ᠠᠮᠤᠷ ᠲᠦᠪᠰᠢᠨ ᠤ ᠤᠰᠤᠯᠠᠯᠲᠠ ᠶᠢ ᠴᠢᠩᠭᠠᠳᠬᠠᠵᠤ ᠭᠡᠮ ᠰᠣᠭᠤᠭ ᠢ ᠠᠷᠢᠯᠭᠠᠨ ᠡᠯᠪᠡᠭ ᠬᠤᠷᠢᠶᠠᠯᠲᠠ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/9/4
     ᠵᠣᠨ ᠤ ᠤᠰᠤᠯᠠᠯᠲᠠ ᠶᠢᠨ ᠠᠵᠢᠯ ᠳᠠᠭᠤᠰᠤᠭᠰᠠᠨ ᠤ ᠳᠠᠷᠠᠭ᠎ᠠ᠂ ᠨᠠᠮᠤᠷ ᠤᠨ ᠤᠰᠤᠯᠠᠯᠲᠠ ᠶᠢᠨ ᠠᠵᠢᠯ ᠪᠡᠯᠡᠳᠬᠡᠯ ᠴᠠᠭ ᠦᠶ᠎ᠡ ᠳᠤ ᠣᠷᠣᠪᠠ᠃ ᠰᠡᠭᠦᠯᠴᠢ ᠶᠢᠨ ᠬᠤᠭᠤᠴᠠᠭᠠᠨ ᠤ ᠤᠰᠤᠯᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠰᠠᠨ ᠬᠤ᠋ ᠾᠧ ᠭᠤᠤᠯ ᠤᠨ ᠤᠰᠤᠯᠠᠯᠲᠠ ᠶᠢᠨ ᠣᠷᠣᠨ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠰᠤᠯᠠᠯᠲᠠ ᠶᠢᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠨᠠᠮᠤᠷ ᠤᠨ ᠤᠰᠤᠯᠠᠯᠲᠠ ᠶᠢᠨ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃
C:\Users\Administrator\Desktop\图片111.jpg
    ᠡᠯ᠎ᠡ ᠵᠦᠢᠯ ᠤᠨ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ    ᠰᠠᠨ ᠬᠤ᠋ ᠾᠧ ᠤᠰᠤᠯᠠᠯᠲᠠ ᠶᠢᠨ ᠣᠷᠣᠨ ᠳᠤ ︽ᠡᠷᠲᠡ ᠪᠠᠶᠢᠷᠢᠯᠠᠭᠤᠯᠵᠤ᠂ ᠲᠦᠷᠭᠡᠨ ᠬᠥᠳᠡᠯᠦᠯᠴᠡᠬᠦ︾ ᠵᠠᠷᠴᠢᠮ ᠢ ᠴᠢᠩᠭ᠎ᠠ ᠵᠢᠷᠤᠮᠯᠠᠨ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠬᠤ ᠠᠷᠭ᠎ᠠ ᠵᠠᠮ ᠳᠤ ᠬᠠᠭᠤᠴᠢᠷᠠᠵᠤ ᠨᠡᠪᠴᠢᠵᠦ ᠭᠤᠭᠤᠵᠢᠭᠰᠠᠨ ᠡᠰᠡᠬᠦ᠂ ᠨᠡᠭᠡᠭᠡᠵᠦ ᠬᠠᠭᠠᠭᠰᠠᠨ ᠲᠥᠬᠦᠭᠡᠷᠦᠮᠵᠢ ᠵᠢᠴᠢ ᠴᠠᠬᠢᠯᠭᠠᠨ ᠬᠠᠩᠭᠠᠬᠤ ᠴᠠᠬᠢᠯᠭᠠᠨ ᠡᠭᠦᠰᠭᠡᠭᠴᠢ ᠶᠢ ᠳᠣᠭᠢᠷᠠᠭᠤᠯᠤᠭᠰᠠᠨ ᠡᠰᠡᠬᠦ ᠵᠡᠷᠭᠡ ᠪᠠᠶᠢᠳᠠᠯ ᠢ ᠵᠣᠬᠢᠶᠠᠨ ᠪᠠᠶᠢᠭᠤᠯᠵᠤ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠮᠡᠳᠡᠬᠦ ᠭᠤᠤᠯᠳᠠᠯᠭ᠎ᠠ ᠲᠠᠢ ᠣᠷᠣᠨ ᠪᠠᠶᠢᠷᠢ ᠶᠢ ᠪᠥᠬᠦ ᠲᠠᠯ᠎ᠠ ᠪᠠᠷ ᠡᠮᠬᠢᠯᠡᠨ ᠪᠠᠶᠢᠴᠠᠭᠠᠬᠤ ᠶᠢᠨ ᠬᠠᠮᠲᠤ ᠠᠵᠢᠯ ᠤᠨ ᠡᠬᠡ ᠲᠠᠩᠰᠠ ᠶᠢ ᠪᠣᠶ ᠪᠣᠯᠭᠠᠨ᠎ᠠ᠃    ᠵᠠᠮ ᠤᠨ ᠬᠤᠭ ᠨᠣᠪᠰᠢ ᠶᠢ ᠲᠦᠢᠯᠪᠤᠷᠢᠲᠠᠢ ᠴᠡᠪᠡᠷᠯᠡᠬᠦ    ᠭᠤᠤᠯ ᠰᠤᠪᠠᠭ᠂ ᠰᠠᠯᠪᠤᠷᠢ ᠰᠤᠪᠠᠭ ᠤᠨ ᠳᠣᠲᠣᠷᠠᠬᠢ ᠪᠤᠵᠠᠷ ᠡᠪᠡᠰᠦ᠂ ᠬᠤᠭ ᠨᠣᠪᠰᠢ ᠵᠡᠷᠭᠡ ᠶᠢ ᠲᠦᠢᠯᠪᠤᠷᠢᠲᠠᠶ ᠴᠡᠪᠡᠷᠯᠡᠵᠦ᠂ ᠨᠡᠶᠢᠲᠡ 4 - 5 ᠲᠣᠨ ᠬᠤᠭ ᠨᠣᠪᠰᠢ ᠶᠢ 15 ᠺᠢᠯᠣᠮᠧᠲᠷ ᠴᠡᠪᠡᠷᠯᠡᠵᠦ᠂ 30 ᠭᠠᠷᠤᠶ ᠰᠠᠭᠤᠷᠢ ᠳᠤᠮᠳᠠ ᠵᠢᠵᠢᠭ ᠬᠡᠯᠪᠡᠷᠢ ᠶᠢᠨ ᠮᠠᠯᠲᠠᠬᠤ ᠮᠠᠰᠢᠨ ᠢ ᠰᠢᠯᠵᠢᠭᠦᠯᠦᠨ ᠬᠡᠷᠡᠭᠯᠡᠵᠦ᠂ 2 ᠰᠠᠭᠤᠷᠢ ᠲᠡᠭᠡᠭᠡᠪᠦᠷᠢ ᠶᠢᠨ ᠲᠡᠷᠭᠡ ᠬᠥᠰᠬᠡ ᠶᠢ ᠨᠠᠮᠤᠷ ᠤᠨ ᠤᠰᠤᠯᠠᠯᠲᠠ ᠶᠢᠨ ᠤᠰᠤ ᠲᠠᠯᠪᠢᠬᠤ ᠠᠴᠠ ᠡᠮᠦᠨᠡᠬᠢ ᠠᠷᠭ᠎ᠠ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃    ᠨᠠᠮᠤᠷ ᠤᠨ ᠪᠠᠶᠢᠴᠠᠭᠠᠯᠲᠠ ᠨᠠᠮᠤᠷ ᠤᠨ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠪᠡ    ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢ ᠪᠠᠶᠢᠴᠠᠭᠠᠨ ᠵᠠᠰᠠᠵᠤ ᠪᠠᠬᠢᠵᠢᠭᠦᠯᠬᠦ ᠠᠴᠠ ᠭᠠᠷᠳᠠᠵᠤ᠂ ᠤᠰᠤᠯᠠᠯᠲᠠ ᠶᠢᠨ ᠪᠠᠷᠢᠯᠭ᠎ᠠ ᠶᠢᠨ ᠲᠥᠬᠦᠭᠡᠷᠦᠮᠵᠢ ᠶᠢ ᠲᠣᠭᠤᠷᠢᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠬᠠᠰᠢᠯᠭ᠎ᠠ ᠶᠢ ᠨᠡᠪᠲᠡᠯᠬᠦ ᠬᠠᠭᠠᠯᠲᠠ ᠵᠢᠴᠢ ᠡᠷᠭᠢᠨ ᠲᠣᠭᠤᠷᠢᠨ ᠤ ᠳᠠᠭᠠᠯᠲᠠ ᠪᠠᠷᠢᠯᠭ᠎ᠠ᠂ ᠬᠥᠭᠡᠷᠭᠡ ᠶᠢᠨ ᠥᠷᠲᠡᠭᠡ᠂ ᠤᠰᠤᠨ ᠬᠠᠭᠠᠯᠲᠠ ᠶᠢ ᠨᠡᠭᠡᠭᠡᠵᠦ ᠬᠠᠭᠠᠬᠤ ᠲᠥᠬᠦᠭᠡᠷᠦᠮᠵᠢ ᠶᠢ ᠪᠠᠶᠢᠴᠠᠭᠠᠬᠤ᠂ ᠬᠥᠭᠡᠷᠭᠡ ᠶᠢᠨ ᠥᠷᠲᠡᠭᠡ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ᠂ ᠬᠥᠭᠡᠷᠭᠡ ᠶᠢᠨ ᠣᠩᠭᠤᠴᠠ ᠶᠢ ᠤᠰᠤ ᠬᠤᠭᠤᠯᠠᠢ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢ ᠪᠠᠶᠢᠴᠠᠭᠠᠬᠤ ᠪᠠ ᠰᠡᠯᠪᠢᠨ ᠵᠠᠰᠠᠬᠤ ᠵᠡᠷᠭᠡ ᠠᠮᠤᠷ ᠲᠦᠪᠰᠢᠨ ᠤ ᠠᠵᠢᠯ ᠢ ᠲᠤᠰ ᠲᠤᠰ ᠬᠢᠪᠡ᠃    ᠲᠠᠷᠠᠭᠠᠴᠢ ᠶᠢᠨ ᠠᠯᠬᠤᠮ ᠳᠤ᠂ ᠪᠢᠳᠡ ᠨᠠᠮᠤᠷ ᠤᠨ ᠤᠰᠤᠯᠠᠯᠲᠠ ᠶᠢᠨ ᠤᠰᠤ ᠲᠠᠲᠠᠬᠤ ᠪᠡᠯᠡᠳᠬᠡᠯ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠠᠭ ᠲᠤᠬᠠᠶ ᠳᠤᠨᠢ ᠰᠤᠪᠠᠭ ᠤᠨ ᠲᠦᠭᠵᠢᠷᠡᠯ ᠢ ᠬᠤᠷᠢᠭᠯᠠᠬᠤ ᠶᠢᠨ ᠬᠠᠮᠲᠤ ᠤᠰᠤᠯᠠᠯᠲᠠ ᠶᠢᠨ ᠢᠨᠵᠧᠨᠧᠷᠢᠩ ᠤᠨ ᠪᠡᠯᠡᠳᠬᠡᠮᠵᠢ ᠪᠣᠯᠤᠨ ᠰᠠᠯᠪᠤᠷᠢ ᠰᠤᠪᠠᠭ ᠤᠨ ᠨᠡᠭᠡᠯᠡᠬᠡᠶ ᠵᠡᠷᠭᠡ ᠶᠢ ᠬᠠᠮᠠᠭᠠᠯᠠᠨ ᠠᠷᠠᠴᠢᠯᠠᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ︽ᠲᠤᠰᠬᠠᠶ ᠤᠰᠤ ᠶᠢ ᠲᠤᠰᠬᠠᠶ ᠬᠡᠷᠡᠭᠯᠡᠬᠦ︾ ᠶᠢ ᠦᠨᠡᠨ ᠬᠦ ᠪᠠᠲᠤᠯᠠᠵᠤ᠂ ᠤᠰᠤ ᠬᠠᠩᠭᠠᠬᠤ᠂ ᠤᠰᠤ ᠳᠠᠮᠵᠢᠭᠤᠯᠬᠤ ᠶᠢᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠨᠠᠮᠤᠷ ᠤᠨ ᠤᠰᠤᠯᠠᠯᠲᠠ ᠶᠢᠨ ᠤᠰᠤ ᠬᠠᠩᠭᠠᠬᠤ ᠦᠢᠯᠡᠴᠢᠯᠡᠭᠡ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠨᠠᠮᠤᠷ ᠤᠨ ᠤᠰᠤᠯᠠᠯᠲᠠ ᠶᠢᠨ ᠠᠵᠢᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠶᠠᠪᠣᠭᠳᠠᠬᠤ ᠶᠢ ᠪᠠᠲᠤᠯᠠᠵᠤ᠂ ᠢᠷᠡᠬᠦ ᠵᠢᠯ ᠤᠨ ᠡᠯ᠎ᠡ ᠲᠠᠷᠢᠮᠠᠯ ᠤᠨ ᠡᠯᠪᠡᠭ ᠬᠤᠷᠢᠶᠠᠯᠲᠠ ᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号