ᠵᠢᠦ  ᠶᠤᠸᠠᠨ ᠲᠣᠭᠤᠷᠢᠭ ᠤᠨ ᠠᠷᠠᠳ ᠤᠨ  ᠵᠠᠰᠠᠭ ᠤᠨ ᠣᠷᠳᠣᠨ ᠤ  ᠠᠯᠪᠠᠨ ᠭᠡᠷ ᠠᠴᠠ ︽ᠵᠢᠦ ᠶᠤᠸᠠᠨ ᠲᠣᠭᠤᠷᠢᠭ ᠤᠨ 2024 ᠣᠨ ᠤ ᠠᠮᠤ  ᠪᠤᠳᠠᠭ᠎ᠠ  ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠲᠥᠷᠥᠯ ᠵᠦᠢᠯ ᠢ ᠪᠦᠬᠦ ᠰᠢᠶᠡᠨ ᠢᠶᠠᠷ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/9/9
                 ᠪᠤᠭᠤᠳᠤ ᠵᠢᠦ ᠶᠤᠸᠠᠨ ᠵᠠᠰᠠᠭ ᠠᠯᠪᠠᠨ ᠲᠠᠷᠬᠠᠭᠠᠭᠰᠠᠨ ︹2024︺ 54  ᠳ᠋ᠤᠭᠡᠷ ᠲᠣᠭᠠᠲᠤ          ᠵᠢᠦ  ᠶᠤᠸᠠᠨ ᠲᠣᠭᠤᠷᠢᠭ ᠤᠨ ᠠᠷᠠᠳ ᠤᠨ  ᠵᠠᠰᠠᠭ ᠤᠨ ᠣᠷᠳᠣᠨ ᠤ  ᠠᠯᠪᠠᠨ ᠭᠡᠷ  ᠠᠴᠠ ︽ᠵᠢᠦ          ᠶᠤᠸᠠᠨ ᠲᠣᠭᠤᠷᠢᠭ ᠤᠨ 2024 ᠣᠨ ᠤ ᠠᠮᠤ  ᠪᠤᠳᠠᠭ᠎ᠠ  ᠶᠢ ᠲᠡᠵᠢᠭᠡᠯ   ᠪᠣᠷᠳᠤᠭ᠎ᠠ ᠪᠣᠯᠭᠠᠨ          ᠥᠭᠡᠷᠡᠴᠢᠯᠡᠬᠦ ᠲᠤᠷᠰᠢᠯᠲᠠ ᠶᠢᠨ ᠲᠥᠷᠥᠯ ᠵᠦᠢᠯ ᠢ ᠪᠦᠬᠦ ᠰᠢᠶᠡᠨ ᠢᠶᠠᠷ ᠲᠦᠯᠬᠢᠨ ᠠᠬᠢᠭᠤᠯᠬᠤ  ᠲᠤᠬᠠᠢ          ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠄     ︽ᠪᠤᠭᠤᠲᠤ ᠬᠤᠲᠠ ᠶᠢᠨ 2024 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠤᠭᠤᠷᠢᠭ ᠤᠨ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠵᠢᠦ ᠶᠤᠸᠠᠨ ᠲᠣᠭᠤᠷᠢᠭ ᠤᠨ 2024 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠲᠥᠷᠥᠯ ᠵᠦᠢᠯ ᠢ  ᠪᠦᠬᠦ ᠰᠢᠶᠡᠨ ᠢᠶᠠᠷ ᠲᠦᠯᠬᠢᠨ ᠠᠬᠢᠭᠤᠯᠬᠤ  ᠲᠤᠬᠠᠢ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠵᠤ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃       ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                      2024 ᠣᠨ ᠤ 9 ᠰᠠᠷ᠎ᠠ ᠶᠢᠨ 9 ᠤ ᠡᠳᠦᠷ                      ︵ᠲᠤᠰ ᠪᠢᠴᠢᠭ ᠮᠠᠲ᠋ᠧᠷᠢᠶᠠᠯ ᠢ ᠢᠯᠡ ᠨᠠᠶᠢᠳᠡᠯᠡᠨ᠎ᠡ︶          ᠵᠢᠦ ᠶᠤᠸᠠᠨ ᠲᠣᠭᠤᠷᠢᠭ ᠤᠨ 2024 ᠣᠨ ᠳᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ          ᠪᠣᠯᠭᠠᠨ‌ᠥᠭᠡᠷᠡᠴᠢᠯᠡᠬᠦ ᠲᠤᠷᠰᠢᠯᠲᠠ ᠶᠢᠨ ᠲᠥᠷᠥᠯ  ᠵᠦᠢᠯ ᠢ ᠪᠦᠬᠦ ᠰᠢᠶᠡᠨ ᠢᠶᠠᠷ ᠲᠦᠯᠬᠢᠨ ᠠᠬᠢᠭᠤᠯᠬᠤ           ᠲᠤᠬᠠᠢ ᠬᠡᠷᠡᠭᠵᠢᠭᠦᠯᠬᠦ ᠲᠥᠰᠦᠯ    ᠨᠢᠭᠡ᠂ ᠲᠥᠷᠥᠯ ᠵᠦᠢᠯ ᠤᠨ ᠲᠣᠪᠴᠢᠯᠠᠯ    1.1 ᠲᠥᠷᠥᠯ ᠵᠦᠢᠯ ᠤᠨ ᠨᠡᠷᠡᠶᠢᠳᠦᠯ    ᠵᠢᠦ ᠶᠤᠸᠠᠨ ᠲᠣᠭᠤᠷᠢᠭ ᠤᠨ 2024 ᠣᠨ ᠳᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠶᠢ ᠪᠦᠬᠦ ᠰᠢᠶᠡᠨ ᠳᠤ ᠲᠦᠯᠬᠢᠨ ᠠᠬᠢᠭᠤᠯᠬᠤ ᠲᠤᠷᠰᠢᠯᠲᠠ ᠶᠢᠨ ᠲᠥᠷᠥᠯ ᠵᠦᠢᠯ     1.2 ᠲᠥᠷᠥᠯ ᠵᠦᠢᠯ ᠢ ᠬᠡᠷᠡᠭᠵᠢᠭᠦᠯᠬᠦ ᠨᠢᠭᠡᠴᠡ    ᠵᠢᠦ ᠶᠤᠸᠠᠨ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ    1.3 ᠲᠥᠷᠥᠯ ᠵᠦᠢᠯ ᠤᠨ ᠬᠠᠷᠢᠭᠤᠴᠠᠯᠭᠠᠲᠠᠨ    ᠯᠢᠦ ᠰᠢᠶᠣᠤ ᠫᠢᠩ ︵ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ  ᠲᠤᠭᠤᠷᠢᠭ ᠤᠨ ᠳᠠᠷᠤᠭ᠎ᠠ︶    1.4 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ    ᠵᠢᠦ ᠶᠤᠸᠠᠨ ᠲᠣᠭᠤᠷᠢᠭ    1.5 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ    2024 ᠣᠨ ᠤ 9 ᠰᠠᠷ᠎ᠠ - 2024 ᠣᠨ ᠤ 12 ᠰᠠᠷ᠎ᠠ ᠪᠣᠯᠲᠠᠯ᠎ᠠ    1.6 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠪᠠ ᠬᠡᠪᠴᠢᠶ᠎ᠡ    1.6.1 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ    ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︽ᠪᠤᠭᠤᠲᠤ ᠬᠤᠲᠠ ᠶᠢᠨ 2024 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ︵  ᠪᠤᠭᠤᠳᠤ ᠲᠠᠷᠢᠶᠠᠯᠠᠩ ᠲᠠᠷᠬᠠᠭᠠᠭᠰᠠᠨ ﹇2024﹈ 134 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂  ᠳᠠᠷᠤᠰᠢᠭᠤᠯᠤᠭᠰᠠᠨ ᠡᠷᠳᠡᠨᠢ ᠰᠢᠰᠢ ᠶᠢ ᠪᠠᠷᠢᠮᠵᠢᠶᠠᠵᠢᠭᠤᠯᠤᠨ ᠲᠠᠷᠢᠬᠤ ᠪᠠ ᠬᠤᠷᠢᠶᠠᠨ ᠬᠠᠳᠠᠭᠠᠯᠠᠬᠤ ᠶᠢ ᠠᠬᠢᠭᠤᠯᠵᠤ᠂ ᠠᠯᠠᠰᠢᠨ ᠦᠬᠡᠷ ᠠᠯᠠᠰᠢᠨ ᠬᠤᠨᠢ ᠶᠢ ᠪᠠᠷᠢᠮᠵᠢᠶᠠᠵᠢᠭᠤᠯᠤᠨ ᠲᠡᠵᠢᠭᠡᠨ ᠠᠷᠠᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠵᠢᠦ ᠶᠤᠸᠠᠨ ᠲᠣᠭᠤᠷᠢᠭ ᠤᠨ ᠬᠡᠪᠴᠢᠶᠡᠨ ᠳᠣᠲᠣᠷ᠎ᠠ ᠨᠡᠯᠢᠶᠡᠳ ᠰᠠᠶᠢᠨ ᠲᠡᠵᠢᠭᠡᠨ ᠦᠷᠡᠵᠢᠭᠦᠯᠬᠦ ᠰᠠᠭᠤᠷᠢ ᠲᠠᠢ᠂ ᠵᠣᠬᠢᠬᠤ ᠬᠡᠪᠴᠢᠶᠡᠨ ᠤ ᠳᠠᠷᠤᠰᠢᠭᠤᠯᠤᠭᠰᠠᠨ ᠡᠪᠡᠰᠦ ᠪᠣᠷᠳᠤᠭ᠎ᠠ  ᠶᠢ ᠬᠤᠷᠢᠶᠠᠨ ᠬᠠᠳᠠᠭᠠᠯᠠᠬᠤ ᠴᠢᠳᠠᠪᠤᠷᠢ  ᠲᠠᠢ  ᠪᠥᠭᠡᠳ  ᠣᠶᠢᠷ᠎ᠠ ᠬᠠᠪᠢ ᠶᠢᠨ ᠮᠠᠯ ᠵᠢᠭᠦᠷᠳᠡᠨ ᠤ ᠢᠯᠭᠠᠳᠠᠰᠤ ᠶᠢ ᠰᠢᠩᠭᠡᠭᠡᠬᠦ ᠴᠢᠳᠠᠪᠤᠷᠢ ᠪᠠᠷ ᠴᠢᠩᠭ᠎ᠠ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠢ ᠪᠠᠷ ᠭᠤᠣᠯ ᠪᠣᠯᠭᠠᠵᠤ᠂ ᠳᠠᠷᠤᠰᠢᠭᠤᠯᠤᠭᠰᠠᠨ ᠡᠪᠡᠰᠦ ᠪᠣᠷᠳᠤᠭ᠎ᠠ ᠶᠢᠨ ᠬᠠᠩᠭᠠᠨ ᠪᠣᠷᠣᠯᠠᠭᠤᠯᠬᠤ ᠵᠠᠬᠢᠶᠠᠯᠠᠭ᠎ᠠ  ᠪᠠᠷ ᠲᠣᠭᠲᠠᠭᠤᠨ  ᠪᠠᠶᠢᠬᠤ ᠲᠤᠰᠬᠠᠢ ᠮᠡᠷᠭᠡᠵᠢᠯ ᠤᠨ ᠬᠤᠷᠢᠶᠠᠨ ᠬᠠᠳᠠᠭᠠᠯᠠᠬᠤ ᠠᠵᠤ ᠠᠬᠤᠶᠢᠯᠠᠯ ︵ᠬᠤᠷᠰᠢᠶᠠᠵᠢᠯ︶ ᠢ ᠬᠠᠮᠲᠤ ᠳᠤᠨᠢ ᠬᠠᠷᠠᠭᠠᠯᠵᠠᠵᠤ᠂  ᠲᠡᠳᠡᠨ ᠤ ᠥᠪᠡᠷ ᠤᠨ ᠪᠤᠶᠤ ᠡᠷᠭᠢᠯᠲᠡ ᠳᠤ ᠣᠷᠣᠭᠤᠯᠤᠭᠰᠠᠨ ᠲᠡᠵᠢᠭᠡᠯ ᠪᠣᠷᠳᠤᠭ᠎ᠠ ᠶᠢᠨ ᠲᠠᠷᠢᠶᠠᠨ ᠳᠤ ᠳᠠᠷᠢᠭᠰᠠᠨ᠂ ᠵᠠᠬᠢᠶᠠᠯᠠᠭ᠎ᠠ ᠶᠢᠨ ᠬᠠᠭᠤᠳᠠᠰᠤ ᠪᠠᠷ ᠬᠤᠳᠠᠯᠳᠤᠨ ᠠᠪᠤᠭᠰᠠᠨ ᠪᠠ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠤᠭᠰᠠᠨ ᠬᠥᠬᠡ ᠳᠠᠷᠤᠰᠢ ᠶᠢᠨ ᠡᠷᠳᠡᠨᠢ ᠰᠢᠰᠢ ᠳᠤ ᠬᠤᠷᠢᠶᠠᠨ ᠬᠠᠳᠠᠭᠠᠯᠠᠬᠤ ᠨᠥᠬᠦᠪᠦᠷᠢ ᠣᠯᠭᠤᠨ᠎ᠠ᠃     1.6.2 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ    ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ︽ᠪᠤᠭᠤᠲᠤ ᠬᠤᠲᠠ ᠶᠢᠨ 2024 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ︵  ᠪᠤᠭᠤᠳᠤ ᠲᠠᠷᠢᠶᠠᠯᠠᠩ ᠲᠠᠷᠬᠠᠭᠠᠭᠰᠠᠨ ﹇2024﹈ 134 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠵᠢᠦ ᠶᠤᠸᠠᠨ ᠲᠣᠭᠤᠷᠢᠭ ᠲᠤ ᠬᠥᠬᠡ ᠳᠠᠷᠤᠰᠢ ᠶᠢ ᠬᠤᠷᠢᠶᠠᠨ ᠬᠠᠳᠠᠭᠠᠯᠠᠬᠤ ᠡᠭᠦᠷᠭᠡ ᠶᠢ 1.9 ᠲᠦᠮᠡᠨ ᠲᠣᠨ ᠳᠤ ᠪᠠᠭᠤᠯᠭᠠᠪᠠ᠃ ᠲᠤᠰᠠᠯᠠᠮᠵᠢ ᠶᠢᠨ ᠪᠡᠯᠡ ᠮᠥᠩᠭᠦ ᠶᠢ ᠪᠦᠬᠦᠨ ᠢ ᠵᠢᠦ ᠶᠤᠸᠠᠨ ᠲᠣᠭᠤᠷᠢᠭ ᠤᠨ ᠬᠢᠯᠢ ᠳᠣᠲᠣᠷᠠᠬᠢ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ᠂ ᠠᠵᠤ ᠠᠬᠤᠶᠢᠯᠠᠯ᠂  ᠬᠤᠷᠰᠢᠶᠠᠵᠢᠯ︶ ᠶᠢᠨ ᠳᠠᠷᠤᠰᠢᠭᠤᠯᠤᠭᠰᠠᠨ ᠡᠷᠳᠡᠨᠢ ᠰᠢᠰᠢ ᠶᠢ ᠬᠤᠷᠢᠶᠠᠨ ᠬᠠᠳᠠᠭᠠᠯᠠᠬᠤ ᠨᠥᠬᠦᠪᠥᠷᠢ ᠳᠤ ᠬᠡᠷᠡᠭᠯᠡᠨ᠎ᠡ᠃    1.7 ᠲᠥᠷᠥᠯ ᠵᠦᠢᠯ ᠤᠨ ᠪᠡᠯᠡ ᠣᠷᠣᠭᠤᠯᠤᠯᠲᠠ    2024 ᠣᠨ ᠳᠤ ᠬᠥᠬᠡ ᠳᠠᠷᠤᠰᠢ ᠶᠢᠨ ᠡᠷᠳᠡᠨᠢ ᠰᠢᠰᠢ ᠶᠢ 1.9 ᠲᠦᠮᠡᠨ ᠲᠣᠨ ᠬᠤᠷᠢᠶᠠᠨ ᠨᠥᠭᠡᠴᠡᠯᠡᠵᠦ᠂ ᠤᠯᠤᠰ ᠤᠨ ᠨᠥᠬᠦᠪᠥᠷᠢ ᠪᠡᠯᠡ ᠮᠥᠩᠭᠦ  ᠨᠢ 95 ᠲᠦᠮᠡᠨ ᠲᠥᠭᠦᠷᠢᠭ ᠪᠣᠯᠤᠨ᠎ᠠ᠃    ᠬᠤᠶᠠᠷ᠂ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠲᠥᠰᠦᠯ ᠬᠢᠭᠡᠳ ᠪᠦᠲᠦᠭᠡᠨ ᠪᠠᠶᠢᠭᠤᠯᠤᠯᠲᠠ ᠶᠢᠨ ᠠᠭᠤᠯᠭ᠎ᠠ    2.1 ᠪᠦᠲᠦᠭᠡᠨ ᠪᠠᠶᠢᠭᠤᠯᠤᠯᠲᠠ ᠶᠢᠨ ᠲᠥᠰᠦᠯ    ᠵᠢᠦ ᠶᠤᠸᠠᠨ ᠲᠣᠭᠤᠷᠢᠭ ᠤᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠦᠭᠡᠷᠡᠴᠢᠯᠡᠬᠦ ᠶᠢ ᠪᠦᠬᠦ ᠰᠢᠶᠡᠨ ᠳᠤ ᠲᠦᠯᠭᠢᠨ ᠠᠬᠢᠭᠤᠯᠬᠤ  ᠶᠢ ᠬᠡᠷᠡᠭᠵᠢᠭᠦᠯᠬᠦ ᠲᠥᠷᠥᠯ ᠵᠦᠢᠯ ᠤᠨ ᠡᠭᠦᠷᠭᠡ ᠪᠣᠯ ᠬᠥᠬᠡ ᠳᠠᠷᠤᠰᠢ ᠶᠢᠨ  ᠬᠠᠳᠠᠭᠠᠯᠠᠮᠵᠢ ᠶᠢᠨ ᠬᠡᠮᠵᠢᠶ᠎ᠡ ᠨᠢ 1.9 ᠲᠦᠮᠡᠨ ᠲᠣᠨ ᠠᠴᠠ ᠳᠤᠲᠠᠭᠤ ᠪᠠᠶᠢᠵᠤ ᠪᠣᠯᠬᠤ ᠦᠭᠡᠢ᠃ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠦᠭᠡᠷᠡᠴᠢᠯᠡᠬᠦ ᠶᠢ ᠪᠦᠬᠦ ᠰᠢᠶᠡᠨ ᠳᠤ ᠲᠦᠯᠭᠢᠨ ᠠᠬᠢᠭᠤᠯᠬᠤ  ᠶᠢ ᠬᠡᠷᠡᠭᠵᠢᠭᠦᠯᠬᠦ ᠲᠥᠷᠥᠯ ᠵᠦᠢᠯ ᠪᠠᠷ ᠳᠠᠮᠵᠢᠭᠤᠯᠤᠨ᠂ ᠬᠥᠬᠡ ᠳᠠᠷᠤᠰᠢ ᠶᠢᠨ ᠡᠷᠳᠡᠨᠢ ᠰᠢᠰᠢ ᠲᠠᠷᠢᠬᠤ᠂ ᠬᠤᠷᠢᠶᠠᠨ ᠬᠠᠳᠠᠭᠠᠯᠠᠬᠤ ᠴᠢᠳᠠᠪᠤᠷᠢ ᠶᠢ ᠵᠢᠯ ᠳᠠᠷᠠᠭᠠᠯᠠᠨ ᠨᠡᠮᠡᠭᠳᠡᠭᠦᠯᠵᠦ᠂ ᠪᠦᠬᠦ  ᠲᠤᠭᠤᠷᠢᠭ ᠤᠨ ᠡᠪᠡᠰᠦ ᠪᠣᠷᠳᠤᠭ᠎ᠠ  ᠲᠠᠷᠢᠬᠤ ᠬᠡᠮᠵᠢᠶ᠎ᠡ  ᠨᠢ ᠪᠦᠬᠦ  ᠲᠤᠭᠤᠷᠢᠭ ᠤᠨ ᠠᠯᠠᠰᠢᠨ ᠦᠬᠡᠷ ᠠᠯᠠᠰᠢᠨ ᠬᠤᠨᠢ ᠶᠢᠨ ᠪᠣᠷᠳᠤᠭ᠎ᠠ ᠲᠡᠵᠢᠭᠡᠬᠦ ᠬᠡᠷᠡᠭᠴᠡᠭᠡ ᠶᠢ ᠬᠠᠩᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠡᠭᠦᠨ ᠤ ᠬᠠᠮᠲᠤ ᠬᠥᠲᠥᠴᠢ ᠠᠵᠤ ᠠᠬᠤᠶᠢᠯᠠᠯ ᠤᠨ ᠬᠥᠭᠦᠷᠭᠡ ᠪᠠ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠺᠣᠮᠫᠠᠨᠢ + ᠬᠤᠷᠰᠢᠶᠠᠵᠢᠯ + ᠰᠠᠭᠤᠷᠢᠨ ᠭᠠᠵᠠᠷ + ᠲᠠᠷᠢᠶᠠᠴᠢᠨ ᠡᠷᠦᠬᠡ︾᠂ ︽ᠭᠠᠵᠠᠷ ᠰᠢᠷᠣᠢ ᠶᠢ ᠳᠠᠬᠢᠨ ᠲᠦᠷᠢᠶᠡᠰᠦᠯᠡᠭᠦᠯᠵᠦ ᠭᠡᠳᠡᠷᠭᠦ ᠳᠠᠭᠠᠭᠠᠴᠢᠯᠠᠬᠤ︾᠂ ︽ᠣᠷᠭᠠᠨᠢᠭ ᠪᠣᠷᠳᠣᠭᠤᠷ ᠢᠶᠠᠷ ᠡᠪᠡᠰᠦ ᠪᠤᠷᠴᠠᠭ ᠢ ᠰᠣᠯᠢᠬᠤ︾᠂ ︽ᠭᠠᠵᠠᠷ ᠰᠢᠷᠣᠢ ᠶᠢ ᠡᠷᠭᠢᠯᠳᠦᠭᠦᠯᠵᠦ ᠲᠠᠷᠢᠵᠤ ᠲᠡᠵᠢᠭᠡᠬᠦ ᠶᠢ ᠤᠶᠠᠯᠳᠤᠭᠤᠯᠬᠤ︾ ᠵᠡᠷᠭᠡ ᠵᠠᠭᠪᠤᠷ ᠶᠣᠰᠣᠭᠠᠷ᠂ ᠲᠡᠵᠢᠭᠡᠨ ᠦᠷᠡᠵᠢᠭᠦᠯᠬᠦ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠪᠠ ᠲᠥᠯᠥᠪᠵᠢᠭᠦᠯᠭᠡ ᠶᠣᠰᠣᠭᠠᠷ᠂ ᠲᠠᠷᠢᠮᠠᠯ ᠤᠨ ᠪᠦᠲᠦᠴᠡ ᠨᠢ ᠵᠢᠵᠢᠭ ᠲᠠᠷᠢᠶᠠᠴᠢᠨ ᠡᠷᠦᠬᠡ ᠶᠢᠨ ᠬᠤᠪᠢ ᠶᠢᠨ ᠡᠵᠡᠩᠨᠡᠯᠲᠡ ᠠᠴᠠ ᠢᠳᠡᠭ ᠢᠳᠡᠭ ᠢᠶᠠᠷ ᠬᠥᠲᠥᠴᠢ ᠪᠠ ᠲᠡᠵᠢᠭᠡᠨ ᠦᠷᠡᠵᠢᠭᠦᠯᠬᠦ ᠲᠠᠯᠠᠪᠠᠢ ᠪᠠᠷ ᠭᠤᠣᠯ ᠪᠣᠯᠭᠠᠭᠰᠠᠨ  ᠬᠤᠷᠰᠢᠶ᠎ᠠ  ᠶᠢᠨ ᠲᠠᠷᠢᠮᠠᠯ ᠤᠨ ᠵᠠᠭᠪᠤᠷ  ᠪᠣᠯᠭᠠᠨ ᠲᠣᠬᠢᠷᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠡᠯ᠎ᠡ ᠭᠠᠵᠠᠷ ᠤᠨ ᠣᠨᠴᠠᠯᠢᠭ ᠢ ᠬᠥᠭᠵᠢᠭᠦᠯᠵᠦ᠂ ᠵᠢᠱᠢᠶᠡᠯᠡᠪᠡᠯ ᠡᠷᠳᠡᠨᠢ ᠰᠢᠰᠢ ᠰᠢᠷ᠎ᠠ ᠪᠤᠷᠴᠠᠭ ᠢ ᠢᠵᠢ ᠪᠦᠷᠢᠳᠦᠭᠦᠯᠦᠨ  ᠲᠠᠷᠢᠬᠤ ᠶᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠵᠢᠦ ᠶᠤᠸᠠᠨ ᠲᠣᠭᠤᠷᠢᠭ ᠤᠨ ᠡᠪᠡᠰᠦᠨ ᠲᠡᠵᠢᠭᠡᠯ ᠤᠨ ᠮᠠᠯ ᠠᠵᠤ ᠠᠬᠤᠢ ᠶᠢᠨ ᠦᠷᠭᠦᠯᠵᠢᠯᠡᠨ ᠬᠥᠭᠵᠢᠬᠦ ᠳᠤ ᠴᠢᠬᠤᠯᠠ ᠲᠡᠵᠢᠭᠡᠯ ᠡᠪᠡᠰᠦ ᠪᠣᠷᠳᠣᠭᠠᠨ ᠤ ᠰᠠᠭᠤᠷᠢ ᠶᠢ  ᠲᠠᠯᠪᠢᠨ᠎ᠠ᠃    2.2 ᠪᠦᠲᠦᠭᠡᠨ ᠪᠠᠶᠢᠭᠤᠯᠤᠯᠲᠠ ᠶᠢᠨ ᠠᠭᠤᠯᠭ᠎ᠠ    2.2.1 ᠪᠦᠲᠦᠭᠡᠨ ᠪᠠᠶᠢᠭᠤᠯᠤᠯᠲᠠ ᠶᠢᠨ ᠡᠭᠦᠷᠭᠡ    2024 ᠣᠨ ᠳᠤ ᠪᠦᠬᠦ  ᠲᠤᠭᠤᠷᠢᠭ ᠤᠨ ᠠᠯᠠᠰᠢᠨ ᠦᠬᠡᠷ ᠠᠯᠠᠰᠢᠨ ᠬᠤᠨᠢ  ᠶᠢᠨ ᠳᠠᠷᠤᠰᠢᠭᠤᠯᠤᠭᠰᠠᠨ ᠡᠪᠡᠰᠦ ᠪᠣᠷᠳᠤᠭ᠎ᠠ ᠶᠢᠨ ᠬᠤᠷᠢᠶᠠᠨ ᠬᠠᠳᠠᠭᠠᠯᠠᠬᠤ ᠬᠡᠮᠵᠢᠶ᠎ᠡ ᠶᠢ 1.9 ᠲᠦᠮᠡᠨ ᠲᠣᠨ  ᠳᠤ ᠬᠦᠷᠴᠦ᠂ ᠬᠤᠷᠢᠶᠠᠨ ᠬᠠᠳᠠᠭᠠᠯᠠᠬᠤ ᠲᠠᠯᠠᠪᠠᠢ ᠶᠢ 0.68 ᠲᠦᠮᠡᠨ ᠮᠦ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠪᠦᠬᠦ  ᠲᠤᠭᠤᠷᠢᠭ ᠤᠨ ᠡᠪᠡᠰᠦ ᠪᠣᠷᠳᠤᠭ᠎ᠠ ᠦᠢᠯᠡᠳᠪᠦᠷᠢᠯᠡᠬᠦ ᠬᠡᠮᠵᠢᠶ᠎ᠡ ᠶᠢ ᠪᠦᠬᠦ  ᠲᠤᠭᠤᠷᠢᠭ ᠤᠨ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠡᠷᠡᠭᠴᠡᠭᠡ ᠶᠢ  ᠬᠠᠩᠭᠠᠵᠤ ᠴᠢᠳᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠲᠤᠰᠬᠠᠢ  ᠬᠤᠷᠰᠢᠶᠠᠵᠢᠯ ᠬᠥᠬᠡ ᠳᠠᠷᠤᠰᠢ ᠶᠢᠨ ᠡᠷᠳᠡᠨᠢ ᠰᠢᠰᠢ ᠲᠠᠷᠢᠬᠤ ᠶᠢ ᠵᠣᠷᠢᠭᠵᠢᠭᠤᠯᠤᠨ᠂ ᠲᠠᠷᠢᠶᠠᠴᠢᠨ ᠡᠷᠦᠬᠡ ᠶᠢ ᠳᠠᠶᠢᠴᠢᠯᠠᠨ ᠬᠥᠬᠡ ᠳᠠᠷᠤᠰᠢ ᠶᠢᠨ ᠡᠷᠳᠡᠨᠢ ᠰᠢᠰᠢ ᠲᠠᠷᠢᠬᠤ ᠶᠢ ᠬᠥᠭᠵᠢᠭᠦᠯᠦᠨ᠎ᠡ᠃    2.2 ᠨᠥᠬᠦᠪᠥᠷᠢ ᠶᠢᠨ ᠪᠠᠷᠢᠮᠵᠢᠶ᠎ᠠ    ︽ᠤᠷᠢᠳᠠᠪᠠᠷ ᠬᠠᠳᠠᠭᠠᠯᠠᠵᠤ ᠳᠠᠷᠠᠭ᠎ᠠ ᠨᠢ ᠨᠥᠬᠦᠪᠥᠷᠢᠯᠡᠬᠦ︾  ᠬᠡᠯᠪᠡᠷᠢ ᠪᠠᠷ᠂ ᠨᠥᠬᠦᠪᠥᠷᠢ ᠶᠢᠨ ᠪᠡᠯᠡ ᠮᠥᠩᠭᠦ ᠶᠢ ᠪᠦᠬᠦᠨ ᠢ ᠵᠢᠦ ᠶᠤᠸᠠᠨ ᠲᠣᠭᠤᠷᠢᠭ ᠤᠨ ᠬᠡᠪᠴᠢᠶᠡᠨ ᠳᠣᠲᠣᠷ᠎ᠠ ᠬᠤᠷᠢᠶᠠᠨ ᠬᠠᠳᠠᠭᠠᠯᠠᠬᠤ ᠥᠮᠴᠢᠲᠡᠨ ᠤ ᠲᠤᠰ ᠣᠷᠣᠨ ᠤ ᠪᠠᠨ ᠳᠣᠲᠣᠷᠠᠬᠢ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠬᠤᠷᠢᠶᠠᠨ ᠬᠠᠳᠠᠭᠠᠯᠠᠬᠤ ᠨᠥᠬᠦᠪᠥᠷᠢ ᠳᠤ ᠬᠡᠷᠡᠭᠯᠡᠨ᠎ᠡ᠃  ᠬᠦᠭᠡ ᠳᠠᠷᠤᠰᠢ ᠶᠢᠨ ᠨᠥᠭᠡᠴᠡ ᠶᠢᠨ ᠬᠡᠮᠵᠢᠶ᠎ᠡ ᠶᠢ ᠦᠨᠳᠦᠰᠦᠯᠡᠨ ᠨᠥᠬᠦᠪᠥᠷᠢ ᠥᠭᠴᠦ᠂ ᠲᠣᠨ ᠪᠦᠷᠢ ᠪᠦᠬᠦ  ᠬᠥᠬᠡ ᠳᠠᠷᠤᠰᠢ ᠶᠢᠨ ᠡᠷᠳᠡᠨᠢ ᠰᠢᠰᠢ ᠶᠢᠨ ᠨᠥᠬᠦᠪᠥᠷᠢ 50 ᠲᠥᠭᠦᠷᠢᠭ ᠪᠣᠯᠤᠨ᠎ᠠ᠃    2.3 ᠨᠥᠬᠦᠪᠥᠷᠢ ᠬᠦᠷᠲᠡᠬᠦ ᠡᠲᠡᠭᠡᠳ    1. ᠲᠡᠵᠢᠭᠡᠨ ᠦᠷᠡᠵᠢᠭᠦᠯᠬᠦ ᠲᠠᠯᠠᠪᠠᠢ᠂ ᠠᠵᠤ ᠠᠬᠤᠶᠢᠯᠠᠯ᠂ ᠬᠤᠷᠰᠢᠶᠠᠵᠢᠯ ᠵᠢᠴᠢ ᠲᠤᠰᠬᠠᠢ ᠬᠤᠷᠢᠶᠠᠨ ᠬᠠᠳᠠᠭᠠᠯᠠᠬᠤ ᠠᠵᠤ ᠠᠬᠤᠶᠢᠯᠠᠯ ᠡᠷᠬᠡᠪᠰᠢ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠦᠲᠦᠮᠵᠢᠲᠡᠢ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠬᠢᠵᠦ᠂ ᠲᠣᠳᠣᠷᠬᠠᠢ ᠬᠠᠤᠯᠢ ᠶᠢᠨ ᠡᠷᠬᠡᠲᠡᠨ ᠤ ᠬᠠᠷᠢᠭᠤᠴᠠᠯᠭ᠎ᠠ ᠶᠢᠨ ᠭᠤᠣᠯ ᠴᠣᠭᠴᠠ ᠲᠠᠢ ᠪᠠᠶᠢᠵᠤ᠂ ᠵᠢᠦ ᠶᠤᠸᠠᠨ ᠲᠣᠭᠤᠷᠢᠭ ᠤᠨ ᠬᠢᠯᠢ ᠳᠣᠲᠣᠷ᠎ᠠ ᠬᠡᠪ ᠤᠨ ᠶᠣᠰᠣᠭᠠᠷ  ᠡᠵᠡᠩᠨᠡᠬᠦ ᠬᠡᠷᠡᠭᠲᠡᠢ︔    2. ᠲᠡᠵᠢᠭᠡᠨ ᠦᠷᠡᠵᠢᠭᠦᠯᠬᠦ ᠲᠠᠯᠠᠪᠠᠢ᠂ ᠠᠵᠤ ᠠᠬᠤᠶᠢᠯᠠᠯ᠂ ᠬᠤᠷᠰᠢᠶᠠᠵᠢᠯ  ᠠᠴᠠ ᠠᠯᠠᠰᠢᠨ ᠦᠬᠡᠷ 50 ᠲᠣᠯᠣᠭᠠᠢ ᠠᠴᠠ ᠳᠡᠭᠡᠭᠰᠢ᠂ ᠠᠯᠠᠰᠢᠨ ᠬᠤᠨᠢ 100 ᠠᠴᠠ ᠳᠡᠭᠡᠭᠰᠢ  ᠲᠡᠵᠢᠭᠡᠨ ᠬᠠᠳᠠᠭᠠᠯᠠᠵᠤ ᠪᠠᠶᠢᠬᠤ ᠪᠤᠶᠤ ᠪᠤᠰᠤᠳ ᠨᠡᠯᠢᠶᠡᠳ ᠶᠡᠭᠡ ᠬᠡᠪᠴᠢᠶᠡᠨ ᠤ ᠬᠥᠬᠡ ᠳᠠᠷᠤᠰᠢ  ᠶᠢᠨ ᠡᠷᠳᠡᠨᠢ ᠰᠢᠰᠢ ᠶᠢ ᠬᠤᠷᠢᠶᠠᠨ ᠬᠠᠳᠠᠭᠠᠯᠠᠵᠤ ᠰᠢᠩᠭᠡᠭᠡᠬᠦ ᠴᠢᠳᠠᠪᠤᠷᠢ ᠲᠠᠢ ᠬᠤᠷᠢᠶᠠᠨ ᠬᠠᠳᠠᠭᠠᠯᠠᠬᠤ ᠭᠤᠣᠯ ᠴᠣᠭᠴᠠ᠂ ᠲᠡᠭᠦᠨ ᠤ ᠥᠪᠡᠷ ᠤᠨ  ᠦᠮᠴᠢᠯᠡᠵᠤ ᠪᠠᠶᠢᠭ᠎ᠠ᠂ ᠡᠷᠭᠢᠯᠲᠡ ᠳᠤ ᠣᠷᠣᠭᠤᠯᠤᠭᠰᠠᠨ ᠲᠡᠵᠢᠭᠡᠯ ᠪᠣᠷᠳᠣᠭᠠᠨ ᠤ ᠭᠠᠵᠠᠷ ᠲᠤ ᠲᠠᠷᠢᠬᠤ ᠪᠤᠶᠤ  ᠵᠠᠬᠢᠶᠠᠯᠠᠨ ᠠᠪᠬᠤ ᠂ ᠵᠠᠬ᠎ᠠ ᠳᠡᠯᠭᠡᠭᠦᠷ  ᠠᠴᠠ ᠬᠤᠳᠠᠯᠳᠤᠨ  ᠠᠪᠤᠭᠰᠠᠨ ᠬᠥᠬᠡ ᠳᠠᠷᠤᠰᠢ  ᠶᠢᠨ ᠡᠷᠳᠡᠨᠢ ᠰᠢᠰᠢ ᠳᠤ  ᠬᠤᠷᠢᠶᠠᠨ ᠬᠠᠳᠠᠭᠠᠯᠠᠬᠤ ᠨᠥᠬᠦᠪᠥᠷᠢ ᠣᠯᠭᠤᠨ᠎ᠠ᠃    3. ᠬᠥᠬᠡ ᠪᠠᠷ ᠳᠠᠷᠤᠰᠢᠭᠤᠯᠬᠤ ᠲᠤᠬᠠᠶᠢᠯᠠᠭᠰᠠᠨ ᠠᠵᠢᠯ ᠢᠶᠠᠷ ᠭᠤᠣᠯ ᠪᠣᠯᠭᠠᠵᠤ᠂  ᠬᠥᠬᠡ ᠪᠠᠷ ᠳᠠᠷᠤᠰᠢᠭᠤᠯᠵᠤ  ᠪᠣᠷᠣᠯᠠᠭᠤᠯᠬᠤ ᠴᠢᠳᠠᠪᠤᠷᠢ ᠲᠠᠢ ᠪᠠᠶᠢᠵᠤ᠂ ᠳᠠᠷᠤᠰᠢᠭᠤᠯᠤᠭᠰᠠᠨ ᠪᠣᠷᠳᠤᠭ᠎ᠠ ᠦᠢᠯᠡᠳᠬᠦ ᠮᠠᠰᠢᠨ ᠲᠥᠬᠦᠭᠡᠷᠦᠮᠵᠢ᠂ ᠳᠠᠷᠤᠰᠢᠭᠤᠯᠬᠤ ᠵᠡᠷᠭᠡ ᠨᠥᠬᠦᠴᠡᠯ ᠲᠠᠢ ᠪᠠᠶᠢᠵᠤ᠂ ᠵᠢᠦ ᠶᠤᠸᠠᠨ ᠲᠣᠭᠤᠷᠢᠭ ᠤᠨ  ᠬᠢᠯᠢ ᠳᠣᠲᠤᠷ᠎ᠠ  ᠲᠠᠷᠤᠰᠢᠭᠤᠯᠤᠭᠰᠠᠨ ᠡᠷᠳᠡᠨᠢ ᠰᠢᠰᠢ ᠶᠢ  ᠬᠤᠷᠢᠶᠠᠨ ᠬᠠᠳᠠᠭᠠᠯᠠᠬᠤ ᠠᠵᠤ ᠠᠬᠤᠶᠢᠯᠠᠯ᠃    4. ᠲᠥᠷᠥᠯ ᠵᠦᠢᠯ ᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠨᠢ ᠵᠢᠦ ᠶᠤᠸᠠᠨ ᠲᠣᠭᠤᠷᠢᠭ ᠤᠨ ᠬᠢᠯᠢ ᠳᠣᠲᠣᠷ᠎ᠠ ᠂ ︽ᠤᠷᠢᠳᠠᠪᠠᠷ ᠬᠠᠳᠠᠭᠠᠯᠠᠵᠤ ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠮᠠᠶ᠋ᠢᠭ ᠢ ᠠᠪᠤᠨ᠎ᠠ᠃ ᠠᠯᠠᠰᠢᠨ ᠦᠬᠡᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ᠂ ᠠᠵᠤ ᠠᠬᠤᠶᠢᠯᠠᠯ᠂ ᠬᠤᠷᠰᠢᠶᠠᠵᠢᠯ︶ ᠰᠠᠭᠤᠭ᠎ᠠ ᠭᠠᠵᠠᠷ ᠤᠨ  ᠰᠤᠮᠤ ᠪᠠᠯᠭᠠᠰᠤᠨ ᠳᠤ ᠭᠤᠶᠤᠴᠢᠯᠠᠵᠤ᠂  ᠰᠤᠮᠤ ᠪᠠᠯᠭᠠᠰᠤ ᠬᠤᠷᠢᠶᠠᠩᠭᠤᠶᠢᠯᠠᠭᠰᠠᠨ ᠤ ᠳᠠᠷᠠᠭ᠎ᠠ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠵᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ  ᠪᠤᠯᠤᠨ  ᠰᠤᠮᠤ ᠪᠠᠯᠭᠠᠰᠤ ᠬᠢᠨᠠᠨ ᠬᠠᠷᠭᠤᠭᠤᠯᠤᠭᠰᠠᠨ ᠤ ᠳᠠᠷᠠᠭ᠎ᠠ ᠪᠣᠳᠠᠲᠠᠢ ᠬᠡᠷᠡᠭᠵᠢᠭᠦᠯᠬᠦ ᠨᠢᠭᠡᠴᠡ ᠶᠢ ᠲᠣᠭᠲᠠᠭᠠᠨ᠎ᠠ᠃    2.3 ᠬᠡᠷᠡᠭᠵᠢᠭᠦᠯᠬᠦ ᠠᠬᠢᠴᠠ ᠶᠢᠨ ᠲᠣᠬᠢᠷᠠᠭᠤᠯᠤᠯᠲᠠ    1. 2024 ᠣᠨ ᠤ 8 ᠰᠠᠷ᠎ᠠ ᠠᠴᠠ 10 ᠰᠠᠷ᠎ᠠ ᠪᠣᠯᠲᠠᠯ᠎ᠠ᠂ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠨ᠎ᠠ᠃    2.2024 ᠣᠨ ᠤ 10 ᠰᠠᠷ᠎ᠠ ᠠᠴᠠ 12 ᠰᠠᠷ᠎ᠠ ᠪᠣᠯᠲᠠᠯ᠎ᠠ᠂  ᠬᠥᠬᠡ ᠳᠠᠷᠤᠰᠢ ᠶᠢ ᠬᠤᠷᠢᠶᠠᠨ ᠬᠠᠳᠠᠭᠠᠯᠠᠭᠰᠠᠨ ᠪᠠᠶᠢᠳᠠᠯ ᠢ ᠬᠢᠨᠠᠨ ᠬᠠᠷᠭᠤᠭᠤᠯᠵᠤ᠂ ᠨᠥᠬᠦᠪᠥᠷᠢ ᠶᠢᠨ ᠪᠡᠯᠡ ᠮᠥᠩᠭᠦ ᠶᠢ ᠬᠢᠨᠠᠨ ᠪᠠᠶᠢᠴᠠᠭᠠᠵᠤ᠂ ᠢᠯᠡ ᠨᠡᠶᠢᠲᠡᠯᠡᠵᠦ᠂ ᠣᠯᠭᠤᠨ᠎ᠠ᠃    2.4 ᠰᠢᠯᠭᠠᠨ ᠠᠪᠬᠤ ᠪᠠᠷᠢᠮᠵᠢᠶ᠎ᠠ ᠬᠢᠭᠡᠳ ᠠᠷᠭ᠎ᠠ    2.4.1  ᠨᠦᠭᠡᠴᠡ ᠶᠢᠨ ᠮᠠᠭᠠᠳᠯᠠᠯ    1᠂ ᠡᠯ᠎ᠡ  ᠰᠤᠮᠤ  ᠪᠠᠯᠭᠠᠰᠤ ᠨᠢ ᠬᠤᠷᠢᠶᠠᠨ ᠬᠠᠳᠠᠭᠠᠯᠠᠬᠤ ᠥᠮᠴᠢᠲᠡᠨ ᠤ ᠬᠥᠬᠡ ᠳᠠᠷᠤᠰᠢ ᠬᠠᠳᠠᠭᠠᠯᠠᠬᠤ ᠵᠣᠭᠤᠷᠢ ᠶᠢ ᠪᠢᠲᠡᠭᠦᠮᠵᠢᠯᠡᠭᠰᠡᠨ ᠤ ᠳᠠᠷᠠᠭ᠎ᠠ ᠲᠤᠰ ᠪᠦᠷᠢ ᠵᠣᠭᠤᠷᠢ ᠰᠢᠯᠭᠠᠨ ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠨ᠎ᠠ᠃ ᠪᠣᠳᠠᠲᠠᠢ ᠨᠥᠭᠡᠴᠡ ᠶᠢᠨ ᠬᠡᠮᠵᠢᠶ᠎ᠡ ᠶᠢ ᠮᠠᠭᠠᠳᠯᠠᠨ ᠲᠣᠭᠲᠠᠭᠠᠬᠤ ᠳᠤ ᠲᠦᠮᠡᠳ ᠪᠠᠷᠠᠭᠤᠨ ᠬᠤᠰᠢᠭᠤᠨ ᠤ ᠲᠥᠷᠥᠯ ᠵᠦᠢᠯ ᠢ ᠬᠡᠷᠡᠭᠵᠢᠭᠦᠯᠬᠦ ᠠᠷᠭ᠎ᠠ ᠪᠠᠷᠢᠯ ᠪᠠ ᠬᠡᠰᠡᠭ ᠲᠠᠷᠦᠰᠢᠭᠤᠯᠬᠤ ᠡᠷᠦᠭᠡ ᠶᠢᠨ ᠰᠠᠨᠠᠯ ᠢ ᠬᠤᠷᠢᠶᠠᠬᠤ ᠪᠠ ᠬᠥᠬᠡ ᠳᠠᠷᠤᠰᠢ ᠵᠢᠨ‌‍ᠪᠣᠳᠠᠲᠠᠢ ᠶᠠᠪᠤᠴᠠ ᠶᠢᠨ ᠰᠠᠭᠤᠷᠢᠨ ᠳᠡᠭᠡᠷ᠎ᠡ᠂ ᠬᠥᠬᠡ ᠳᠠᠷᠤᠰᠢ ᠶᠢᠨ ᠬᠤᠷᠢᠶᠠᠨ ᠨᠥᠭᠡᠴᠡᠯᠡᠬᠦ ᠡᠵᠡᠯᠡᠬᠦᠨ  ᠨᠢ 150 ᠪᠣᠰᠤᠭ᠎ᠠ ᠳᠥᠷᠪᠡᠯᠵᠢᠨ  ᠮᠧᠲᠷ  ᠠᠴᠠ ᠪᠠᠭ᠎ᠠ ᠪᠠᠶᠢᠪᠠᠯ ᠪᠣᠰᠤᠭ᠎ᠠ ᠳᠥᠷᠪᠡᠯᠵᠢᠨ ᠮᠧᠲᠷ ᠪᠦᠷᠢ  ᠶᠢ 0.65 ᠲᠣᠨ ᠢᠶᠠᠷ ᠨᠤᠭᠤᠯᠤᠨ  ᠪᠣᠳᠤᠨ᠎ᠠ︔ ᠬᠥᠬᠡ ᠳᠠᠷᠤᠰᠢ ᠶᠢᠨ ᠬᠤᠷᠢᠶᠠᠨ ᠨᠥᠭᠡᠴᠡᠯᠡᠬᠦ ᠡᠵᠡᠯᠡᠬᠦᠨ  ᠨᠢ 150 ᠪᠣᠰᠤᠭ᠎ᠠ ᠳᠥᠷᠪᠡᠯᠵᠢᠨ ᠮᠧᠲᠷ ᠠᠴᠠ ᠶᠡᠭᠡ  ︵ᠪᠤᠶᠤ ᠲᠡᠩᠴᠡᠭᠦᠦ︶ 300 ᠪᠣᠰᠤᠭ᠎ᠠ ᠳᠥᠷᠪᠡᠯᠵᠢᠨ ᠮᠧᠲᠷ  ᠠᠴᠠ ᠪᠠᠭ᠎ᠠ  ᠪᠣᠯ ᠪᠣᠰᠤᠭ᠎ᠠ ᠳᠥᠷᠪᠡᠯᠵᠢᠨ ᠮᠧᠲᠷ  ᠪᠦᠷᠢ  ᠶᠢ 0.7 ᠲᠣᠨ ᠢᠶᠠᠷ ᠨᠤᠭᠤᠯᠤᠨ  ᠪᠣᠳᠤᠨ᠎ᠠ︔ ᠬᠥᠬᠡ ᠳᠠᠷᠤᠰᠢ ᠶᠢᠨ ᠬᠤᠷᠢᠶᠠᠨ ᠨᠥᠭᠡᠴᠡᠯᠡᠬᠦ ᠡᠵᠡᠯᠡᠬᠦᠨ  ᠨᠢ 300 ᠪᠣᠰᠤᠭ᠎ᠠ ᠳᠥᠷᠪᠡᠯᠵᠢᠨ ᠮᠧᠲᠷ ᠠᠴᠠ ᠶᠡᠭᠡ  ︵ᠪᠤᠶᠤ ᠲᠡᠩᠴᠡᠭᠦᠦ︶ 550 ᠪᠣᠰᠤᠭ᠎ᠠ ᠳᠥᠷᠪᠡᠯᠵᠢᠨ ᠮᠧᠲᠷ  ᠠᠴᠠ ᠪᠠᠭ᠎ᠠ ᠪᠣᠯ ᠪᠣᠰᠤᠭ᠎ᠠ ᠳᠥᠷᠪᠡᠯᠵᠢᠨ ᠮᠧᠲᠷ  ᠪᠦᠷᠢ  ᠶᠢ 0.75 ᠲᠣᠨ ᠢᠶᠠᠷ ᠨᠤᠭᠤᠯᠤᠨ  ᠪᠣᠳᠤᠨ᠎ᠠ︔  ᠬᠤᠷᠢᠶᠠᠨ ᠬᠠᠳᠠᠭᠠᠯᠠᠬᠤ ᠡᠵᠡᠯᠡᠬᠦᠨ ᠤ ᠲᠤᠭ᠎ᠠ ᠨᠢ 550 ᠪᠣᠰᠤᠭ᠎ᠠ ᠳᠥᠷᠪᠡᠯᠵᠢᠨ ᠮᠧᠲᠷ ᠠᠴᠠ ᠶᠡᠭᠡ  ︵ᠪᠤᠶᠤ ᠲᠡᠩᠴᠡᠭᠦᠦ︶ ᠪᠣᠯ  ᠪᠣᠰᠤᠭ᠎ᠠ ᠳᠥᠷᠪᠡᠯᠵᠢᠨ ᠮᠧᠲᠷ  ᠪᠦᠷᠢ  ᠶᠢ 0.8 ᠲᠣᠨ ᠢᠶᠠᠷ ᠨᠤᠭᠤᠯᠤᠨ ᠪᠣᠳᠣᠨ᠎ᠠ ᠃     ᠬᠥᠬᠡ ᠳᠠᠷᠤᠰᠢ ᠶᠢᠨ ᠵᠣᠭᠤᠷᠢ ᠶᠢᠨ ᠡᠵᠡᠯᠡᠬᠦᠨ ᠢ ᠡᠷᠬᠡᠪᠰᠢ  ᠲᠠᠷᠦᠰᠢᠭᠤᠯᠬᠤ ᠠᠴᠠ ᠡᠮᠦᠨ᠎ᠡ ᠬᠡᠮᠵᠢᠯᠲᠡ ᠬᠢᠵᠦ᠂  ᠲᠠᠷᠦᠰᠢᠭᠤᠯᠤᠭᠰᠠᠨ ᠤ ᠳᠠᠷᠠᠭ᠎ᠠ ᠪᠣᠳᠠᠲᠠᠢ ᠭᠠᠵᠠᠷ ᠲᠤᠨᠢ  ᠪᠣᠳᠠᠳᠠᠢ ᠲᠠᠷᠦᠰᠢᠭᠤᠯᠤᠭᠰᠠᠨ ᠬᠡᠮᠵᠢᠯᠲᠡ ᠬᠢᠵᠦ᠂ ᠬᠥᠬᠡ ᠳᠠᠷᠤᠰᠢ ᠶᠢᠨ ᠡᠵᠡᠯᠡᠬᠦᠨ ᠢ ᠲᠣᠭᠲᠠᠭᠠᠨ᠎ᠠ᠃    2. ᠬᠤᠷᠢᠶᠠᠨ ᠬᠠᠳᠠᠭᠠᠯᠠᠬᠤ ᠥᠮᠴᠢᠲᠡᠨ ᠥᠪᠡᠷ ᠤᠨ ᠲᠡᠵᠢᠭᠡᠯ ᠪᠣᠷᠳᠣᠭᠠᠨ ᠤ ᠭᠠᠵᠠᠷ ᠪᠤᠶᠤ ᠡᠷᠭᠢᠯᠲᠡ ᠳᠤ  ᠣᠷᠤᠭᠤᠯᠤᠰᠠᠨ ᠲᠡᠵᠢᠭᠡᠯ ᠪᠣᠷᠳᠣᠭᠠᠨ ᠤ ᠭᠠᠵᠠᠷ ᠲᠠᠭᠠᠨ  ᠬᠥᠬᠡ ᠲᠠᠷᠦᠰᠢᠭᠤᠯᠬᠤ ᠶᠢᠨ ᠡᠷᠳᠡᠨᠢ ᠰᠢᠰᠢ  ᠲᠠᠷᠢᠪᠠᠯ᠂ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠭᠡᠷᠡᠴᠢ ᠪᠤᠶᠤ ᠭᠡᠷ᠎ᠡ ᠶᠢ ᠬᠠᠩᠭᠠᠬᠤ ᠬᠡᠷᠡᠭᠲᠡᠢ︔ ᠬᠤᠷᠢᠶᠠᠨ ᠬᠠᠳᠠᠭᠠᠯᠠᠬᠤ ᠥᠮᠴᠢᠲᠡᠨ ᠲᠠᠷᠢᠶᠠᠴᠢᠨ ᠡᠷᠦᠬᠡ  ᠠᠴᠠ ᠵᠠᠬᠢᠶᠠᠯᠠᠭ᠎ᠠ ᠪᠠᠷ ᠬᠤᠳᠠᠯᠳᠤᠨ  ᠠᠪᠤᠭᠰᠠᠨ ᠪᠣᠯ᠂ ᠬᠤᠳᠠᠯᠳᠤᠨ ᠠᠪᠤᠭᠰᠠᠨ ᠪᠠᠷᠢᠮᠲᠠ᠂ ᠬᠤᠳᠠᠯᠳᠤᠨ ᠠᠪᠬᠤ ᠭᠡᠷ᠎ᠡ ᠪᠠᠨ ᠬᠠᠩᠭᠠᠬᠤ ᠬᠡᠷᠡᠭᠲᠡᠢ︔ ᠬᠤᠳᠠᠯᠳᠤᠨ ᠠᠪᠬᠤ ᠥᠮᠴᠢᠲᠡᠨ ᠰᠢᠭᠤᠳ ᠲᠠᠷᠢᠶᠠᠴᠢᠨ ᠡᠷᠦᠬᠡ  ᠠᠴᠠ ᠬᠥᠬᠡ ᠳᠠᠷᠤᠰᠢ ᠶᠢᠨ ᠡᠷᠳᠡᠨᠢ ᠰᠢᠰᠢ ᠶᠢ ᠬᠤᠳᠠᠯᠳᠤᠨ ᠠᠪᠤᠭᠰᠠᠨ ᠪᠠᠶᠢᠪᠠᠯ᠂ ᠬᠥᠬᠡ ᠳᠠᠷᠤᠰᠢ ᠶᠢᠨ ᠡᠷᠳᠡᠨᠢ ᠰᠢᠰᠢ ᠬᠤᠳᠠᠯᠳᠤᠨ ᠠᠪᠬᠤ ᠭᠡᠷᠡᠴᠢ ᠮᠠᠲ᠋ᠧᠷᠢᠶᠠᠯ ︵ᠵᠢᠱᠢᠶᠡᠯᠡᠪᠡᠯ ᠪᠠᠷᠢᠮᠲᠠ᠂ ᠵᠢᠩᠨᠡᠭᠦᠷ ᠤᠨ ᠬᠠᠭᠤᠳᠠᠰᠤ ᠵᠡᠷᠭᠡ︶ ᠢ ᠬᠠᠩᠭᠠᠬᠤ ᠬᠡᠷᠡᠭᠲᠡᠢ᠃    2.4.2  ᠨᠦᠭᠡᠴᠡ ᠶᠢ ᠳᠡᠭᠡᠭᠰᠢ ᠮᠡᠳᠡᠭᠦᠯᠬᠦ᠂ ᠬᠢᠨᠠᠨ ᠬᠠᠷᠭᠤᠭᠤᠯᠬᠤ    ᠰᠤᠮᠤ ᠪᠠᠯᠭᠠᠰᠤ ᠪᠠᠷ ᠨᠢᠭᠡᠴᠢ ᠪᠣᠯᠭᠠᠵᠤ᠂ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠳᠠᠷᠤᠰᠢᠭᠤᠯᠬᠤ ᠵᠣᠭᠤᠷᠢ ᠶᠢᠨ ᠣᠷᠣᠨ ᠪᠠᠶᠢᠷᠢ᠂ ᠡᠵᠡᠯᠡᠬᠦᠨ ᠢ ᠬᠢᠨᠠᠨ ᠬᠠᠷᠭᠤᠭᠤᠯᠵᠤ ᠳᠠᠩᠰᠠᠯᠠᠨ ᠲᠡᠮᠳᠡᠭᠯᠡᠵᠦ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ᠂ ᠠᠯᠠᠰᠢᠨ ᠦᠬᠡᠷ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠪᠠᠷ ᠭᠠᠷ ᠤᠨ ᠦᠰᠦᠭ  ᠵᠢᠷᠤᠭᠤᠯᠤᠨ ᠲᠠᠮᠠᠭ᠎ᠠ ᠳᠠᠷᠤᠭᠤᠯᠵᠤ ᠮᠡᠳᠡᠷᠡᠭᠰᠡᠨ ᠤ ᠳᠠᠷᠠᠭ᠎ᠠ᠂  ᠰᠤᠮᠤ ᠪᠠᠯᠭᠠᠰᠤᠨ ᠤ ᠵᠠᠰᠠᠭ ᠤᠨ ᠣᠷᠳᠣᠨ ᠬᠤᠷᠢᠶᠠᠩᠭᠤᠶᠢᠯᠠᠨ ᠲᠠᠮᠠᠭ᠎ᠠ  ᠳᠠᠷᠤᠭᠠᠳ  ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠵᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ  ᠰᠤᠮᠤ  ᠪᠠᠯᠭᠠᠰᠤᠨ ᠤ ᠳᠡᠭᠡᠭᠰᠢ ᠮᠡᠳᠡᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶  ᠶᠢᠨ 20% ᠠᠴᠠ ᠳᠡᠭᠡᠭᠰᠢᠬᠢ  ᠶᠢ ᠰᠤᠭᠤᠴᠢᠨ ᠪᠠᠶᠢᠴᠠᠭᠠᠵᠤ ᠬᠢᠨᠠᠨ ᠬᠠᠷᠭᠤᠭᠤᠯᠤᠨ᠎ᠠ᠃    ᠳᠡᠭᠡᠷ᠎ᠡ ᠳᠤᠷᠠᠳᠤᠭᠰᠠᠨ ᠨᠤᠲᠠᠯᠠᠬᠤ ᠮᠠᠲ᠋ᠧᠷᠢᠶᠠᠯ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂  ᠰᠤᠮᠤ ᠪᠠᠯᠭᠠᠰᠤ ᠪᠠ ᠨᠥᠬᠦᠪᠥᠷᠢ ᠥᠭᠬᠦ ᠡᠲᠡᠭᠡᠳ ᠲᠤᠰ ᠪᠦᠷᠢ ᠦᠯᠡᠳᠡᠭᠡᠨ ᠲᠠᠩᠰᠠᠯᠠᠵᠤ  ᠬᠠᠳᠠᠭᠠᠯᠠᠨ᠎ᠠ ᠃    2.5 ᠨᠥᠬᠦᠪᠥᠷᠢ ᠪᠡᠯᠡ ᠮᠥᠩᠭᠦ ᠣᠯᠭᠤᠬᠤ ᠠᠯᠬᠤᠮ    ᠨᠥᠬᠦᠪᠥᠷᠢ ᠶᠢᠨ ᠪᠡᠯᠡ ᠮᠥᠩᠭᠦ ᠶᠢ ᠣᠯᠭᠤᠬᠤ ᠳᠤ ︽ᠤᠷᠢᠳᠠᠪᠠᠷ ᠬᠠᠳᠠᠭᠠᠯᠠᠵᠤ ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠮᠠᠶ᠋ᠢᠭ ᠢ ᠬᠡᠷᠡᠭᠯᠡᠨ᠎ᠡ᠃ ᠡᠯ᠎ᠡ  ᠰᠤᠮᠤ ᠪᠠᠯᠭᠠᠰᠤᠨ ᠤ ᠵᠠᠰᠠᠭ ᠤᠨ ᠣᠷᠳᠣᠨ ᠨᠥᠬᠦᠪᠥᠷᠢ ᠭᠤᠶᠤᠴᠢᠯᠠᠬᠤ ᠡᠲᠡᠭᠡᠳ ᠢ ᠠᠩᠬ᠎ᠠ ᠠᠯᠬᠤᠮ ᠬᠢᠨᠠᠨ ᠬᠠᠷᠭᠤᠭᠤᠯᠵᠤ᠂ ᠠᠩᠬᠠᠨ ᠤ ᠬᠢᠨᠠᠯᠲᠠ ᠶᠢ ᠪᠠᠲᠤᠯᠠᠭᠰᠠᠨ ᠤ ᠳᠠᠷᠠᠭ᠎ᠠ᠂ ᠲᠤᠰᠬᠠᠢ ᠬᠥᠮᠦᠨ ᠲᠣᠮᠢᠯᠠᠨ  ᠬᠥᠬᠡ ᠳᠠᠷᠤᠰᠢ ᠶᠢᠨ  ᠬᠠᠳᠠᠭᠠᠯᠠᠨ ᠬᠤᠷᠢᠶᠠᠬᠤ ᠬᠡᠮᠵᠢᠶ᠎ᠡ ᠶᠢ ᠬᠢᠨᠠᠨ ᠲᠣᠭᠲᠠᠭᠠᠵᠤ᠂ ᠬᠤᠷᠢᠶᠠᠨ ᠬᠠᠳᠠᠭᠠᠯᠠᠬᠤ ᠥᠮᠴᠢᠲᠡᠨ᠂ ᠬᠢᠨᠠᠨ ᠪᠠᠶᠢᠴᠠᠭᠠᠬᠤ ᠠᠵᠢᠯᠲᠠᠨ ᠬᠠᠮᠲᠤ ᠪᠠᠷ ᠭᠠᠷ ᠤᠨ ᠦᠰᠦᠭ ᠵᠢᠷᠤᠭᠤᠯᠵᠤ ᠨᠤᠲᠠᠯᠠᠭᠤᠯᠤᠨ᠎ᠠ᠃ ᠨᠥᠬᠦᠪᠥᠷᠢ ᠥᠭᠬᠦ ᠡᠲᠡᠭᠡᠳ᠂ ᠨᠥᠬᠦᠪᠥᠷᠢ ᠥᠭᠬᠦ ᠬᠡᠮᠵᠢᠶ᠎ᠡ᠂ ᠨᠥᠬᠦᠪᠥᠷᠢ ᠥᠭᠬᠦ ᠲᠤᠭ᠎ᠠ ᠬᠡᠮᠵᠢᠶ᠎ᠡ ᠵᠡᠷᠭᠡ ᠶᠢ ᠬᠢᠨᠠᠨ ᠬᠠᠷᠭᠤᠭᠤᠯᠵᠤ  ᠪᠤᠷᠤᠭᠤ ᠦᠭᠡᠢ ᠪᠣᠯᠤᠭᠰᠠᠨ ᠤ ᠳᠠᠷᠠᠭ᠎ᠠ ᠢᠯᠡ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠂ ᠵᠠᠷᠯᠠᠨ ᠨᠡᠶᠢᠲᠡᠯᠡᠭᠰᠡᠨ ᠦᠷ᠎ᠡ ᠳ᠋ᠦᠩ ᠨᠢ ᠣᠨᠳᠣᠣ ᠰᠠᠨᠠᠯ ᠲᠠᠢ ᠪᠠᠶᠢᠪᠠᠯ᠂ ᠬᠠᠷᠭᠤᠭᠤᠯᠤᠨ  ᠪᠠᠶᠢᠴᠠᠭᠠᠭᠴᠢ ᠠᠴᠠ ᠳᠠᠬᠢᠨᠲᠠ ᠬᠢᠨᠠᠨ ᠬᠠᠷᠭᠤᠭᠤᠯᠵᠤ ᠢᠯᠡ ᠨᠡᠶᠢᠲᠡᠯᠡᠬᠦ ᠴᠢᠬᠤᠯᠠᠲᠠᠢ᠂ ᠣᠨᠳᠣᠣ ᠰᠠᠨᠠᠯ ᠦᠭᠡᠢ ᠪᠣᠯ ᠡᠯ᠎ᠡ  ᠰᠤᠮᠤ ᠪᠠᠯᠭᠠᠰᠤᠨ ᠤ ᠵᠠᠰᠠᠭ ᠤᠨ ᠣᠷᠳᠣᠨ ᠨᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠵᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠨᠢᠭᠡᠳᠦᠯᠲᠡᠢ ᠪᠦᠬᠦ  ᠲᠤᠭᠤᠷᠢᠭ ᠲᠤ ᠵᠠᠷᠯᠠᠨ ᠨᠡᠶᠢᠲᠡᠯᠡᠵᠦ᠂ ᠨᠡᠶᠢᠲᠡᠯᠡᠬᠦ ᠬᠤᠭᠤᠴᠠᠭ᠎ᠠ ᠨᠢ 5 ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠃ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂  ᠡᠯ᠎ᠡ ᠬᠤᠷᠢᠶᠠᠨ ᠬᠠᠳᠠᠭᠠᠯᠠᠬᠤ ᠥᠮᠴᠢᠲᠡᠨ ᠤ ᠬᠤᠳᠠᠯᠳᠤᠨ  ᠠᠪᠴᠤ ᠬᠠᠳᠠᠭᠠᠯᠠᠬᠤ  ᠬᠡᠮᠵᠢᠶ᠎ᠡ ᠶᠢ ᠦᠨᠳᠦᠰᠦᠯᠡᠨ ᠨᠥᠬᠦᠪᠥᠷᠢ ᠶᠢᠨ ᠪᠡᠯᠡ ᠮᠥᠩᠭᠦ ᠶᠢ  ᠣᠯᠭᠤᠨ᠎ᠠ᠃ ᠲᠥᠷᠥᠯ ᠵᠦᠢᠯ ᠤᠨ ᠪᠡᠯᠡ ᠮᠥᠩᠭᠦ  ᠬᠡᠷᠪᠡ ᠲᠤᠬᠠᠢ ᠶᠢᠨ ᠵᠢᠯ ᠳᠤ ᠦᠯᠡᠳᠡᠪᠦᠷᠢ ᠲᠠᠢ ᠪᠠᠶᠢᠪᠠᠯ᠂ ᠳᠠᠷᠠᠭ᠎ᠠ ᠵᠢᠯ ᠳᠤ ᠰᠢᠯᠵᠢᠭᠦᠯᠵᠦ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠬᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ ᠪᠣᠯᠤᠨ᠎ᠠ᠃    2.6 ︽ᠠᠮᠤ ᠪᠤᠳᠠᠭ᠎ᠠ ᠶᠢ  ᠲᠡᠵᠢᠭᠡᠯ ᠪᠣᠷᠳᠤᠭ᠎ᠠ  ᠪᠣᠯᠭᠠᠨ ᠦᠭᠡᠷᠡᠴᠢᠯᠡᠬᠦ︾ ᠠᠵᠢᠯ ᠤᠨ ᠳᠠᠩᠰᠠ ᠡᠪᠬᠡᠮᠡᠯ ᠢ  ᠲᠡᠭᠦᠯᠳᠡᠷᠵᠢᠭᠦᠯᠦᠨ᠎ᠡ    ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ︾ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠨᠥᠬᠦᠪᠥᠷᠢ ᠶᠢᠨ ᠳᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠵᠦ᠂ ︽ᠠᠮᠤ ᠪᠤᠳᠠᠭ᠎ᠠ ᠶᠢ  ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ︾ ᠨᠥᠬᠦᠪᠥᠷᠢ ᠶᠢᠨ ᠬᠦᠰᠦᠨᠦᠭᠲᠦ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠲᠥᠰᠦᠯ᠂ ᠵᠠᠷᠯᠠᠨ ᠨᠡᠶᠢᠳᠡᠯᠡᠭᠰᠡᠨ ᠮᠠᠲ᠋ᠧᠷᠢᠶᠠᠯ᠂  ᠳᠦᠷᠰᠦ ᠰᠢᠩᠭᠡᠭᠡᠯᠳᠠ ᠶᠢᠨ ᠮᠠᠲ᠋ᠧᠷᠢᠶᠠᠯ ᠵᠡᠷᠭᠡ ᠳᠤ ᠳᠠᠩᠰᠠ ᠡᠪᠬᠡᠮᠡᠯ ᠪᠠᠶᠢᠭᠤᠯᠬᠤ ᠬᠡᠷᠡᠭᠲᠡᠢ᠃ ᠨᠥᠬᠦᠪᠥᠷᠢ ᠣᠯᠭᠤᠬᠤ ᠡᠲᠡᠭᠡᠳ ᠨᠢ ᠨᠠᠷᠢᠨ ᠲᠣᠳᠣᠷᠬᠠᠢ ᠨᠥᠬᠦᠪᠥᠷᠢ ᠶᠢᠨ ᠡᠬᠡ ᠳᠠᠩᠰᠠ  ᠪᠠᠶᠢᠭᠤᠯᠬᠤ ᠭᠡᠷᠡᠭᠳᠡᠢ᠄ ᠨᠢᠭᠡ ᠳᠤ ᠂ ᠬᠥᠬᠡ ᠳᠠᠷᠤᠰᠢ ᠶᠢᠨ ᠵᠣᠭᠤᠷᠢ ᠶᠢᠨ ᠡᠵᠡᠯᠡᠭᠦᠨ᠂  ᠬᠠᠳᠠᠭᠠᠯᠠᠨ ᠬᠤᠷᠢᠶᠠᠬᠤ ᠬᠡᠮᠵᠢᠶ᠎ᠡ᠂ ᠨᠥᠬᠦᠪᠥᠷᠢ ᠶᠢᠨ ᠵᠣᠭᠤᠰ ᠤᠨ ᠲᠤᠭ᠎ᠠ᠂ ᠦᠬᠡᠷ ᠬᠤᠨᠢ ᠮᠠᠯ ᠤᠨ ᠲᠤᠭ᠎ᠠ ᠬᠡᠮᠵᠢᠶ᠎ᠡ ᠵᠡᠷᠭᠡ  ᠪᠠᠶᠢᠳᠠᠯ ᠢ ᠬᠦᠰᠦᠨᠦᠭᠲᠦ  ᠵᠣᠬᠢᠶᠠᠨ ᠳᠠᠩᠰᠠᠯᠠᠠ ᠲᠡᠮᠳᠡᠭᠯᠡᠵᠤ᠂ ᠭᠠᠷ ᠤᠨ ᠦᠰᠦᠭ ᠵᠢᠷᠤᠵᠤ ᠳᠠᠩᠰᠠ ᠡᠪᠬᠡᠮᠡᠯ ᠳᠤ  ᠣᠷᠤᠭᠤᠯᠤᠨ  ᠬᠠᠳᠠᠭᠠᠯᠠᠨ᠎ᠠ︔ ᠬᠤᠶᠠᠷ ᠲᠤ᠂ ᠬᠥᠬᠡ ᠳᠠᠷᠤᠰᠢ ᠶᠢᠨ ᠵᠣᠭᠤᠷᠢ ᠶᠢ ᠬᠡᠮᠵᠢᠬᠦ᠂ ᠢᠯᠡ ᠨᠡᠶᠢᠲᠡᠯᠡᠬᠦ ᠵᠡᠷᠭᠡ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠨ᠎ᠠ᠃    ᠭᠤᠷᠪᠠ᠂ ᠲᠥᠷᠥᠯ ᠵᠦᠢᠯ ᠤᠨ ᠪᠡᠯᠡ ᠣᠷᠣᠭᠤᠯᠤᠯᠲᠠ    2024 ᠣᠨ ᠳᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠶᠢ ᠪᠥᠬᠦ ᠰᠢᠶᠠᠨ ᠢᠶᠠᠷ ᠠᠬᠢᠭᠤᠯᠬᠤ ᠲᠥᠷᠥᠯ ᠵᠦᠢᠯ ᠤᠨ  ᠬᠥᠬᠡ ᠳᠠᠷᠤᠰᠢ ᠶᠢᠨ ᠬᠡᠮᠵᠢᠶ᠎ᠡ ᠶᠢ 1.9 ᠲᠦᠮᠡᠨ ᠲᠣᠨ ᠳᠤ ᠬᠦᠷᠦᠭᠦᠯᠵᠦ᠂ ᠤᠯᠤᠰ ᠤᠨ ᠨᠥᠬᠦᠪᠥᠷᠢ ᠶᠢᠨ ᠪᠡᠯᠡ ᠮᠥᠩᠭᠦ 95 ᠲᠦᠮᠡᠨ ᠲᠥᠭᠦᠷᠢᠭ ᠲᠤ ᠬᠦᠷᠦᠭᠦᠯᠦᠨ᠎ᠡ᠃    ᠳᠥᠷᠪᠡ᠂ ᠲᠥᠷᠥᠯ ᠵᠦᠢᠯ ᠢ ᠵᠣᠬᠢᠶᠠᠨ ᠪᠠᠶᠢᠭᠤᠯᠤᠨ ᠬᠠᠮᠢᠶᠠᠷᠬᠤ ᠪᠠ ᠪᠠᠲᠤᠯᠠᠬᠤ ᠠᠷᠭ᠎ᠠ ᠬᠡᠮᠵᠢᠶ᠎ᠡ    4.1 ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ    ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠮᠠᠨ ᠤ ᠲᠤᠭᠤᠷᠢᠭ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠥᠷᠥᠯ ᠵᠦᠢᠯ ᠤᠨ ᠬᠠᠷᠠᠯᠲᠠ ᠡᠭᠦᠷᠭᠡ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠪᠡᠯᠡ ᠮᠥᠩᠭᠦ ᠶᠢᠨ ᠬᠡᠷᠡᠭᠯᠡᠯᠲᠡ ᠶᠢ ᠴᠢᠩᠳᠠᠯᠠᠵᠤ᠂ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠷᠠᠭᠤᠯᠤᠨ᠂ ᠲᠤᠷᠰᠢᠯᠲᠠ ᠶᠢᠨ ᠴᠡᠭ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃    4.2 ᠠᠵᠢᠯ ᠤᠨ ᠲᠥᠰᠦᠯ ᠲᠣᠭᠲᠠᠭᠠᠬᠤ    ︽ᠵᠢᠦ ᠶᠤᠸᠠᠨ ᠲᠣᠭᠤᠷᠢᠭ ᠤᠨ 2024 ᠣᠨ ᠤ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠶᠢ ᠪᠥᠬᠦ ᠰᠢᠶᠠᠨ ᠢᠶᠠᠷ ᠠᠬᠢᠭᠤᠯᠬᠤ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠲᠥᠷᠥᠯ ᠵᠦᠢᠯ ᠤᠨ ᠬᠠᠷᠠᠯᠲᠠ ᠡᠭᠦᠷᠭᠡ᠂ ᠬᠡᠷᠡᠭᠵᠢᠭᠦᠯᠬᠦ ᠭᠤᠣᠯ ᠴᠣᠭᠴᠠ᠂ ᠨᠥᠬᠦᠪᠥᠷᠢ ᠥᠭᠬᠦ ᠪᠠᠷᠢᠮᠵᠢᠶ᠎ᠠ᠂ ᠨᠥᠬᠦᠪᠥᠷᠢ ᠥᠭᠬᠦ ᠠᠷᠭ᠎ᠠ ᠮᠠᠶ᠋ᠢᠭ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃    4.3 ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ    ᠨᠢᠭᠡ ᠳᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠷᠥᠯ ᠵᠦᠢᠯ ᠤᠨ ᠮᠡᠷᠭᠡᠵᠢᠯ ᠤᠨ ᠵᠢᠭᠠᠨ ᠵᠢᠯᠣᠭᠤᠳᠣᠭᠴᠢ ᠶᠢ ᠠᠰᠢᠭᠯᠠᠨ᠂ ᠲᠠᠷᠢᠶᠠᠨ ᠭᠠᠵᠠᠷ ᠲᠤ ᠭᠦᠨᠵᠡᠭᠡᠶᠢᠷᠡᠨ ᠲᠤᠬᠠᠢ ᠶᠢᠨ ᠲᠠᠯᠠᠪᠤᠷ ᠤᠨ ᠮᠡᠷᠭᠡᠵᠢᠯ ᠤᠨ ᠵᠢᠯᠣᠭᠤᠳᠣᠯᠭ᠎ᠠ ᠦᠷᠨᠢᠭᠦᠯᠦᠨ᠎ᠡ᠃ ᠬᠤᠶᠠᠷ ᠲᠤ᠂ ᠰᠢᠷ᠎ᠠ ᠪᠤᠷᠴᠠᠭ᠂ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠢ ᠳᠡᠯᠭᠡᠷᠡᠭᠦᠯᠦᠨ ᠬᠡᠷᠡᠭᠯᠡᠬᠦ ᠮᠡᠷᠭᠡᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠦᠨ᠎ᠡ᠃ ᠭᠤᠷᠪᠠ ᠳᠤ᠂ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯᠲᠠᠨ ᠪᠠ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠥᠪᠡᠷᠲᠡᠭᠡᠨ ᠵᠠᠰᠠᠬᠤ ᠣᠷᠣᠨ ᠤ  ᠪᠠ ᠪᠤᠭᠤᠲᠤ ᠬᠤᠲᠠ ᠶᠢᠨ ᠰᠦᠯᠵᠢᠶᠡᠨ ᠳᠡᠭᠡᠷᠡᠬᠢ ᠂ ᠰᠦᠯᠵᠢᠶᠡᠨ ᠭᠠᠳᠠᠨᠠᠬᠢ ᠮᠡᠷᠭᠡᠵᠢᠯ ᠤᠨ ᠪᠣᠯᠪᠠᠰᠤᠷᠠᠭᠤᠯᠤᠯ ᠳᠤ ᠣᠷᠣᠯᠴᠠᠭᠤᠯᠤᠨ᠎ᠠ᠃ ᠳᠥᠷᠪᠡ ᠳᠤ᠂ ᠬᠤᠳᠠᠯᠳᠤᠨ ᠠᠪᠴᠤ ᠬᠠᠳᠠᠭᠠᠯᠠᠬᠤ ᠬᠤᠭᠤᠴᠠᠭᠠᠨ ᠳᠤ᠂ ᠬᠤᠲᠠ ᠶᠢᠨ  ᠲᠡᠰ  ᠤᠨ᠂ ᠲᠣᠭᠤᠷᠢᠭ ᠤᠨ ᠲᠠᠰ ᠤᠨ ᠲᠤᠰᠬᠠᠢ ᠮᠡᠷᠭᠡᠵᠢᠯᠲᠡᠨ ᠤ ᠦᠢᠯᠡᠴᠢᠯᠡᠭᠡᠨ ᠤ ᠪᠦᠯᠬᠦᠮ ᠨᠢ ᠲᠥᠷᠥᠯ ᠵᠦᠢᠯ  ᠤᠨ ᠲᠤᠬᠠᠢ ᠶᠢᠨ ᠭᠠᠵᠠᠷ ᠲᠤ  ᠭᠦᠨᠵᠡᠭᠡᠶᠢᠷᠡᠨ ᠪᠠᠶᠢᠴᠠᠭᠠᠨ ᠵᠢᠯᠣᠭᠤᠳᠬᠤ ᠪᠠ ᠰᠠᠨᠠᠯ ᠢᠶᠠᠨ  ᠰᠣᠯᠢᠯᠴᠠᠨ᠎ᠠ᠃    4.4 ᠬᠢᠨᠠᠯᠲᠠ ᠬᠠᠮᠢᠶᠠᠷᠤᠯᠲᠠ  ᠪᠠᠨ ᠴᠢᠩᠭᠠᠳᠬᠠᠨ᠎ᠠ    ᠨᠢᠭᠡ ᠳᠤ᠂ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ᠮᠡᠳᠡᠭᠡ ᠵᠠᠩᠭᠢ ᠶᠢ ᠪᠦᠷᠢᠳᠬᠡᠬᠦ ᠠᠵᠢᠯ ᠢ ᠴᠢᠩᠭᠠᠳᠬᠠᠵᠤ᠂ ᠮᠡᠳᠡᠭᠡ ᠵᠠᠩᠭᠢ ᠶᠢ ᠪᠦᠷᠢᠳᠬᠡᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠨᠢ ᠴᠠᠭ ᠲᠤᠬᠠᠢ ᠳᠤᠨᠢ ᠂ ᠣᠨᠣᠪᠴᠢᠲᠠᠢ᠂ ᠪᠦᠷᠢᠨ ᠲᠦᠬᠦᠷ ᠪᠠᠶᠢᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠠᠯ ᠠᠵᠤ ᠠᠬᠤᠢ ᠮᠠᠯ ᠡᠮᠨᠡᠯᠭᠡ ᠶᠢᠨ ᠲᠣᠪᠴᠢᠶ᠎ᠠ ᠶᠢᠨ  ᠬᠥᠬᠡ ᠳᠠᠷᠤᠰᠢ ᠶᠢᠨ ᠲᠡᠵᠢᠭᠡᠯ ᠪᠣᠷᠳᠣᠭᠠᠨ ᠤ ᠶᠠᠰᠤ ᠴᠢᠨᠠᠷ ᠢ ᠮᠥᠷᠳᠡᠨ ᠦᠨᠡᠯᠡᠵᠦ ᠦᠯᠢᠭᠡᠷ ᠠᠪᠬᠤ ᠠᠵᠢᠯ ᠢ ᠥᠷᠨᠢᠭᠦᠯᠬᠦ ᠳᠤ ᠢᠳᠡᠪᠬᠢᠲᠡᠢ ᠣᠷᠣᠯᠴᠠᠨ᠎ᠠ᠃ ᠭᠤᠷᠪᠠ ᠳᠤ᠂ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠳᠠᠩᠰᠠ ᠡᠪᠬᠡᠮᠡᠯ ᠤᠨ ᠮᠠᠲ᠋ᠧᠷᠢᠶᠠᠯ ᠢ ᠲᠡᠭᠦᠯᠳᠡᠷᠵᠢᠭᠦᠯᠵᠦ᠂  ᠡᠯᠪᠡᠭᠵᠢᠭᠦᠯᠵᠦ᠂ ᠡᠮᠬᠢᠯᠡᠵᠦ  ᠲᠡᠭᠰᠢᠯᠡᠨ᠎ᠡ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠦᠨᠡᠯᠡᠬᠦ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠳᠥᠷᠪᠡ ᠳᠤ᠂ ᠰᠤᠮᠤ  ᠪᠠᠯᠭᠠᠰᠥ ᠬᠡᠷᠡᠭ ᠡᠷᠬᠢᠯᠡᠬᠦ ᠭᠠᠵᠠᠷ  ᠨᠢ ᠲᠤᠭ᠎ᠠ ᠪᠦᠷᠢᠳᠬᠡᠯ ᠤᠨ ᠪᠠᠷᠢᠮᠲᠠ ᠶᠢ ᠳᠡᠭᠡᠭᠰᠢ ᠮᠡᠳᠡᠭᠦᠯᠦᠭᠰᠡᠨ ᠤ ᠳᠠᠷᠠᠭ᠎ᠠ᠂  ᠲᠤᠭᠤᠷᠢᠭ ᠤᠨ ᠲᠡᠰ ᠤᠨ ᠰᠠᠯᠠᠭ᠎ᠠ ᠮᠥᠴᠢᠷ ᠠᠴᠠ 20% ᠶᠢᠨ ᠬᠠᠷᠢᠴᠠᠯ ᠢᠶᠠᠷ ᠰᠤᠭᠤᠴᠢᠨ ᠪᠠᠶᠢᠴᠠᠭᠠᠬᠤ ᠶᠢᠨ ᠬᠠᠮᠲᠤ ᠂ ᠠᠵᠤ ᠠᠬᠤᠶᠢᠯᠠᠯ ᠢᠶᠠᠷ ᠠᠮᠠᠯᠠᠭᠤᠯᠵᠤ᠂ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃    ᠵᠢᠦ  ᠶᠤᠸᠠᠨ ᠲᠣᠭᠤᠷᠢᠭ ᠤᠨ ᠠᠮᠤ ᠪᠤᠳᠠᠭ᠎ᠠ  ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ  ᠶᠢ ᠪᠦᠬᠦ ᠰᠢᠶᠡᠨ ᠢᠶᠠᠷ ᠠᠬᠢᠭᠤᠯᠬᠤ ᠲᠤᠷᠰᠢᠯᠳᠠ ᠶᠢᠨ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ    ᠮᠠᠨ ᠤ ᠲᠤᠭᠤᠷᠢᠭ ᠤᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠶᠢ ᠪᠦᠬᠦ ᠰᠢᠶᠠᠨ ᠢᠶᠠᠷ ᠠᠬᠢᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠤᠷᠤᠭᠰᠢᠲᠠᠢ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠶᠢ ᠪᠦᠬᠦ ᠰᠢᠶᠠᠨ ᠢᠶᠠᠷ ᠠᠬᠢᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠣᠨᠴᠠᠭᠠᠶᠢᠯᠠᠨ ᠪᠠᠶᠢᠭᠤᠯᠵᠤ᠂ ᠪᠣᠳᠠᠲᠠᠢ ᠪᠦᠷᠢᠯᠳᠦᠬᠦᠨ ᠬᠡᠰᠢᠬᠦᠨ ᠨᠢ ᠳᠣᠣᠷᠠᠬᠢ ᠮᠡᠲᠦ᠄    ᠳᠤᠭᠤᠶᠢᠯᠠᠩ ᠤᠨ ᠳᠠᠷᠤᠭ᠎ᠠ᠄    ᠯᠢᠦ ᠰᠢᠶᠣᠤ ᠫᠢᠩ     ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄    ᠸᠠᠩ ᠵᠢᠶᠠᠩ ᠯᠠᠨ     ᠲᠣᠭᠤᠷᠢᠭ ᠤᠨ ᠵᠠᠰᠠᠭ ᠤᠨ ᠣᠷᠳᠣᠨ ᠤ ᠳᠡᠳ᠋  ᠲᠤᠭᠤᠷᠢᠭ ‍ᠤᠨ‌‍ᠲ᠋ᠠᠷᠤᠭ᠎ᠠ    ᠪᠦᠷᠢᠯᠳᠦᠬᠦᠨ᠄   ᠬᠥᠭᠵᠢᠯᠲᠦ     ᠬᠤᠷᠢᠨᠭᠡᠷ ᠪᠠᠯᠭᠠᠰᠤᠨ ᠤ  ᠪᠠᠯᠭᠠᠰᠥᠨ ᠳᠠᠷᠤᠭ᠎ᠠ    ᠱᠢ ᠵᠦ᠋ᠩ  ᠴᠢᠥᠸᠠᠨ    ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ    ᠳ᠋ᠦ᠋ ᠰᠢᠶᠠᠨ ᠳ᠋ᠦᠩ     ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ    ᠯᠢᠦ ᠶᠠ ᠯᠢ     ᠲᠣᠭᠤᠷᠢᠭ ᠤᠨ ᠬᠢᠨᠠᠨ ᠪᠣᠳᠣᠬᠤ ᠲᠣᠪᠴᠢᠶᠠᠨ ᠤ ᠲᠣᠪᠴᠢᠶᠠᠨ ᠳᠠᠷᠤᠭ᠎ᠠ    ᠯᠢᠦ ᠫᠧᠩ ᠴᠧᠩ     ᠠᠭᠠᠷᠤᠲᠠᠢ ᠰᠤᠮᠤ ᠶᠢᠨ ᠰᠤᠮᠤᠨ ᠳᠠᠷᠤᠭ᠎ᠠ    ᠲᠠᠩ ᠹᠧᠢ      ᠬᠤᠶᠠᠷᠬᠤᠳᠳᠤᠭ ᠪᠠᠯᠭᠠᠰᠤᠨ ᠤ ᠪᠠᠯᠭᠠᠰᠤᠨ ᠳᠠᠷᠤᠭ᠎ᠠ    ᠯᠢᠦ ᠵᠢᠶᠠᠨ      ᠲᠠᠯᠠᠨ ᠪᠤᠯᠠᠭ ᠪᠠᠯᠭᠠᠰᠤᠨ ᠤ  ᠪᠠᠯᠭᠠᠰᠥᠨ‌‍ᠲ᠋ᠠᠷᠤᠭ᠎ᠠ    ᠯᠢᠦ ᠭᠧᠨ‌ᠬᠤ     ᠰᠠᠷᠠᠭᠤᠯ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ    ᠬᠤᠤ ᠸᠧᠨ ᠯᠢ     ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠨᠢᠭᠡᠳᠦᠭᠡᠷ ᠳᠡᠰ ᠤᠨ ᠡᠷᠬᠢᠯᠡᠭᠴᠢ ᠠᠯᠪᠠᠳᠠᠨ    ᠰᠦᠯᠳᠡ     ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ    ᠡᠯ᠎ᠡ ᠰᠤᠮᠤ ᠪᠠᠯᠭᠠᠰᠤᠨ ᠤ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ    ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ  ᠲᠠᠯᠪᠢᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠳ᠋ᠦᠩ ᠯᠢᠶᠠᠩ ᠨᠥᠬᠦᠷ ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ ᠬᠤᠤ ᠸᠧᠨ ᠯᠢ ᠨᠥᠬᠦᠷ ᠡᠭᠦᠷᠭᠡᠯᠡᠨ᠎ᠡ᠃    ᠠᠯᠪᠠᠨ ᠭᠡᠷ ᠤᠨ ᠠᠵᠢᠯ ᠤᠨ ᠭᠤᠣᠯ ᠡᠭᠦᠷᠭᠡ ᠬᠠᠷᠢᠭᠤᠴᠠᠯᠭ᠎ᠠ᠄ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠰᠤᠳᠤᠯᠤᠨ ᠲᠤᠭᠤᠷᠪᠢᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠨ᠎ᠡ︔ ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠬᠤᠰᠢᠭᠤ ᠰᠢᠶᠠᠨ ᠤ ᠨᠥᠬᠦᠪᠥᠷᠢ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂  ᠬᠥᠬᠡ ᠳᠠᠷᠤᠰᠢ ᠶᠢᠨ ᠡᠷᠳᠡᠨᠢ ᠰᠢᠰᠢ ᠲᠠᠷᠢᠬᠤ ᠬᠤᠷᠢᠶᠠᠨ ᠬᠠᠳᠠᠭᠠᠯᠠᠬᠤ ᠠᠵᠢᠯ ᠢ ᠬᠢᠨᠠᠨ ᠬᠠᠷᠭᠤᠭᠤᠯᠵᠤ ᠨᠠᠶᠢᠳᠠᠪᠤᠷᠢᠵᠢᠭᠤᠯᠤᠨ᠎ᠠ︔ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ  ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠵᠤ᠂ ᠪᠡᠯᠡ ᠮᠥᠩᠭᠦ ᠶᠢᠨ ᠲᠤᠰᠬᠠᠢ ᠵᠣᠭᠤᠰ ᠢ ᠲᠤᠰᠬᠠᠢ ᠬᠡᠷᠡᠭᠯᠡᠨ᠂ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠶᠢ ᠪᠠᠲᠤᠯᠠᠨ᠎ᠠ︔ ᠲᠥᠷᠥᠯ ᠵᠦᠢᠯ ᠢ ᠬᠡᠷᠡᠭᠵᠢᠭᠦᠯᠬᠦ ᠨᠢᠭᠡᠴᠡ᠂ ᠰᠤᠮᠤ ᠪᠠᠯᠭᠠᠰᠤᠨ ᠳᠤ ᠬᠢᠨᠠᠨ ᠰᠢᠯᠭᠠᠯᠲᠠ ᠬᠢᠬᠦ ᠶᠢ ᠬᠠᠷᠢᠭᠤᠴᠠᠵᠤ᠂ ᠰᠠᠷ᠎ᠠ  ᠪᠣᠯᠭᠠᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠳᠤ ᠵᠠᠳᠠᠯᠤᠯᠲᠠ ᠬᠢᠵᠦ᠂ ᠳ᠋ᠦᠩᠨᠡᠵᠦ᠂  ᠠᠮᠵᠢᠯᠳᠠ ᠣᠯᠤᠭᠰᠠᠨ ᠲᠤᠷᠰᠢᠯᠭ᠎ᠠ ᠶᠢ ᠴᠠᠭ ᠲᠤᠬᠠᠢ ᠳᠤᠨᠢ ᠤᠬᠠᠭᠤᠯᠤᠨ ᠳᠡᠯᠭᠡᠷᠡᠭᠦᠯᠦᠨ᠎ᠡ ︔ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠡᠯ᠎ᠡ ᠲᠥᠷᠥᠯ ᠤᠨ ᠮᠠᠲ᠋ᠧᠷᠢᠶᠠᠯ ᠢ ᠡᠮᠬᠢᠯᠡᠬᠦ᠂ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠬᠠᠷᠢᠭᠤᠴᠠᠨ᠎ᠠ᠃        ᠬᠤᠶᠢᠰᠢᠳᠠ᠂ ᠲᠣᠭᠤᠷᠢᠭ ᠤᠨ ᠤᠳᠤᠷᠢᠳᠤᠯᠭ᠎ᠠ ᠠᠴᠠ ᠭᠠᠳᠠᠨ᠎ᠠ᠂ ᠪᠤᠰᠤᠳ ᠪᠦᠷᠢᠯᠳᠦᠬᠦᠨ ᠬᠡᠰᠢᠬᠦᠨ ᠬᠡᠷᠪᠡ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠠᠴᠠ ᠥᠪᠡᠰᠦᠪᠡᠨ ᠲᠣᠬᠢᠷᠠᠭᠤᠯᠤᠯᠲᠠ ᠬᠢᠵᠦ᠂ ᠳᠠᠬᠢᠵᠤ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃                                                                                ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                     2024 ᠣᠨ ᠤ 9 ᠰᠠᠷ᠎ᠠ ᠶᠢᠨ 9 ᠤ ᠡᠳᠦᠷ            
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号