ᠣᠯᠠᠨ ᠤ ᠤᠬᠠᠭᠠᠨ ᠢᠶᠠᠷ ᠬᠠᠮᠲᠤ ᠶᠢᠨ ᠬᠦᠴᠦᠨ ᠢᠶᠠᠷ ᠲᠣᠭᠤᠰᠣ ᠶᠢ ᠵᠠᠰᠠᠬᠤ
ᠨᠡᠶᠢᠲᠡᠯᠡᠭᠰᠡᠨ ᠴᠠᠭ᠄
2024/9/5
    ︽ᠡᠶ᠎ᠡ ᠵᠣᠬᠢᠴᠠᠯ ᠲᠠᠢ ᠴᠠᠭᠳᠠᠭᠠᠨ ᠤ ᠬᠦᠷᠢᠶᠡᠯᠡᠩ C ᠲᠣᠭᠤᠷᠢᠭ ᠤᠨ ᠬᠠᠪᠢ ᠳᠤ 200 ᠮᠧᠲᠷ ᠤᠨ ᠰᠢᠷᠣᠢ ᠲᠣᠭᠤᠰᠤ ᠳᠡᠭᠳᠡᠵᠦ ᠪᠠᠶᠢᠪᠠᠯ᠂ ᠶᠠᠭᠠᠬᠢᠪᠠᠯ ᠰᠠᠶ᠋ᠢ ᠡᠨᠡ ᠬᠦ ᠲᠣᠭᠤᠰᠣ ᠶᠢ ᠵᠠᠰᠠᠵᠤ ᠴᠢᠳᠠᠬᠤ ᠪᠣᠢ︖ ᠣᠶᠢᠷ᠎ᠠ ᠳᠤ ᠵᠢᠶᠠᠨ ᠬᠤᠸᠠ ᠭᠡᠷ ᠬᠤᠷᠢᠶᠠᠯᠠᠯ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠵᠢᠴᠢ ᠡᠷᠦᠬᠡ ᠳᠤ ᠬᠦᠷᠴᠦ ᠰᠤᠷᠪᠤᠯᠵᠢᠯᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠲᠤᠰᠬᠠᠭᠰᠠᠨ ᠲᠣᠭᠤᠰᠣ ᠳᠡᠭᠳᠡᠬᠦ ᠠᠰᠠᠭᠤᠳᠠᠯ ᠢ ᠣᠯᠠᠨ ᠤᠳᠠᠭ᠎ᠠ ᠭᠦᠯᠢᠶᠡᠨ ᠠᠪᠤᠪᠠ᠃    ᠲᠣᠰ ᠭᠤᠮᠣᠳᠠᠯ ᠱᠠᠭᠠᠷᠳᠠᠯᠭ᠎ᠠ ᠶᠢ ᠣᠯᠤᠭᠰᠠᠨ ᠤ ᠳᠠᠷᠠᠭ᠎ᠠ᠂ ᠵᠢᠶᠠᠨ ᠬᠤᠸᠠ ᠭᠡᠷ ᠬᠤᠷᠢᠶᠠᠯᠠᠯ ᠤᠨ ᠨᠠᠮ ᠤᠨ ᠶᠡᠷᠦᠩᠬᠡᠶ ᠡᠭᠦᠷ ᠨᠢ ᠵᠥᠪᠳᠡᠯᠴᠡᠨ ᠬᠡᠷᠡᠭ ᠵᠥᠪᠯᠡᠬᠦ ᠪᠠᠷ ᠭᠠᠷᠳᠠᠴᠠ ᠪᠣᠯᠭᠠᠵᠤ᠂ ︽ᠶᠡᠭᠡ ᠬᠠᠷᠠᠭ᠎ᠠ︾ ᠪᠠᠷ ᠠᠰᠠᠭᠤᠳᠠᠯ ᠢ ᠦᠵᠡᠵᠦ᠂ ︽ᠵᠢᠵᠢᠭ ᠬᠡᠰᠡᠭ︾ ᠢᠶᠠᠷ ᠠᠰᠠᠭᠤᠳᠠᠯ ᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠲᠥᠯᠥᠭᠡᠯᠡᠭᠴᠢ ᠶᠢ ᠣᠯᠠᠨ ᠤᠳᠠᠭ᠎ᠠ ᠵᠣᠬᠢᠶᠠᠨ ᠪᠠᠶᠢᠭᠤᠯᠤᠨ ᠬᠡᠷᠡᠭ ᠵᠥᠪᠯᠡᠬᠦ ᠵᠥᠪᠳᠡᠯᠴᠡᠭᠡᠨ ᠤ ᠬᠤᠷᠠᠯ ᠬᠤᠷᠠᠯᠳᠤᠭᠤᠯᠵᠤ᠂ ᠬᠠᠮᠲᠤ ᠪᠠᠷ ᠵᠥᠪᠳᠡᠯᠴᠡᠨ ᠬᠡᠷᠬᠢᠨ ᠰᠢᠢᠳᠪᠦᠷᠢᠯᠡᠬᠦ ᠲᠤᠬᠠᠶ ᠵᠥᠪᠳᠡᠯᠴᠡᠭᠰᠡᠨ ᠪᠠᠶᠢᠨ᠎ᠠ᠃    2022 ᠣᠨ ᠳᠤ᠂ ᠰᠠᠭᠤᠭᠠᠯᠢ ᠠᠷᠠᠳ ᠤᠨ ᠣᠶᠢᠷ᠎ᠠ ᠬᠠᠪᠢ ᠳᠤ ᠨᠡᠢᠲᠡ ᠶᠢᠨ ᠮᠠᠰᠢᠨ ᠲᠡᠷᠭᠡᠨ ᠤ ︽ᠶᠠᠪᠤᠵᠤ ᠰᠠᠭᠤᠬᠤ ᠳᠤ ᠬᠦᠴᠢᠷᠲᠡᠢ︾ ᠭᠡᠳᠡᠭ ᠢ ᠲᠤᠰᠭᠠᠭᠰᠠᠨ ᠪᠣᠯᠬᠤᠷ ᠵᠢᠶᠠᠨ ᠬᠤᠸᠠ ᠭᠡᠷ ᠬᠤᠷᠢᠶᠠᠯᠠᠯ ᠤᠨ ᠨᠠᠮ ᠤᠨ ᠶᠡᠷᠦᠩᠬᠡᠢ ᠡᠭᠦᠷ ᠢ ᠬᠠᠮᠲᠤ ᠪᠠᠷ ᠪᠠᠢᠭᠤᠯᠬᠤ ᠨᠢᠭᠡᠴᠡ ᠵᠢᠦ ᠶᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠲᠠᠢ ᠴᠠᠭ ᠲᠤᠬᠠᠢ ᠳᠤᠨᠢ ᠪᠤᠭᠤᠲᠤ ᠬᠤᠲᠠ ᠶᠢᠨ ᠨᠡᠢᠲᠡ ᠶᠢᠨ ᠵᠠᠮ ᠬᠠᠷᠢᠯᠴᠠᠭᠠᠨ ᠤ ᠪᠦᠯᠦᠭᠯᠡᠯ ᠲᠠᠢ ᠬᠠᠮᠲᠤ ᠭᠠᠵᠠᠷ ᠬᠥᠷᠥᠩᠭᠡ ᠶᠢᠨ ᠺᠣᠮᠫᠠᠨᠢ ᠶᠢ ᠵᠣᠬᠢᠴᠠᠭᠤᠯᠵᠤ᠂ ᠡᠶ᠎ᠡ ᠵᠣᠬᠢᠴᠠᠯᠲᠤ ᠴᠠᠭᠳᠠᠭᠠᠨ ᠬᠦᠷᠢᠶᠡᠯᠡᠩ C ᠲᠣᠭᠤᠷᠢᠭ ᠤᠨ ᠣᠶᠢᠷ᠎ᠠ ᠬᠠᠪᠢ ᠶᠢᠨ ᠬᠤᠭᠤᠰᠣᠨ ᠭᠠᠵᠠᠷ ᠢ 200 ᠮᠧᠲᠷ ᠣᠷᠴᠢᠮ ᠤᠨ ᠰᠢᠷᠣᠢ ᠪᠣᠯᠭᠠᠵᠤ ᠰᠡᠯᠪᠢᠨ ᠵᠠᠰᠠᠵᠤ᠂ ᠡᠨᠡ ᠬᠡᠰᠡᠭ ᠰᠢᠷᠥᠢ ᠶᠢᠨ ᠵᠠᠮ ᠢᠶᠠᠷ ᠨᠡᠶᠢᠲᠠ ᠶᠢᠨ ᠮᠠᠰᠢᠨ ᠲᠡᠷᠭᠡᠨ ᠤ ᠠᠩᠬᠠᠨ ᠤ ᠡᠴᠦᠰ ᠤᠨ ᠥᠷᠲᠡᠭᠡ ᠪᠣᠯᠭᠠᠵᠤ᠂ 23 ᠵᠠᠮ ᠪᠠ 44 ᠵᠠᠮ ᠤᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠨᠡᠭᠡᠭᠡᠵᠡᠢ᠃    ᠨᠡᠢᠲᠡ ᠶᠢᠨ ᠮᠠᠰᠢᠨ ᠲᠡᠷᠭᠡ ᠨᠡᠪᠲᠡᠷᠡᠭᠰᠡᠨ ᠨᠢ ᠬᠡᠳᠦᠶᠢᠪᠡᠷ ᠰᠠᠭᠤᠭᠠᠯᠢ ᠠᠷᠠᠳ ᠤᠨ ᠶᠠᠪᠤᠵᠤ ᠰᠠᠭᠤᠬᠤ ᠱᠠᠭᠠᠷᠳᠠᠯᠭ᠎ᠠ ᠶᠢ ᠬᠠᠩᠭᠠᠭᠰᠠᠨ ᠪᠣᠯᠪᠠᠴᠤ᠂ ᠲᠣᠭᠤᠰᠣ ᠳᠡᠭᠳᠡᠬᠦ ᠠᠰᠠᠭᠤᠳᠠᠯ ᠨᠢ ᠴᠦ ᠳᠠᠭᠠᠯᠳᠤᠨ ᠢᠷᠡᠭᠰᠡᠨ ᠶᠣᠮ᠂ ᠤᠴᠢᠷ ᠨᠢ ᠰᠢᠷᠥᠢ ᠶᠢᠨ ᠵᠠᠮ ᠪᠣᠯᠤᠨ᠎ᠠ᠂ ᠡᠶᠢᠮᠦ ᠠᠴᠠ ᠲᠡᠷᠭᠡ ᠥᠩᠭᠡᠷᠡᠬᠦ ᠪᠦᠷᠢ ᠶᠡᠷᠦ ᠨᠢ ᠶᠡᠭᠡ ᠬᠡᠮᠵᠢᠶᠡᠨ ᠤ ᠲᠣᠭᠤᠰᠣ ᠳᠡᠭᠳᠡᠨ᠎ᠡ᠂ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠴᠣᠩᠬᠤ ᠶᠢ ᠨᠡᠭᠡᠭᠡᠬᠦ ᠶᠢᠨ ᠠᠷᠭ᠎ᠠ ᠦᠭᠡᠢ ᠪᠣᠯᠬᠤᠷ  ᠭᠡᠷ ᠬᠤᠷᠢᠶᠠᠯᠠᠯ ᠤᠨ ᠲᠣᠰᠬᠠᠯ ᠢ ᠣᠯᠵᠤ᠂ ᠭᠡᠷ ᠬᠤᠷᠢᠶᠠᠯᠠᠯ ᠨᠢ ᠣᠷᠣᠨ ᠪᠦᠰᠡ ᠪᠠᠨ ᠵᠠᠰᠠᠨ ᠰᠢᠨᠡᠳᠭᠡᠬᠦ ᠶᠢ ᠬᠦᠰᠡᠵᠦ ᠪᠠᠢᠨ᠎ᠠ᠃ ᠭᠡᠪᠡᠴᠦ ᠡᠨᠡ ᠬᠡᠰᠡᠭ ᠵᠠᠮ ᠤᠨ ᠬᠤᠲᠠ ᠶᠢᠨ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠢᠨᠵᠧᠨᠧᠷᠢᠩ ᠤᠨ ᠲᠥᠯᠥᠪᠯᠡᠭᠡ ᠳᠤ ᠣᠷᠣᠭᠤᠯᠣᠭᠰᠠᠨ ᠦᠭᠡᠢ ᠠᠴᠠ ᠪᠤᠯᠵᠠᠶ᠃ ᠡᠶᠢᠮᠦ ᠠᠴᠠ ᠣᠬᠤᠷᠬᠠᠨ ᠬᠤᠭᠤᠴᠠᠭᠠᠨ ᠳᠤ ᠵᠠᠮ ᠵᠠᠰᠠᠬᠤ ᠳᠤ ᠠᠷᠭ᠎ᠠ ᠦᠭᠡᠢ ᠪᠣᠯᠪᠠᠴᠤ ᠲᠣᠭᠤᠰᠣ ᠳᠡᠭᠳᠡᠬᠦ ᠠᠰᠠᠭᠤᠳᠠᠯ ᠢ ᠰᠢᠢᠳᠪᠦᠷᠢᠯᠡᠬᠦ ᠦᠭᠡᠢ ᠪᠠᠶᠢᠵᠤ ᠴᠢᠳᠠᠬᠤ ᠦᠭᠡᠢ ᠪᠣᠯᠬᠤᠷ ᠵᠢᠶᠠᠨ ᠬᠤᠸᠠ ᠭᠡᠷ ᠬᠤᠷᠢᠶᠠᠯᠠᠯ ᠤᠨ ᠬᠢᠨ ᠰᠠᠭᠤᠭᠠᠯᠢ ᠠᠷᠠᠳ ᠤᠨ ᠲᠥᠯᠥᠭᠡᠯᠡᠭᠴᠢᠳ ᠢ ᠣᠯᠠᠨ ᠤᠳᠠᠭ᠎ᠠ ᠵᠣᠬᠢᠶᠠᠨ ᠪᠠᠶᠢᠭᠤᠯᠤᠨ ᠬᠡᠷᠡᠭ ᠵᠥᠪᠯᠡᠬᠦ ᠵᠥᠪᠳᠡᠯᠴᠡᠭᠡᠨ ᠤ ᠬᠤᠷᠠᠯ ᠬᠤᠷᠠᠯᠳᠤᠭᠤᠯᠵᠤ᠂ ᠬᠠᠮᠲᠤ ᠪᠠᠷ ᠵᠥᠪᠳᠡᠯᠴᠡᠵᠦ ᠬᠡᠷᠬᠢᠨ ᠰᠢᠢᠳᠪᠦᠷᠢᠯᠡᠬᠦ ᠲᠤᠬᠠᠢ ᠶᠠᠷᠢᠯᠴᠠᠪᠠ᠃    ᠰᠠᠭᠤᠭᠠᠯᠢ ᠠᠷᠠᠳ ᠨᠠᠶᠢᠵᠠ ᠨᠠᠷ ᠬᠤᠶᠢᠨ᠎ᠠ ᠬᠤᠶᠢᠨ᠎ᠠ ᠠᠴᠠ ᠪᠠᠨ ᠰᠠᠨᠠᠯ ᠢᠶᠠᠨ ᠢᠯᠡᠳᠬᠡᠵᠦ᠂ ᠣᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠲᠣᠰ ᠵᠠᠮ ᠤᠨ ᠬᠡᠰᠡᠭ ᠲᠤ ᠮᠣᠳᠣ ᠳᠠᠷᠢᠵᠤ᠂ ᠢᠦᠶ ᠾᠧ ᠲᠢᠶᠠᠨ ᠺᠣᠮᠫᠠᠨᠢ ᠲᠠᠢ ᠬᠠᠷᠢᠯᠴᠠᠵᠤ ᠤᠰᠤ ᠰᠦᠷᠴᠢᠨ ᠲᠣᠭᠤᠰᠣ ᠳᠠᠷᠢᠭᠰᠠᠨ ᠪᠣᠯᠪᠠᠴᠤ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠭᠰᠡᠨ ᠥᠬᠡᠶ᠃ ᠪᠠᠰᠠ ᠦᠷᠭᠦᠯᠵᠢᠯᠡᠨ ᠰᠢᠢᠳᠪᠦᠷᠢᠯᠡᠬᠦ ᠠᠷᠭ᠎ᠠ ᠶᠢ ᠡᠷᠢᠬᠦ ᠬᠡᠷᠡᠭᠲᠡᠢ᠃ ᠲᠠᠰᠤᠷᠠᠯᠲᠠ ᠦᠭᠡᠢ ᠬᠡᠷᠡᠭ ᠵᠥᠪᠯᠡᠵᠦ ᠵᠥᠪᠳᠡᠯᠴᠡᠬᠦ ᠪᠠᠷ ᠳᠠᠮᠵᠢᠨ᠂ ᠣᠯᠠᠨ ᠲᠠᠯ᠎ᠠ ᠪᠠᠷ ᠵᠣᠬᠢᠴᠠᠭᠤᠯᠵᠤ᠂ ᠪᠠᠰᠠ 11 ᠲᠡᠷᠭᠡᠨ ᠵᠤᠤᠬ᠎ᠠ ᠶᠢᠨ ᠦᠨᠡᠰᠦ ᠰᠢᠭᠠᠷᠤ ᠳᠡᠪᠢᠰᠴᠦ ᠵᠠᠮ ᠳᠡᠪᠢᠰᠴᠦ᠂ ᠬᠠᠮᠤᠭ ᠰᠡᠭᠦᠯ ᠳᠤ ᠰᠠᠶᠢᠬᠠᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠬᠠᠪᠰᠤᠷᠤᠯᠭ᠎ᠠ ᠳᠣᠤᠷ᠎ᠠ᠂ ᠪᠠᠰᠠ ᠲᠤᠰ ᠭᠠᠵᠠᠷ ᠲᠤ 75 ᠳᠥᠷᠪᠡᠯᠵᠢᠨ ᠴᠢᠯᠠᠭᠤ ᠳᠡᠪᠢᠰᠴᠦ᠂ ᠲᠣᠭᠤᠰᠣ ᠳᠡᠭᠳᠡᠬᠦ ᠶᠢ ᠪᠠᠭᠠᠰᠬᠠᠪᠠ᠃    ᠳᠠᠷᠠᠭᠠᠴᠢ ᠶᠢᠨ ᠠᠯᠬᠤᠮ ᠳᠤ ᠵᠢᠶᠠᠨ ᠬᠤᠸᠠ ᠭᠡᠷ ᠬᠤᠷᠢᠶᠠᠯᠠᠯ ᠦᠷᠭᠦᠯᠵᠢᠯᠡᠨ ᠬᠡᠷᠡᠭ ᠵᠥᠪᠯᠡᠵᠦ ᠵᠥᠪᠳᠡᠯᠴᠡᠬᠦ ᠲᠣᠭᠲᠠᠴᠠ ᠶᠢ ᠬᠡᠷᠡᠭᠯᠡᠵᠦ᠂ ᠰᠠᠭᠤᠭᠠᠯᠢ ᠠᠷᠠᠳ ᠲᠠᠢ ᠵᠠᠢ ᠦᠭᠡᠢ ᠨᠡᠪᠲᠡᠷᠡᠯᠴᠡᠵᠦ᠂ ︽ᠤᠯᠠᠨ ᠤ ᠶᠠᠪᠤᠳᠠᠯ ᠢ ᠤᠯᠠᠨ ᠢᠶᠠᠷ ᠢᠶᠠᠨ ᠵᠥᠪᠯᠡᠵᠦ᠂ ᠤᠯᠠᠨ ᠲᠦᠮᠡᠨ ᠤ ᠶᠠᠪᠤᠳᠠᠯ ᠢ ᠤᠯᠠᠨ ᠲᠦᠮᠡᠨ ᠵᠥᠪᠳᠡᠯᠴᠡᠨ ᠰᠢᠢᠳᠪᠦᠷᠢᠯᠡᠬᠦ︾ ᠭᠡᠷ ᠬᠤᠷᠢᠶᠠᠯᠠᠯ ᠤᠨ ᠵᠠᠰᠠᠯᠲᠠ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ ᠠᠷᠠᠳ ᠲᠦᠮᠡᠨ ᠳᠤ ᠦᠢᠯᠡᠴᠢᠯᠡᠬᠦ ᠠᠵᠢᠯ ᠢ ᠭᠦᠨᠵᠡᠭᠡᠶᠢᠷᠡᠭᠦᠯᠦᠨ᠎ᠡ᠃ ᠰᠠᠭᠤᠭᠠᠯᠢ ᠠᠷᠠᠳ ᠲᠤ ᠭᠡᠷ ᠬᠤᠷᠢᠶᠠᠯᠠᠯ ᠢ ᠨᠠᠩ ᠰᠠᠶᠢᠨ ᠣᠶᠢᠯᠠᠭᠠᠭᠤᠯᠵᠤ᠂ ᠭᠡᠷ ᠬᠤᠷᠢᠶᠠᠯᠠᠯ ᠨᠢ ᠰᠠᠭᠤᠭᠠᠯᠢ ᠠᠷᠠᠳ ᠲᠤ ᠨᠠᠩ ᠰᠠᠶᠢᠨ ᠦᠢᠯᠡᠴᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号