ᠡᠨᠡ ᠬᠤᠷᠢᠶᠠᠯᠠᠯ ᠨᠢ ᠨᠠᠰᠤᠲᠠᠢ ᠭᠡᠷ ᠪᠦᠯᠢ ᠶᠢᠨ ᠬᠢᠨ ᠲᠤ ᠰᠦᠢᠳᠬᠡᠯ ᠦᠭᠡᠢ ᠪᠠᠷ ᠬᠤᠷᠢᠮ ᠤᠨ ᠵᠢᠷᠤᠭ ᠰᠡᠭᠦᠳᠡᠷᠯᠡᠵᠦ ᠥᠭᠪᠡ
ᠨᠡᠶᠢᠲᠡᠯᠡᠭᠰᠡᠨ ᠴᠠᠭ᠄
2025/1/10
    ᠣᠶᠢᠷ᠎ᠠ ᠳᠤ᠂ ᠰᠠᠷᠠᠭᠤᠯ ᠵᠡᠭᠡᠯᠢ ᠭᠤᠳᠤᠮᠵᠢ ᠶᠢᠨ ᠨᠢᠭᠡᠳᠦᠭᠡᠷ ᠭᠡᠷ ᠬᠤᠷᠢᠶᠠᠯᠠᠯ ᠤᠨ ᠬᠠᠷᠢᠶᠠᠲᠤ ᠣᠷᠣᠨ ᠨᠢ ᠨᠠᠰᠤᠲᠠᠢ ᠭᠡᠷ ᠪᠦᠯᠢ ᠶᠢᠨ ᠬᠢᠨ ᠶᠢ ᠵᠣᠬᠢᠶᠠᠨ ᠪᠠᠶᠢᠭᠤᠯᠵᠤ ︽ᠨᠠᠰᠤ ᠠᠬᠢᠨ ᠵᠢᠷᠭᠠᠵᠤ᠂ ᠵᠣᠯ ᠵᠢᠷᠭᠠᠯ ᠢᠶᠠᠨ ᠦᠯᠡᠳᠡᠭᠡᠬᠦ︾ ᠰᠦᠢᠳᠬᠡᠯ ᠦᠭᠡᠢ ᠪᠠᠷ ᠬᠤᠷᠢᠮ ᠤᠨ ᠵᠢᠷᠤᠭ ᠰᠡᠭᠦᠷᠳᠡᠯᠡᠬᠦ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠵᠦ᠂ 6 ᠬᠤᠣᠰ ᠨᠠᠰᠤᠲᠠᠢ ᠪᠤᠭᠤᠷᠤᠯ ᠶᠢᠨ ᠵᠣᠯ ᠵᠢᠷᠭᠠᠯᠲᠤ ᠴᠠᠭ ᠮᠥᠴᠡ ᠶᠢ ᠲᠣᠭᠲᠠᠭᠠᠪᠠ᠂ ᠲᠡᠳᠡᠨ ᠤ ᠳᠣᠲᠣᠷ᠎ᠠ ᠬᠠᠮᠤᠭ ᠤᠨ ᠶᠡᠭᠡ ᠨᠢ 81 ᠨᠠᠰᠤ ᠲᠠᠢ᠂ ᠬᠠᠮᠤᠭ ᠤᠨ ᠪᠠᠭ᠎ᠠ ᠨᠢ ᠴᠦ 65 ᠪᠣᠯᠵᠠᠢ᠃    ᠭᠡᠷᠡᠯ ᠵᠢᠷᠤᠭ ᠤᠨ ᠪᠦᠯᠬᠦᠮ ᠲᠤᠰᠬᠠᠢ ᠭᠡᠷᠡᠯ ᠵᠢᠷᠤᠭ ᠤᠨ ᠲᠥᠬᠦᠭᠡᠷᠦᠮᠵᠢ ᠪᠠᠨ ᠠᠪᠴᠤ ᠠᠯᠢ ᠡᠷᠲᠡ ᠭᠡᠷ ᠬᠤᠷᠢᠶᠠᠯᠠᠯ ᠲᠤ ᠬᠦᠷᠴᠦ ᠲᠤᠬᠠᠢ ᠶᠢᠨ ᠲᠠᠯᠠᠪᠠᠢ ᠢᠶᠠᠨ ᠪᠠᠶᠢᠷᠢᠯᠠᠭᠤᠯᠵᠠᠢ᠃ ᠰᠡᠭᠦᠳᠡᠷᠯᠡᠬᠦ ᠠᠴᠠ ᠡᠮᠦᠨ᠎ᠡ᠂ ᠨᠢᠭᠤᠷ ᠭᠤᠶᠣᠯᠠᠯᠲᠠ᠂ ᠦᠰᠦ ᠵᠠᠰᠠᠬᠤ᠂ ᠬᠤᠪᠴᠠᠰᠤ ᠰᠣᠩᠭᠤᠬᠤ ᠁ ᠬᠤᠷᠢᠮ ᠤᠨ ᠰᠡᠭᠦᠳᠡᠷ ᠲᠠᠲᠠᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠠᠯᠢᠪᠠ ᠶᠠᠪᠤᠴᠠ ᠶᠢ ᠵᠠᠯᠠᠭᠤᠴᠤᠳ ᠤᠨ ᠬᠤᠷᠢᠮ ᠤᠨ ᠰᠡᠭᠦᠳᠡᠷ ᠲᠠᠲᠠᠬᠤ ᠲᠠᠢ ᠶᠠᠭ ᠠᠳᠠᠯᠢ ᠶᠠᠪᠣᠭᠲᠠᠭᠤᠯᠣᠪᠠ᠃ ᠰᠠᠶᠢᠨ ᠳᠤᠷ᠎ᠠ ᠶᠢᠨ ᠠᠵᠢᠯᠲᠠᠳ ᠨᠠᠰᠤᠲᠠᠶᠢᠴᠤᠳ ᠶᠢ ᠨᠠᠷᠢᠨ ᠨᠢᠮᠪᠠᠢ ᠵᠠᠰᠠᠵᠤ ᠥᠭᠭᠦᠨ᠂ ᠲᠣᠬᠢᠷᠠᠮᠵᠢᠲᠠᠢ ᠬᠤᠷᠢᠮ ᠤᠨ ᠬᠤᠪᠴᠠᠰᠤ ᠰᠣᠩᠭᠤᠵᠤ᠂ ᠨᠠᠰᠤᠲᠠᠶᠢᠴᠤᠳ ᠵᠠᠰᠠᠵᠤ ᠴᠢᠮᠡᠬᠤ ᠶᠢᠨ ᠳᠠᠭᠠᠤ ᠬᠤᠶᠠᠷ ᠬᠥᠮᠦᠨ ᠤ ᠬᠤᠭᠤᠷᠣᠨᠳᠣᠬᠢ ᠰᠠᠶᠢᠨ ᠰᠠᠶᠢᠬᠠᠨ ᠬᠠᠶᠢᠷ᠎ᠠ ᠰᠡᠳᠬᠢᠯᠭᠡ ᠶᠢᠨ ᠦᠯᠢᠭᠡᠷ ᠢ ᠬᠤᠪᠢᠶᠠᠯᠴᠠᠵᠤ ᠪᠠᠶᠢᠨ᠎ᠠ᠃
111111.jpg
    ︽ᠠᠨᠢᠶ᠎ᠠ ᠠᠪᠠᠭ᠎ᠠ᠂ ᠲᠠ ᠨᠠᠷ ᠭᠠᠷ ᠢᠶᠠᠨ ᠠᠳᠬᠤᠭᠠᠷᠠᠢ︾ ︽ᠠᠪᠠᠭ᠎ᠠ ᠡ᠂ ᠲᠠ ᠬᠠᠵᠠᠭᠤ ᠳᠠᠬᠢ ᠠᠨᠢᠶ᠎ᠠ ᠪᠠᠨ ᠬᠠᠷᠠᠭᠠᠷᠠᠢ︾ ᠭᠡᠳ ᠭᠡᠷᠡᠯ ᠵᠢᠷᠤᠭᠴᠢᠨ ᠪᠠ ᠰᠠᠶᠢᠨ ᠳᠤᠷᠠᠴᠤᠳ ᠤᠨ ᠵᠣᠷᠢᠭᠵᠢᠭᠤᠯᠤᠯ ᠳᠣᠣᠷ᠎ᠠ᠂ ᠲᠤᠬᠠᠢ ᠶᠢᠨ ᠲᠠᠯᠠᠪᠠᠢ ᠶᠢᠨ ᠠᠨᠢᠶ᠎ᠠ ᠪᠠ ᠠᠪᠠᠭ᠎ᠠ ᠨᠠᠷ ᠡᠯ᠎ᠡ ᠵᠦᠢᠯ ᠤᠨ ᠳᠦᠷᠰᠦ ᠪᠠᠶᠢᠳᠠᠯ ᠭᠠᠷᠭᠠᠵᠤ᠂ ᠥᠪᠡᠷ ᠤᠨ ᠢᠲᠡᠭᠡᠯ ᠢᠶᠠᠨ ᠬᠠᠨᠳᠠᠭᠤᠯᠤᠨ ᠢᠯᠡᠷᠡᠭᠦᠯᠦᠭᠰᠡᠨ ᠪᠠᠶᠢᠨ᠎ᠠ᠃ ᠰᠡᠭᠦᠷᠳᠡᠯᠡᠬᠦ ᠮᠠᠰᠢᠨ ᠤ ᠲᠠᠰᠤᠷᠠᠯᠲᠠ ᠦᠭᠡᠢ ᠴᠢᠮᠡᠭᠡ ᠭᠠᠷᠭᠠᠬᠤ ᠪᠦᠷᠢ ᠲᠡᠳᠡᠨ ᠤ ᠰᠡᠳᠬᠢᠯ ᠬᠦᠳᠡᠯᠣᠯ᠂ ᠵᠣᠯ ᠵᠢᠷᠭᠠᠯ ᠤᠨ ᠢᠨᠢᠶᠡᠮᠰᠦᠭᠯᠡᠯ ᠢ ᠨᠢᠭᠡᠳ ᠨᠢᠭᠡ ᠪᠠᠷ ᠲᠣᠭᠲᠠᠭᠠᠪᠠ᠃    ᠭᠡᠷ ᠬᠤᠷᠢᠶᠠᠯᠠᠯ ᠤᠨ ᠼᠦᠢ ᠠᠨᠢᠶ᠎ᠠ 52 ᠵᠢᠯ ᠤᠨ ᠡᠮᠦᠨ᠎ᠡ ᠬᠠᠶᠢᠷᠠᠲᠤ ᠬᠥᠮᠦᠨ ᠲᠠᠢ ᠪᠠᠨ ᠬᠠᠤᠯᠢ ᠳᠤ ᠨᠡᠶᠢᠴᠡᠭᠰᠡᠨ ᠭᠡᠷ ᠪᠦᠯᠢ ᠪᠣᠯᠵᠤ᠂ ᠲᠤᠬᠠᠢ ᠶᠢᠨ ᠵᠢᠯ ᠤᠨ ᠨᠥᠬᠦᠴᠡᠯ ᠬᠢᠵᠠᠭᠠᠷ ᠲᠠᠢ ᠠᠴᠠ ᠪᠣᠯᠵᠤ᠂ ᠨᠢᠭᠡ ᠬᠡᠰᠡᠭ ᠭᠠᠷ ᠠᠯᠴᠢᠭᠤᠷ ᠨᠢ ᠲᠤᠬᠠᠢ ᠶᠢᠨ ᠵᠢᠯ ᠤᠨ ᠢᠨᠠᠭ ᠳᠤᠷᠠᠯᠠᠯ ᠤᠨ ᠭᠡᠷᠡᠴᠢ ᠪᠣᠳᠠᠰ ᠪᠣᠯᠵᠠᠢ᠃ 52 ᠵᠢᠯ ᠤᠨ ᠲᠤᠷᠰᠢ ᠲᠡᠳᠡᠨ ᠤ ᠬᠡᠦᠬᠡᠳ ᠲᠣᠮᠣ ᠪᠣᠯᠵᠤ᠂ ᠣᠮᠪᠣᠯᠣ ᠬᠦᠦ ᠨᠢ ᠴᠤ ᠮᠡᠨᠳᠣᠲᠡᠯ᠎ᠡ ᠨᠢᠭᠡ ᠬᠤᠪᠢ ᠵᠢᠩᠬᠢᠨᠢ ᠬᠠᠮᠲᠤ ᠶᠢᠨ ᠰᠡᠭᠦᠳᠡᠷ ᠠᠪᠴᠤ ᠥᠩᠭᠡᠷᠡᠭᠰᠡᠨ ᠦᠭᠡᠢ᠃ ᠼᠦᠢ ᠠᠨᠢᠶ᠎ᠠ᠄ ︽ᠡᠨᠡ ᠨᠠᠰᠤᠨ ᠳᠤ ᠪᠠᠨ ᠪᠠᠰᠠ ᠬᠤᠷᠢᠮ ᠤᠨ ᠬᠤᠪᠴᠠᠰᠤ ᠡᠮᠦᠰᠴᠦ ᠲᠤᠬᠠᠢ ᠶᠢᠨ ᠵᠢᠯ ᠤᠨ ᠬᠠᠷᠠᠮᠰᠠᠯ ᠢᠶᠠᠨ ᠨᠥᠬᠦᠪᠥᠷᠢᠯᠡᠵᠦ ᠴᠢᠳᠠᠨ᠎ᠠ ᠭᠡᠵᠦ ᠪᠣᠳᠣᠵᠤ ᠣᠯᠤᠭᠰᠠᠨ ᠦᠭᠡᠢ︾ ᠭᠡᠪᠡ᠃    ᠰᠡᠭᠦᠳᠡᠷᠯᠡᠭᠰᠡᠨ ᠨᠠᠰᠤᠲᠠᠨ ᠤ ᠳᠣᠲᠣᠷ᠎ᠠ ᠪᠠᠰᠠ ᠨᠢᠭᠡ ᠬᠤᠣᠰ ᠬᠤᠷᠢᠮᠯᠠᠭᠠᠳ 60 ᠵᠢᠯ ᠤᠨ ᠣᠢ ᠪᠣᠯᠬᠤ ᠭᠡᠵᠦ ᠪᠠᠶᠢᠭ᠎ᠠ ᠠᠬᠠᠮᠠᠳ ᠨᠠᠮ ᠤᠨ ᠭᠡᠰᠢᠭᠦᠨ ᠸᠠᠩ ᠡᠯ ᠨᠦ᠋ ᠬᠤᠶᠠᠷ ᠪᠤᠭᠤᠷᠤᠯ ᠨᠢ ᠭᠡᠷ ᠬᠤᠷᠢᠶᠠᠯᠠᠯ ᠲᠤ ᠢᠷᠡᠵᠦ ᠡᠨᠡ ᠬᠦ ᠠᠵᠢᠯᠯᠠᠭ᠎ᠠ ᠬᠢᠬᠦ ᠶᠢ ᠣᠯᠵᠤ ᠦᠵᠡᠭᠡᠳ ᠮᠠᠰᠢ ᠰᠡᠳᠬᠢᠯ ᠳᠣᠭᠳᠣᠯᠤᠨ ᠬᠥᠳᠡᠯᠭᠡᠭᠡᠨ ᠳᠤ ᠣᠷᠣᠯᠴᠠᠪᠠ᠃ ᠬᠡᠳᠦ᠋ᠢᠪᠡᠷ ᠬᠥᠭᠰᠢᠨ ᠸᠠᠩ ᠠᠨᠢᠶ᠎ᠠ ᠲᠠᠷᠢᠬᠢᠨ ᠲᠦᠭᠵᠢᠷᠡᠯ ᠢᠶᠠᠷ ᠬᠥᠳᠡᠯᠵᠦ ᠪᠠᠷᠢᠬᠤ ᠳᠤ ᠳᠥᠭᠦᠮ ᠦᠭᠡᠢ ᠪᠣᠯᠪᠠᠴᠤ ᠰᠡᠭᠦᠳᠡᠷᠯᠡᠭᠴᠢ ᠲᠠᠢ ᠴᠢᠷᠮᠠᠢᠨ ᠬᠠᠮᠵᠢᠯᠴᠠᠵᠤ ᠪᠠᠢᠯ᠎ᠠ᠃ ︽ᠥᠨᠥᠳᠦᠷ ᠪᠢ ᠡᠨᠡ ᠬᠥᠳᠡᠯᠭᠡᠭᠡᠨ ᠳᠤ ᠣᠷᠣᠯᠴᠠᠭᠰᠠᠨ ᠳᠤ ᠪᠠᠨ ᠮᠠᠰᠢ ᠪᠠᠶᠠᠷᠲᠠᠢ᠂ ᠵᠠᠯᠠᠭᠤ ᠦᠶ᠎ᠡ ᠳᠤ ᠡᠳᠡᠭᠡᠷ ᠵᠦᠢᠯ ᠪᠠᠢᠭᠰᠠᠨ ᠴᠤ ᠦᠭᠡᠢ᠂ ᠡᠨᠠ ᠨᠠᠰᠤᠨ ᠳᠠᠭᠠᠨ ᠤᠷᠤᠭ ᠤᠨ ᠬᠤᠪᠴᠠᠰᠤ ᠡᠮᠦᠰᠴᠦ ᠳᠡᠶᠢᠯᠦᠭᠰᠡᠨ ᠦᠭᠡᠢ᠂ ᠥᠨᠥᠳᠦᠷ ᠬᠦᠰᠡᠯ ᠢᠶᠠᠨ ᠪᠡᠶᠡᠯᠡᠭᠦᠯᠦᠭᠰᠡᠨ ᠳ᠋ᠠ︾ ᠭᠡᠵᠤ ᠰᠡᠭᠦᠳᠡᠷᠯᠡᠵᠦ ᠪᠠᠷᠠᠭᠰᠠᠨ ᠤ ᠳᠠᠷᠠᠭ᠎ᠠ ᠸᠠᠩ ᠠᠪᠤ ᠪᠠᠶᠠᠷᠲᠠᠢ ᠬᠡᠯᠡᠪᠡ᠃    ᠲᠤᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠲᠤ ᠥᠩᠭᠡᠷᠡᠭᠰᠡᠨ ᠴᠠᠭ ᠶᠢ ᠨᠢ ᠡᠷᠭᠢᠴᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠲᠡᠳᠡᠨ ᠤ ᠭᠠᠷ ᠬᠦᠲᠡᠯᠣᠯᠴᠡᠨ ᠬᠠᠨᠢ ᠨᠥᠬᠦᠷᠯᠡᠵᠦ᠂ ᠥᠲᠡᠯᠦᠭᠡ ᠨᠠᠰᠤ ᠪᠠᠨ ᠬᠠᠮᠲᠤ ᠳᠠᠭᠠᠨ ᠦᠡᠭᠭᠡᠷᠡᠭᠦᠯᠬᠦ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠭᠡᠷᠡᠴᠢᠯᠡᠭᠰᠡᠨ ᠪᠠᠶᠢᠨ᠎ᠠ᠃ ᠵᠠᠯᠭᠠᠭᠠᠳ᠂ ᠰᠠᠷᠠᠭᠤᠯ ᠵᠡᠭᠡᠯᠢ ᠭᠤᠳᠤᠮᠵᠢ ᠶᠢᠨ ᠨᠢᠭᠡᠳᠦᠭᠡᠷ ᠭᠡᠷ ᠬᠤᠷᠢᠶᠠᠯᠠᠯ ᠤᠨ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠣᠯᠠᠨ ᠶᠠᠩᠵᠤ ᠶᠢᠨ ᠪᠥᠭᠡᠳ ᠦᠷ᠎ᠡ ᠪᠦᠲᠦᠮᠵᠢ ᠲᠠᠢ ᠨᠠᠰᠤᠲᠠᠨ ᠢᠶᠠᠨ ᠬᠦᠨᠳᠦᠯᠡᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ︽ᠨᠠᠰᠤᠲᠠᠢᠴᠤᠳ ᠶᠢ ᠵᠢᠷᠭᠠᠭᠤᠯᠬᠤ ︾ ᠨᠠᠰᠤᠲᠠᠳ ᠲᠤ ᠦᠢᠯᠡᠴᠢᠯᠡᠬᠦ ᠲᠥᠷᠥᠯ ᠵᠦᠢᠯ ᠢ ᠭᠦᠨᠵᠡᠭᠡᠢ ᠥᠷᠨᠢᠭᠦᠯᠵᠦ᠂ ᠨᠡᠩ ᠣᠯᠠᠨ ᠨᠡᠶᠢᠭᠡᠮ ᠤᠨ ᠬᠦᠴᠦᠨ ᠢ ᠨᠢᠭᠲᠠᠷᠠᠭᠤᠯᠤᠨ ᠨᠠᠰᠤᠲᠠᠨ ᠢᠶᠠᠨ ᠬᠠᠯᠠᠮᠵᠢᠯᠠᠨ ᠬᠠᠶᠢᠷᠠᠯᠠᠬᠤ ᠡᠩᠨᠡᠭᠡ ᠳᠤ ᠣᠷᠣᠯᠴᠠᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号