ᠳᠤᠮᠳᠠᠳᠤ ᠴᠠᠪᠠᠤ ᠶᠢᠨ ᠵᠦᠢᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠤᠷᠤᠭᠰᠢᠲᠠᠶ ᠣᠯᠪᠠ
ᠨᠡᠶᠢᠲᠡᠯᠡᠭᠰᠡᠨ ᠴᠠᠭ᠄
2024/9/27
    9 ᠰᠠᠷ᠎ᠠ ᠶᠢᠨ 24 ᠤ ᠡᠳᠦᠷ᠂ ᠵᠥᠩ ᠵᠢᠶᠤᠤ ︵ᠥᠪᠥᠷ ᠮᠣᠩᠭᠤᠯ︶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠦᠮᠡᠨ ᠲᠣᠨ ᠤ ᠲᠠᠰ ᠤᠨ ᠪᠦᠲ᠋ᠢᠯ ᠬᠤᠶᠠᠷᠴᠢ ᠹᠠᠯᠧᠨ ᠤ ᠨᠡᠶᠢᠯᠡᠮᠡᠯ ᠾᠯᠣᠷᠲᠤ ᠳ᠋ᠢᠩ ᠰᠢᠶᠠᠩ ᠵᠢᠶᠣᠣ ᠶᠢᠨ ᠲᠥᠷᠥᠯ ᠵᠦᠢᠯ ︽ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾ ᠢ ᠤᠯᠪᠠ᠃    ᠳᠤᠮᠳᠠᠳᠤ ᠴᠠᠪᠠᠤ ᠶᠢᠨ ᠲᠥᠷᠥᠯ ᠵᠦᠢᠯ ᠢ ᠰᠤᠳᠤᠯᠵᠤ ᠪᠣᠯᠬᠤ ᠴᠣᠬᠤᠯᠠᠪᠤᠷᠢᠯᠠᠯᠲᠠ ᠠᠴᠠ ᠨᠠᠰᠢ᠂ ᠲᠥᠷᠥᠯ ᠵᠦᠢᠯ ᠤᠨ ᠦᠢᠯᠡᠴᠢᠯᠡᠭᠡᠨ ᠤ ᠬᠡᠯᠲᠡᠰ ᠠᠴᠠ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠷᠤᠶ ᠲᠦᠷᠭᠡᠨ ᠲᠤᠰᠬᠠᠶ ᠬᠥᠮᠦᠨ ᠳᠣᠭᠢᠷᠠᠭᠤᠯᠤᠨ ᠬᠠᠷᠢᠭᠤᠴᠠᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠶᠢᠯᠠᠭᠠᠨ᠂ ᠮᠠᠲ᠋ᠧᠷᠢᠶᠠᠯ ᠴᠤᠭᠯᠠᠭᠤᠯᠬᠤ ᠶᠢ ᠵᠣᠬᠢᠶᠠᠨ ᠪᠠᠶᠢᠭᠤᠯᠵᠤ ᠂ ᠭᠠᠵᠠᠷ ᠤᠨ ᠪᠠᠶᠢᠴᠠ ᠶᠢᠨ ᠵᠢᠷᠤᠭ ᠢ ᠬᠡᠮᠵᠢᠨ ᠵᠢᠷᠤᠭᠰᠠᠨ ᠢ ᠰᠢᠯᠭᠠᠨ ᠠᠪᠬᠤ ᠠᠵᠢᠯ ᠢ ᠥᠷᠨᠢᠭᠦᠯᠵᠦ᠂  ᠭᠦᠢᠴᠡᠳᠭᠡᠬᠦ ᠴᠤᠪᠤᠷᠠᠯ ᠢ ᠵᠣᠬᠢᠴᠠᠭᠤᠯᠤᠨ ᠳᠠᠭᠠᠵᠤ᠂ ᠬᠢᠨᠠᠨ ᠵᠥᠪᠰᠢᠶᠡᠷᠡᠬᠦ ᠴᠤᠪᠤᠷᠠᠯ ᠢ ᠨᠢᠭᠲᠠ ᠳᠠᠭᠠᠵᠤ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠭᠠᠷᠳᠠᠮ ᠢ ᠤᠷᠤᠭᠰᠢᠲᠠᠶ ᠥᠩᠭᠡᠷᠡᠭᠡᠵᠦ᠂ ᠲᠥᠷᠥᠯ ᠵᠦᠢᠯ ᠤᠨ ︽ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾ ᠤᠨ ᠭᠡᠷᠡᠴᠢ ᠠᠪᠬᠤ ᠠᠵᠢᠯ ᠢ ᠥᠨᠳᠥᠷ ᠪᠦᠲᠦᠮᠵᠢᠲᠡᠶ ᠪᠡᠶᠡᠯᠡᠭᠦᠯᠪᠡ᠃    ᠲᠣᠰ ᠤᠳᠠᠭᠠᠨ ᠤ ︽ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ︾ ᠢ ᠤᠷᠤᠭᠰᠢᠲᠠᠶ ᠣᠯᠵᠤ᠂ ᠵᠥᠩ ᠵᠢᠶᠤᠤ ︵ᠥᠪᠥᠷ ᠮᠣᠩᠭᠤᠯ︶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠬᠠᠤᠯᠢ ᠶᠣᠰᠣᠭᠠᠷ ᠠᠵᠢᠯ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号