2024 ᠣᠨ ᠠᠴᠠ ᠨᠠᠰᠢ᠂ ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠰᠠᠭᠤᠷᠢ | ᠮᠥᠩᠭᠦ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠰᠠᠭᠤᠷᠢ ᠮᠥᠩᠭᠦ ᠶᠢᠨ | ᠪᠡᠯᠡ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠢᠭᠤᠯᠣᠪᠠ᠃ | ᠨᠢᠭᠡ ᠳᠤ ᠲᠥᠷᠥ ᠶᠢᠨ ᠪᠣᠳᠣᠯᠭ᠎ᠠ ᠶᠢ ᠰᠤᠷᠤᠯᠴᠠᠵᠤ ᠤᠬᠠᠭᠤᠯᠬᠤ ᠶᠢ ᠬᠦᠴᠦᠯᠡᠨ ᠥᠷᠨᠢᠭᠦᠯᠪᠡ᠃ | ᠲᠣᠪᠴᠢᠶ᠎ᠠ ᠶᠢᠨ ᠪᠠᠶᠢᠭᠤᠯᠭ᠎ᠠ ᠪᠣᠯᠤᠨ ᠡᠯ᠎ᠡ ᠬᠤᠶᠠᠳᠤᠭᠠᠷ ᠳᠡᠰ ᠤᠨ ᠨᠢᠭᠡᠴᠢ ᠶᠢᠨ ᠺᠠᠳ᠋ᠷ ᠠᠵᠢᠯᠲᠠᠳ ᠢ ᠵᠣᠬᠢᠶᠠᠨ | ᠪᠠᠶᠢᠭᠤᠯᠵᠤ ︽ᠨᠡᠶᠢᠭᠡᠮ ᠤᠨ ᠳᠠᠭᠠᠳᠬᠠᠯ ᠤᠨ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠠᠷᠭ᠎ᠠ︾᠂ ᠨᠠᠮ ᠤᠨ | ᠬᠤᠷᠢᠳᠤᠭᠠᠷ ᠶᠡᠭᠡ ᠬᠤᠷᠠᠯ ᠤᠨ ᠮᠡᠳᠡᠭᠦᠯᠦᠯᠲᠡ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ | ᠲᠦᠪᠰᠢᠨ ᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦ ᠶᠢᠨ ᠠᠵᠢᠯ ᠣᠯᠭᠤᠯᠲᠠ ᠶᠢᠨ ᠪᠡᠯᠡ ᠮᠥᠩᠭᠦ ᠶᠢ ᠬᠢᠨᠠᠨ ᠬᠠᠮᠢᠶᠠᠷᠬᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠬᠤᠯᠪᠣᠭ᠎ᠠ ᠵᠡᠷᠭᠡ ᠵᠠᠭᠤᠴᠢᠯᠠᠭᠤᠷ ᠢ | ᠭᠦᠢᠴᠡᠳ ᠠᠰᠢᠭᠯᠠᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ᠂ ᠨᠡᠶᠢᠭᠡᠮ ᠤᠨ | ᠳᠠᠭᠠᠳᠬᠠᠯ ᠤᠨ ᠤᠬᠠᠭᠤᠯᠭ᠎ᠠ ᠶᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠥᠷᠥᠯ ᠤᠨ | ᠮᠡᠳᠡᠭᠡ ᠵᠠᠩᠭᠢ ᠶᠢ 100 ᠭᠠᠷᠤᠢ ᠵᠤᠷᠪᠤᠰ ᠨᠡᠶᠢᠲᠡᠯᠡᠪᠡ᠃ ᠠᠵᠢᠯᠲᠠᠳ ᠢ ᠵᠣᠬᠢᠶᠠᠨ ᠪᠠᠶᠢᠭᠤᠯᠤᠨ ᠠᠵᠤ ᠠᠬᠤᠶᠢᠯᠠᠯ᠂ | ᠲᠣᠰᠬᠤᠨ ᠪᠠᠯᠭᠠᠰᠤ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ | ᠤᠬᠠᠭᠤᠯᠭ᠎ᠠ ᠶᠢᠨ ᠳᠡᠪᠲᠡᠷ ᠢ 6000 ᠭᠠᠷᠤᠢ ᠬᠤᠪᠢ ᠲᠠᠷᠬᠠᠭᠠᠪᠠ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦ ᠶᠢᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ︽ᠮᠡᠬᠡᠯᠡᠯ ᠢ ᠡᠰᠡᠷᠭᠦᠴᠡᠬᠦ᠂ ᠬᠤᠳᠠᠯ ᠬᠡᠯᠡᠵᠦ ᠠᠪᠬᠤ ᠶᠢ | ᠡᠰᠡᠷᠭᠦᠴᠡᠬᠦ︾ ᠤᠬᠠᠭᠤᠯᠭ᠎ᠠ ᠶᠢ ᠥᠷᠨᠢᠭᠦᠯᠵᠦ᠂ ︽ᠨᠡᠶᠢᠭᠡᠮ ᠤᠨ ᠳᠠᠭᠠᠳᠬᠠᠯ ᠢ ᠮᠡᠬᠡᠯᠡᠨ ᠠᠪᠴᠤ ᠬᠠᠤᠯᠢ ᠠᠴᠠ | ᠵᠥᠷᠢᠴᠡᠭᠰᠡᠨ ᠢ ᠵᠠᠪᠠᠯ ᠴᠢᠩᠭ᠎ᠠ ᠰᠢᠢᠳᠬᠡᠬᠦ︾ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠨ᠎ᠠ᠃ | ᠬᠤᠶᠠᠷ ᠲᠤ᠂ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ | 2024 ᠣᠨ ᠳᠤ ︽ᠠᠷᠪᠠᠨ ᠨᠢᠭᠡ︾ ᠶᠢᠨ ᠰᠡᠷᠡᠮᠵᠢᠯᠡᠭᠦᠯᠬᠦ ᠲᠤᠰᠬᠠᠢ ᠰᠡᠳᠦᠪᠲᠦ ᠬᠥᠮᠦᠵᠢᠯ ᠤᠨ ᠠᠵᠢᠯᠯᠠᠭ᠎ᠠ ᠶᠢ | 5 ᠤᠳᠠᠭ᠎ᠠ ᠵᠣᠬᠢᠶᠠᠨ ᠪᠠᠶᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠤᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ 3 ᠤᠳᠠᠭ᠎ᠠ ᠥᠷᠨᠢᠭᠦᠯᠵᠦ᠂ ᠲᠤᠰᠬᠠᠢ ᠰᠡᠳᠦᠪᠲᠦ | ᠪᠠᠶᠢᠳᠠᠯ ᠤᠨ ᠵᠠᠳᠠᠯᠤᠯᠲᠠ ᠶᠢᠨ ᠬᠤᠷᠠᠯ ᠢ 3 ᠤᠳᠠᠭ᠎ᠠ ᠥᠷᠨᠢᠭᠦᠯᠵᠦ᠂ ᠡᠷᠬᠡ ᠲᠤᠰᠢᠶᠠᠯ ᠢᠶᠠᠨ ᠠᠰᠢᠭᠯᠠᠨ ᠶᠠᠯ᠎ᠠ | ᠬᠢᠬᠦ ᠶᠢ ᠰᠡᠷᠭᠡᠶᠢᠯᠡᠬᠦ ᠲᠤᠰᠬᠠᠢ ᠰᠡᠳᠦᠪᠲᠦ ᠲᠠᠶᠢᠯᠤᠮᠵᠢ 2 ᠤᠳᠠᠭ᠎ᠠ ᠬᠢᠵᠦ᠂ 8 ᠤᠳᠠᠭ᠎ᠠ ᠰᠤᠷᠤᠯᠴᠠᠵᠤ ᠰᠤᠳᠤᠯᠤᠨ | ᠶᠠᠷᠢᠯᠴᠠᠵᠤ᠂ 4 ᠤᠳᠠᠭ᠎ᠠ ᠲᠤᠰᠬᠠᠢ ᠰᠡᠳᠦᠪᠲᠦ ᠪᠣᠯᠪᠠᠰᠤᠷᠠᠭᠤᠯᠤᠯ ᠬᠢᠵᠦ᠂ 4 ᠤᠳᠠᠭ᠎ᠠ ᠶᠠᠷᠢᠯᠴᠠᠨ ᠰᠠᠨᠠᠭᠤᠯᠵᠤ᠂ | ᠮᠡᠬᠡᠯᠡᠬᠦ ᠶᠢ ᠡᠰᠡᠷᠭᠦᠴᠡᠬᠦ ᠳᠠᠭᠠᠳᠬᠠᠯ ᠤᠨ ᠤᠬᠠᠭᠤᠯᠭ᠎ᠠ ᠬᠢᠵᠦ᠂ 4 ᠤᠳᠠᠭ᠎ᠠ ᠰᠡᠷᠡᠮᠵᠢᠯᠡᠭᠦᠯᠬᠦ ᠬᠥᠮᠦᠵᠢᠯ ᠤᠨ | ᠹᠢᠯᠢᠮ ᠢ ᠦᠵᠡᠵᠦ᠂ ᠰᠢᠭᠦᠬᠦ ᠬᠤᠷᠢᠶᠠᠨ ᠤ ᠲᠢᠩᠬᠢᠮ ᠤᠨ ᠰᠢᠭᠦᠯᠲᠡ ᠶᠢ 2 ᠤᠳᠠᠭ᠎ᠠ ᠦᠵᠡᠵᠦ᠂ ᠠᠷᠢᠭᠤᠨ | ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠢ 5 ᠤᠳᠠᠭ᠎ᠠ ᠲᠣᠭᠤᠷᠢᠨ ᠦᠵᠡᠵᠦ᠂ ᠺᠠᠳ᠋ᠷ ᠤᠨ | ᠰᠡᠷᠡᠮᠵᠢᠯᠡᠭᠦᠯᠬᠦ ᠬᠥᠮᠦᠵᠢᠯ ᠤᠨ ᠶᠠᠷᠢᠯᠴᠠᠭ᠎ᠠ ᠶᠢ 40 ᠭᠠᠷᠤᠢ ᠤᠳᠠᠭ᠎ᠠ ᠵᠣᠬᠢᠶᠠᠨ ᠪᠠᠶᠢᠭᠤᠯᠵᠤ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠪᠦᠬᠦ ᠬᠦᠷᠢᠶ᠎ᠡ᠂ ᠪᠥᠬᠦ ᠬᠡᠯᠬᠢᠶ᠎ᠡ᠂ ᠪᠦᠬᠦ | ᠠᠵᠢᠯ ᠤᠨ ᠪᠠᠶᠢᠷᠢ ᠶᠢ ᠬᠠᠮᠤᠷᠪᠠ᠃ | ᠭᠤᠷᠪᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ | ᠰᠠᠭᠤᠷᠢ ᠮᠥᠩᠭᠦ ᠶᠢᠨ ᠪᠡᠯᠡ ᠮᠥᠩᠭᠦ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠰᠠᠭᠤᠷᠢ ᠮᠥᠩᠭᠦ ᠶᠢᠨ | ᠪᠡᠯᠡ ᠮᠥᠩᠭᠦ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠪᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦ ᠶᠢᠨ ᠬᠠᠮᠢᠶᠠᠷᠤᠯᠲᠠ ᠶᠢ ᠪᠠᠬᠢᠵᠢᠭᠦᠯᠦᠨ ᠥᠷᠭᠡᠳᠬᠡᠬᠦ ᠠᠵᠢᠯᠯᠠᠭ᠎ᠠ ᠲᠠᠢ ᠤᠶᠠᠯᠳᠤᠭᠤᠯᠤᠨ᠂ ᠰᠠᠭᠤᠷᠢ | ᠮᠥᠩᠭᠦ ᠶᠢᠨ ᠪᠡᠯᠡ ᠮᠥᠩᠭᠦ ᠳᠤ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠬᠡᠷᠡᠭ ᠤᠨ | ᠡᠮᠦᠨᠡᠬᠢ᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭ᠎ᠠ ᠬᠢᠨᠠᠯᠲᠠ ᠲᠠᠯᠪᠢᠬᠤ ᠶᠢ ᠬᠠᠷᠢᠯᠴᠠᠨ ᠤᠶᠠᠯᠳᠤᠭᠤᠯᠬᠤ | ᠠᠷᠭ᠎ᠠ ᠶᠢ ᠬᠡᠷᠡᠭᠵᠢᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠠᠷᠲᠠᠨ | ᠭᠦᠢᠴᠡᠳᠬᠡᠬᠦ᠂ ᠨᠠᠰᠤᠵᠢᠯ ᠤᠨ ᠠᠰᠠᠷᠠᠮᠵᠢ ᠶᠢᠨ ᠣᠯᠭᠤᠮᠵᠢ ᠣᠯᠭᠤᠬᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠬᠡᠬᠦ᠂ | ᠠᠵᠢᠯ ᠣᠯᠭᠤᠬᠤ ᠲᠥᠷᠥᠯ ᠵᠦᠢᠯ ᠤᠨ ᠪᠡᠯᠡ ᠮᠥᠩᠭᠦ ᠶᠢ ᠬᠢᠨᠠᠨ ᠲᠣᠭᠲᠠᠭᠠᠵᠤ ᠣᠯᠭᠤᠬᠤ᠂ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠬᠢᠷᠢ ᠭᠡᠮ ᠢ ᠭᠡᠷᠡᠴᠢᠯᠡᠬᠦ᠂ ᠤᠶᠤᠲᠠᠳ ᠤᠨ ᠳᠠᠭᠠᠵᠤ ᠰᠤᠷᠬᠤ | ᠬᠤᠭᠤᠴᠠᠭᠠᠨ ᠤ ᠨᠥᠬᠦᠪᠥᠷᠢ ᠵᠡᠷᠭᠡ ᠴᠤᠪᠤᠷᠠᠯ ᠳᠤ ᠴᠢᠭᠯᠡᠭᠦᠯᠦᠨ ᠲᠤᠬᠠᠢ ᠶᠢᠨ ᠲᠠᠯᠠᠪᠤᠷ ᠲᠤ 7 ᠤᠳᠠᠭ᠎ᠠ ᠬᠢᠨᠠᠨ | ᠪᠠᠶᠢᠴᠠᠭᠠᠬᠤ ᠶᠢᠨ ᠬᠠᠮᠲᠤ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠭᠦᠨᠵᠡᠭᠡᠶᠢᠷᠡᠨ ᠬᠠᠮᠢᠶ᠎ᠠ ᠪᠦᠬᠦᠢ | ᠮᠠᠲ᠋ᠧᠷᠢᠶᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠳᠥᠷᠪᠡ ᠳᠤ ᠰᠡᠵᠢᠭᠲᠡᠢ ᠲᠤᠭ᠎ᠠ ᠪᠠᠷᠢᠮᠲᠠ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠪᠡ᠃ ᠰᠡᠵᠢᠭ ᠲᠠᠢ ᠭᠠᠵᠠᠷ ᠤᠨ ᠲᠤᠭ᠎ᠠ ᠪᠠᠷᠢᠮᠲᠠ ᠶᠢ ᠬᠠᠷᠭᠤᠭᠤᠯᠤᠨ | ᠪᠠᠶᠢᠴᠠᠭᠠᠬᠤ ᠶᠢ ᠲᠡᠭᠦᠯᠳᠡᠷᠵᠢᠭᠦᠯᠬᠦ ᠶᠢᠨ ᠲᠥᠯᠥᠭᠡ᠂ ︽ᠵᠢᠦ ᠶᠤᠸᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ | ᠰᠠᠭᠤᠷᠢ ᠮᠥᠩᠭᠦ ᠶᠢᠨ ᠰᠡᠵᠢᠭ ᠲᠠᠢ ᠭᠠᠵᠠᠷ ᠤᠨ ᠲᠤᠭ᠎ᠠ ᠪᠠᠷᠢᠮᠲᠠ ᠶᠢ ᠬᠦᠯᠢᠶᠡᠨ ᠠᠪᠴᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠴᠤᠪᠤᠷᠠᠯ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠵᠤ᠂ ᠬᠢᠨᠠᠯᠲᠠ ᠲᠠᠯᠪᠢᠬᠤ | ᠴᠤᠪᠤᠷᠠᠯ ᠢ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠪᠠ᠃ 2024 ᠣᠨ ᠳᠤ | ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ | ᠰᠠᠭᠤᠷᠢ ᠮᠥᠩᠭᠦ ᠶᠢᠨ ᠲᠤᠰᠬᠠᠢ ᠴᠡᠭᠴᠡᠯᠡᠨ ᠵᠠᠰᠠᠬᠤ ᠰᠢᠮᠳᠠᠭᠤᠯᠤᠨ ᠪᠠᠶᠢᠴᠠᠭᠠᠯᠲᠠ ᠶᠢ 4 ᠤᠳᠠᠭ᠎ᠠ ᠤᠭᠲᠤᠵᠤ᠂ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠰᠠᠭᠤᠷᠢ ᠮᠥᠩᠭᠦ ᠶᠢᠨ ᠲᠤᠰᠬᠠᠢ ᠴᠡᠭᠴᠡᠯᠡᠨ ᠵᠠᠰᠠᠬᠤ ᠭᠤᠷᠪᠠᠨ ᠱᠠᠲᠤᠨ ᠤ ᠬᠠᠮᠲᠤᠷᠠᠨ | ᠪᠠᠶᠢᠴᠠᠭᠠᠬᠤ ᠶᠢ 2 ᠤᠳᠠᠭ᠎ᠠ ᠬᠦᠯᠢᠶᠡᠵᠦ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠶᠢᠨ ᠰᠡᠵᠢᠭ ᠲᠠᠢ | ᠭᠠᠵᠠᠷ ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠶᠢ 1508 ᠵᠤᠷᠪᠤᠰ ᠪᠡᠶᠡᠯᠡᠭᠦᠯᠪᠡ᠃ ᠨᠡᠶᠢᠭᠡᠮ ᠤᠨ | ᠪᠠᠲᠤᠯᠠᠭ᠎ᠠ ᠪᠠ ᠠᠵᠢᠯ ᠣᠯᠭᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠲᠤᠬᠠᠶᠢᠯᠠᠭᠰᠠᠨ ᠠᠵᠢᠯ ᠤᠨ ᠬᠢᠷᠢ | ᠲᠦᠪᠰᠢᠨ ᠳᠡᠭᠡᠭᠰᠢᠯᠡᠵᠦ᠂ ᠰᠠᠭᠤᠷᠢ ᠮᠥᠩᠭᠦ ᠶᠢᠨ ᠪᠡᠯᠡ ᠮᠥᠩᠭᠦ ᠳᠤ ᠬᠢᠨᠠᠯᠲᠠ ᠲᠠᠯᠪᠢᠬᠤ ᠴᠢᠳᠠᠪᠤᠷᠢ ᠴᠢᠩᠭᠠᠷᠠᠪᠠ᠃ | ᠳᠠᠷᠠᠭᠠᠴᠢ ᠶᠢᠨ ᠠᠯᠬᠤᠮ ᠳᠤ᠂ ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠵᠡᠷᠭᠡᠪᠡᠷ | ᠬᠡᠷᠡᠭᠯᠡᠵᠦ᠂ ᠰᠠᠭᠤᠷᠢ ᠮᠥᠩᠭᠦ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ | ᠴᠢᠩᠭᠠᠳᠬᠠᠵᠤ᠂ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠰᠡᠵᠢᠭᠲᠡᠢ ᠴᠡᠭ ᠤᠨ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ | ᠰᠠᠭᠤᠷᠢ ᠮᠥᠩᠭᠦ ᠶᠢᠨ ᠪᠡᠯᠡ ᠮᠥᠩᠭᠦ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ᠃ | | | | | | | | | | | |