠳᠤ ︽ᠤᠷᠢᠳ ᠢᠶᠠᠷ ᠬᠠᠳᠠᠭᠠᠯᠠᠵᠤ ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠮᠠᠶ᠋ᠢᠭ ᠢ ᠠᠪᠴᠤ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠠᠴᠠ ᠭᠤᠶᠤᠴᠢᠯᠠᠨ ᠮᠡᠳᠡᠭᠦᠯᠦᠭᠰᠡᠨ ᠡᠲᠡᠭᠡᠳ ᠢ ᠠᠩᠬ᠎ᠠ ᠠᠯᠬᠤᠮ ᠬᠢᠨᠠᠨ ᠬᠠᠷᠭᠤᠭᠤᠯᠵᠤ᠂ ᠠᠩᠬᠠᠨ ᠤ ᠬᠢᠨᠠᠯᠲᠠ ᠶᠢ ᠪᠠᠲᠤᠯᠠᠭᠰᠠᠨ ᠤ ᠳᠠᠷᠠᠭ᠎ᠠ᠂ ᠲᠤᠰᠬᠠᠶ ᠬᠥᠮᠦᠨ ᠲᠣᠮᠢᠯᠠᠨ ᠬᠥᠬᠡ ᠳᠠᠷᠤᠰᠢ ᠶᠢᠨ ᠡᠷᠳᠡᠨᠢ ᠰᠢᠰᠢ ᠶᠢᠨ ᠬᠠᠳᠠᠭᠠᠯᠠᠭᠳᠠᠴᠠ ᠶᠢ ᠬᠢᠨᠠᠨ ᠲᠣᠭᠲᠠᠭᠠᠵᠤ᠂ ᠬᠤᠷᠢᠶᠠᠨ ᠬᠠᠳᠠᠭᠠᠯᠠᠬᠤ ᠥᠮᠴᠢᠲᠡᠨ᠂ ᠨᠥᠬᠦᠪᠥᠷᠢ ᠶᠢᠨ ᠬᠡᠮᠵᠢᠶ᠎ᠡ᠂ ᠨᠥᠬᠦᠪᠥᠷᠢ ᠶᠢᠨ ᠲᠤᠭ᠎ᠠ ᠵᠡᠷᠭᠡ ᠶᠢ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠶᠢ 5 ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ ᠵᠠᠷᠯᠠᠨ ᠨᠡᠶᠢᠲᠡᠯᠡᠭᠰᠡᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ᠪᠠᠶᠢᠴᠠᠭᠠᠬᠤ ᠠᠵᠢᠯᠲᠠᠨ ᠳᠠᠬᠢᠨ ᠬᠢᠨᠠᠨ ᠪᠠᠶᠢᠴᠠᠭᠠᠵᠤ ᠢᠯᠡ ᠨᠡᠶᠢᠲᠡᠯᠡᠵᠦ᠂ ᠣᠨᠳᠣᠤ ᠰᠠᠨᠠᠯ ᠥᠬᠡᠶ ᠪᠣᠯ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠠᠴᠠ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠳᠤ ᠮᠡᠳᠡᠭᠦᠯᠵᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠠᠴᠠ ᠨᠢᠭᠡᠳᠦᠯᠲᠡᠶ ᠪᠥᠬᠦ ᠣᠷᠣᠨ ᠳᠤ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠶᠢ 5 ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ᠂ ᠵᠠᠷᠯᠠᠨ ᠨᠡᠶᠢᠲᠡᠯᠡᠭᠰᠡᠨ ᠤ ᠳᠠᠷᠠᠭ᠎ᠠ ᠣᠨᠳᠣᠤ ᠰᠠᠨᠠᠯ ᠥᠬᠡᠶ ᠪᠣᠯ ᠲᠥᠷᠥᠯ ᠵᠦᠢᠯ ᠤᠨ ᠡᠯ᠎ᠡ ᠬᠤᠷᠢᠶᠠᠨ ᠬᠠᠳᠠᠭᠠᠯᠠᠬᠤ ᠥᠮᠴᠢᠲᠡᠨ ᠤ ᠬᠠᠳᠠᠭᠠᠯᠠᠭᠳᠠᠴᠠ ᠶᠢᠨ ᠶᠣᠰᠣᠭᠠᠷ ᠨᠥᠬᠦᠪᠥᠷᠢ ᠶᠢᠨ ᠪᠠᠯᠠ ᠮᠥᠩᠭᠦ ᠶᠢ ᠰᠠᠯᠭᠠᠨ ᠥᠭᠭᠦᠨ᠎ᠡ᠃ ᠲᠥᠷᠥᠯ ᠵᠦᠢᠯ ᠤᠨ ᠪᠡᠯᠡ ᠮᠥᠩᠭᠦ ᠨᠢ ᠬᠡᠷᠪᠡ ᠲᠤᠰ ᠵᠢᠯ ᠳᠤ ᠪᠠᠨ ᠦᠯᠡᠳᠡᠪᠦᠷᠢ ᠲᠠᠢ ᠪᠣᠯ ᠳᠠᠷᠠᠭ᠎ᠠ ᠵᠢᠯ ᠤᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠳᠤ ᠦᠷᠭᠦᠯᠵᠢᠯᠡᠨ ᠬᠡᠷᠡᠭᠵᠢᠭᠦᠯᠵᠦ ᠪᠣᠯᠣᠨ᠎ᠠ᠃     ᠵᠢᠦ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ    2024 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ  
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号