ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠰᠠᠶᠢᠬᠠᠨ | ᠰᠤᠷᠲᠠᠯ ᠪᠣᠯᠤᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠠᠷᠢᠶᠠᠲᠤ | ᠣᠷᠣᠨ ᠤ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ | ᠪᠠᠶᠠᠷ ᠤᠨ ᠡᠳᠦᠷ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ 1 ᠰᠠᠷ᠎ᠠ ᠶᠢᠨ 7 ᠤ ᠡᠳᠦᠷ ᠤᠨ | ᠦᠳᠡ ᠶᠢᠨ ᠡᠮᠦᠨ᠎ᠡ᠂ ᠪᠤᠭᠤᠲᠤ ᠶᠢᠨ ᠰᠢᠨ᠎ᠡ ᠬᠤᠯᠪᠣᠭᠠᠲᠤ ᠬᠤᠷᠠᠯ᠂ ᠵᠢᠦ ᠶᠤᠸᠠᠨ ᠲᠣᠭᠤᠷᠢᠭ ᠤᠨ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠠᠯᠲᠠᠨ ᠦᠡᠭᠭᠡ ᠤᠨ ᠭᠡᠷᠡᠯ ᠵᠢᠴᠢ ᠺᠠᠢ ᠶᠤᠸᠠᠨ ᠭᠡᠷ | ᠬᠤᠷᠢᠶᠠᠯᠠᠯ ᠠᠴᠠ ᠬᠠᠷᠢᠶᠠᠲᠤ ᠣᠷᠣᠨ ᠤ ᠨᠠᠰᠤᠲᠠᠶᠢᠴᠤᠳ ᠤᠨ ᠰᠠᠭᠤᠭᠠᠯᠢ ᠠᠷᠠᠳ ᠲᠤ ᠨᠢᠭᠡ ᠤᠳᠠᠭᠠᠨ ᠤ | ᠬᠠᠯᠠᠭᠤᠨ ᠳᠤᠯᠠᠭᠠᠨ ︽ᠦᠡᠭᠭᠡᠷᠡᠭᠰᠡᠨ ᠷᠣᠮᠠᠨᠲ᠋ᠢᠭ ᠴᠠᠭ ᠢᠶᠠᠨ ᠡᠷᠭᠢᠨ ᠣᠯᠵᠤ᠂ ᠨᠠᠰᠤᠲᠠᠢᠴᠤᠳ ᠶᠢᠨ ᠵᠢᠷᠭᠠᠯ ᠢᠶᠠᠨ | ᠡᠳ᠋ᠯᠡᠶ᠎ᠡ︾ ᠭᠡᠬᠦ ᠭᠤᠣᠯ ᠰᠡᠳᠦᠪᠲᠦ ᠬᠤᠷᠢᠮ ᠤᠨ ᠬᠤᠪᠴᠠᠰᠤᠨ ᠤ ᠭᠡᠷᠡᠯ ᠵᠢᠷᠤᠭ ᠲᠠᠲᠠᠬᠤ ᠠᠵᠢᠯᠯᠠᠭ᠎ᠠ | ᠥᠷᠨᠢᠭᠦᠯᠪᠡ᠃ | | | | ᠠᠵᠢᠯᠲᠠᠳ ᠲᠠᠯᠠᠪᠤᠷ ᠶᠢ ᠪᠠᠶᠢᠷᠢᠯᠠᠭᠤᠯᠤᠨ᠂ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ | ᠨᠠᠰᠤᠲᠠᠶᠢᠴᠤᠳ ᠤᠨ ᠰᠠᠭᠤᠭᠠᠯᠢ ᠠᠷᠠᠳ ᠲᠤ ᠬᠠᠯᠠᠭᠤᠨ ᠳᠤᠯᠠᠭᠠᠨ᠂ ᠲᠠᠭᠠᠯᠠᠮᠵᠢᠲᠠᠢ ᠰᠡᠭᠦᠳᠡᠷᠯᠡᠬᠦ ᠣᠷᠴᠢᠨ | ᠲᠣᠭᠤᠷᠢᠨ ᠢ ᠪᠣᠢ ᠪᠣᠯᠭᠠᠵᠤ ᠥᠭᠪᠡ᠃ ᠲᠤᠰᠬᠠᠢ ᠮᠡᠷᠭᠡᠵᠢᠯ ᠤᠨ ᠭᠤᠶᠣᠯᠠᠭᠴᠢ ᠪᠠ ᠳᠦᠷᠰᠦ ᠪᠦᠲᠦᠭᠡᠭᠴᠢ ᠨᠡᠷ | ᠨᠠᠰᠤᠲᠠᠶᠢᠴᠤᠳ ᠲᠤ ᠲᠣᠬᠢᠯᠢᠭ ᠵᠠᠰᠠᠵᠤ ᠴᠢᠮᠡᠬᠦ ᠪᠠ ᠳᠦᠷᠰᠦ ᠪᠦᠲᠦᠭᠡᠬᠦ ᠦᠢᠯᠡᠴᠢᠯᠡᠭᠡ ᠬᠠᠩᠭᠠᠵᠤ᠂ ᠲᠡᠳᠡᠨᠦᠰ ᠤᠨ | ᠬᠠᠮᠤᠭ ᠤᠨ ᠭᠤᠶᠣ ᠳᠦᠷᠰᠦ ᠶᠢ ᠪᠦᠲᠣᠭᠡᠪᠡ᠃ ᠰᠠᠴᠤᠷᠠᠭᠰᠠᠨ ᠭᠡᠷᠡᠯ ᠳᠣᠣᠷ᠎ᠠ᠂ ᠨᠠᠰᠤᠲᠠᠶᠢᠴᠤᠳ ᠤᠨ ᠴᠢᠷᠠᠢ ᠳᠤ | ᠵᠣᠯ ᠵᠢᠷᠭᠠᠯ ᠤᠨ ᠢᠨᠢᠶᠡᠮᠰᠦᠭᠯᠡᠯ ᠪᠢᠯᠬᠠᠵᠤ᠂ ᠶᠠᠭ ᠵᠠᠯᠠᠭᠤ ᠳᠤ ᠪᠠᠨ ᠪᠤᠴᠠᠭᠰᠠᠨ ᠰᠢᠭ᠋ ᠭᠠᠷ ᠭᠠᠷ ᠢᠶᠠᠨ ᠬᠤᠯᠪᠣᠵᠤ᠂ | ᠬᠠᠷᠢᠯᠴᠠᠨ ᠳᠦᠰᠢᠯᠴᠡᠵᠣ᠂ ᠮᠠᠷᠲᠠᠭᠳᠠᠰᠢ ᠦᠭᠡᠢ ᠴᠠᠭ ᠮᠥᠴᠡ ᠶᠢ ᠬᠠᠮᠲᠤ ᠪᠠᠷ ᠦᠡᠭᠭᠡᠷᠡᠭᠦᠯᠪᠡ᠃ | ᠲᠤᠰ ᠤᠳᠠᠭᠠᠨ ᠤ ᠠᠵᠢᠯᠯᠠᠭ᠎ᠠ ᠨᠢ ᠣᠶᠤᠨ ᠰᠠᠨᠠᠭᠠᠨ ᠤ ᠰᠣᠯᠢᠯᠴᠠᠭ᠎ᠠ ᠪᠣᠯᠬᠤ ᠮᠥᠷᠲᠡᠭᠡᠨ ᠪᠠᠰᠠ ᠬᠠᠶᠢᠷ᠎ᠠ | ᠰᠡᠳᠬᠢᠯᠭᠡ ᠶᠢᠨ ᠳᠠᠮᠵᠢᠭᠤᠯᠭ᠎ᠠ ᠪᠠᠢᠵᠤ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ | ᠢᠳᠡᠪᠬᠢ ᠬᠦᠴᠦᠨ ᠢ ᠪᠠᠳᠠᠷᠠᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠺᠠᠢ ᠶᠤᠸᠠᠨ ᠭᠡᠷ | ᠬᠤᠷᠢᠶᠠᠯᠠᠯ ᠤᠨ ᠬᠢᠨ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠣᠯᠠᠨ ᠵᠦᠢᠯ ᠤᠨ ᠬᠡᠷᠡᠭᠴᠡᠭᠡ ᠶᠢ | ᠦᠷᠭᠦᠯᠵᠢᠯᠡᠨ ᠠᠩᠬᠠᠷᠴᠤ᠂ ᠦᠢᠯᠡᠴᠢᠯᠡᠭᠡᠨ ᠤ ᠪᠠᠲᠤᠯᠠᠭ᠎ᠠ ᠶᠢᠨ ᠲᠣᠣᠷ ᠢ ᠴᠢᠩᠭᠠᠳᠬᠠᠵᠤ᠂ ᠣᠯᠠᠨ ᠲᠠᠯ᠎ᠠ ᠶᠢᠨ ᠡᠬᠢ | ᠪᠠᠶᠠᠯᠢᠭ ᠢ ᠬᠤᠯᠪᠣᠵᠤ᠂ ᠨᠡᠶᠢᠭᠡᠮ ᠲᠣᠭᠤᠷᠢᠭ ᠤᠨ ᠰᠢᠨ᠎ᠡ ᠪᠠᠶᠢᠳᠠᠯ ᠢ ᠭᠦᠢᠴᠡᠳ ᠠᠰᠢᠭᠯᠠᠨ ᠨᠠᠰᠤᠲᠠᠨ ᠢᠶᠠᠨ | ᠬᠠᠶᠢᠷᠠᠯᠠᠬᠤ᠂ ᠨᠠᠰᠤᠲᠠᠨ ᠢᠶᠠᠨ ᠲᠤᠰᠠᠯᠠᠬᠤ᠂ ᠨᠠᠰᠤᠲᠠᠶᠢᠴᠤᠳ ᠲᠤ ᠠᠰᠢᠭ ᠬᠦᠷᠲᠡᠭᠡᠬᠦ ᠦᠢᠯᠡᠴᠢᠯᠡᠭᠡ ᠶᠢ | ᠥᠷᠨᠢᠭᠦᠯᠬᠦ ᠪᠣᠯᠤᠨ᠎ᠠ᠃ | | | | | | | | |