ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ | ᠶᠥᠩ ᠠᠨ ᠵᠢᠴᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠸᠧᠨ ᠴᠢᠶᠠᠩ ᠪᠠᠶᠠᠨᠰᠢᠯᠢ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ ᠶᠢᠨ ᠬᠠᠷᠢᠶ᠎ᠠ ᠲᠣᠭᠤᠷᠢᠭ ᠲᠤ ᠭᠦᠨᠵᠡᠭᠡᠶᠢᠷᠡᠵᠦ᠂ ᠬᠤᠯᠠᠭᠠᠶᠢᠯᠠᠨ | ᠲᠠᠲᠠᠵᠤ ᠳᠤᠷ᠎ᠠ ᠪᠠᠷ ᠢᠶᠠᠨ ᠬᠠᠶᠠᠬᠤ ᠪᠠ ᠠᠵᠢᠯᠲᠠᠨ ᠤ ᠲᠣᠣᠷᠵᠢᠭᠤᠯᠤᠭᠰᠠᠨ ᠬᠠᠮᠢᠶᠠᠷᠤᠯᠲᠠ ᠳᠤ ᠲᠤᠬᠠᠢ ᠶᠢᠨ | ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ | | | | ᠣᠷᠴᠢᠨ ᠲᠣᠭᠤᠷᠢᠨ ᠤ ᠡᠮᠬᠢ ᠳᠢᠭᠯᠢᠮ ᠢ ᠳᠠᠯᠳᠠᠭᠤᠷ ᠡᠪᠳᠡᠵᠦ᠂ ᠰᠠᠭᠤᠭᠠᠯᠢ ᠠᠷᠠᠳ ᠤᠨ ᠠᠮᠢᠳᠤᠷᠠᠯ ᠢ | ᠨᠥᠯᠥᠭᠡᠯᠡᠵᠦ᠂ ᠠᠵᠢᠯᠲᠠᠨ ᠤ ᠲᠣᠣᠷᠵᠢᠭᠤᠯᠤᠭᠰᠠᠨ ᠬᠠᠮᠢᠶᠠᠷᠤᠯᠲᠠ ᠶᠢ ᠵᠠᠰᠠᠯᠲᠠ ᠶᠢᠨ ᠵᠠᠭᠪᠤᠷ ᠲᠤ ᠰᠢᠨ᠎ᠡ ᠶᠢ | ᠡᠭᠦᠳᠬᠦ ᠨᠢ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠲᠦᠢᠯ ᠤᠨ | ᠴᠢᠬᠤᠯᠠ ᠶᠤᠮ᠃ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠪᠠᠶᠠᠨ ᠬᠠᠤᠯᠢ ᠬᠡᠷᠡᠭᠵᠢᠭᠦᠯᠬᠦ ᠠᠩᠭᠢ ᠶᠢᠨ | ᠳᠠᠷᠤᠭ᠎ᠠ ᠵᠢᠴᠢ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠳᠤᠮᠳᠠ ᠠᠩᠭᠢ ᠶᠢᠨ ᠳᠠᠷᠤᠭ᠎ᠠ ᠲᠤᠰ ᠲᠤᠰ ᠠᠵᠢᠯ ᠤᠨ | ᠬᠠᠷᠢᠭᠤ ᠮᠡᠳᠡᠭᠦᠯᠦᠯᠲᠡ ᠬᠢᠪᠡ᠃ ᠬᠠᠤᠯᠢ ᠬᠡᠷᠡᠭᠵᠢᠭᠦᠯᠬᠦ ᠠᠩᠭᠢ ᠶᠢᠨ ᠳᠠᠷᠤᠭ᠎ᠠ ᠲᠣᠭᠤᠷᠢᠨ ᠪᠠᠶᠢᠴᠠᠭᠠᠬᠤ ᠳᠠᠪᠲᠠᠮᠵᠢ | ᠂ ᠭᠤᠣᠯᠳᠠᠯᠭ᠎ᠠ ᠲᠠᠢ ᠣᠷᠣᠨ ᠪᠦᠰᠡ ᠶᠢᠨ ᠰᠡᠷᠭᠡᠶᠢᠯᠡᠯᠲᠡ ᠪᠠᠶᠢᠷᠢᠯᠠᠭᠤᠯᠤᠯᠲᠠ᠂ ᠲᠣᠭᠲᠠᠭᠠᠯ ᠠᠴᠠ ᠵᠥᠷᠢᠴᠡᠨ | ᠲᠤᠭ᠎ᠠ ᠪᠠᠷᠢᠮᠲᠠ ᠶᠢ ᠪᠠᠶᠢᠴᠠᠭᠠᠨ ᠰᠢᠢᠳᠪᠦᠷᠢᠯᠡᠬᠦ ᠵᠢᠴᠢ ᠵᠠᠰᠠᠬᠤ ᠶᠠᠪᠤᠴᠠ ᠳᠤ ᠲᠤᠯᠭᠠᠷᠠᠵᠤ ᠪᠠᠶᠢᠭ᠎ᠠ | ᠬᠦᠴᠢᠷᠳᠡᠯ ᠠᠴᠠ ᠬᠤᠯᠠᠭᠠᠶᠢᠯᠠᠨ ᠲᠠᠲᠠᠵᠤ ᠳᠤᠷ᠎ᠠ ᠪᠠᠷ ᠢᠶᠠᠨ ᠬᠠᠶᠠᠬᠤ ᠶᠢ ᠬᠢᠨᠠᠨ ᠬᠠᠮᠢᠶᠠᠷᠴᠤ ᠪᠠᠶᠢᠭ᠎ᠠ ᠪᠠᠶᠢᠳᠠᠯ ᠢ | ᠲᠠᠨᠢᠯᠴᠠᠭᠤᠯᠪᠠ᠃ ᠳᠤᠮᠳᠠ ᠠᠩᠭᠢ ᠶᠢᠨ ᠳᠠᠷᠤᠭ᠎ᠠ ᠠᠵᠢᠯᠲᠠᠨ ᠤ ᠲᠤᠤᠷᠴᠢᠯᠠᠭᠰᠠᠨ ᠬᠠᠮᠢᠶᠠᠷᠤᠯᠲᠠ ᠶᠢᠨ | ᠲᠣᠭᠤᠷᠢᠨ ᠳᠤ ᠲᠤᠤᠷᠴᠢᠯᠠᠭᠰᠠᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠲᠤᠤᠷᠴᠢᠯᠠᠭᠰᠠᠨ | ᠬᠠᠮᠢᠶᠠᠷᠤᠯᠲᠠ ᠶᠢᠨ ᠠᠵᠢᠯᠲᠠᠨ ᠤ ᠲᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠮᠡᠳᠡᠭᠡ ᠵᠠᠩᠭᠢ ᠶᠢ | ᠴᠤᠭᠯᠠᠭᠤᠯᠬᠤ ᠪᠠ ᠰᠢᠢᠳᠪᠦᠷᠢᠯᠡᠬᠦ ᠲᠣᠭᠲᠠᠴᠠ ᠠᠴᠠ ᠣᠳᠣᠬᠠᠨ ᠳᠤ ᠣᠯᠤᠭᠰᠠᠨ ᠦᠷ᠎ᠡ ᠪᠦᠲᠦᠮᠵᠢ ᠪᠠ ᠣᠷᠣᠰᠢᠵᠤ | ᠪᠠᠶᠢᠭ᠎ᠠ ᠥᠷᠢᠰᠥᠯᠳᠦᠭᠡᠨ ᠢ ᠪᠦᠬᠦ ᠲᠠᠯ᠎ᠠ ᠪᠠᠷ ᠬᠠᠷᠢᠭᠤ ᠮᠡᠳᠡᠭᠦᠯᠪᠡ᠃ ᠲᠣᠪᠴᠢᠶ᠎ᠠ ᠶᠢᠨ ᠤᠳᠤᠷᠢᠳᠤᠯᠭ᠎ᠠ ᠬᠠᠷᠢᠭᠤ | ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠬᠤᠯᠠᠭᠠᠶᠢᠯᠠᠨ ᠲᠠᠲᠠᠵᠤ | ᠳᠤᠷ᠎ᠠ ᠪᠠᠷ ᠢᠶᠠᠨ ᠬᠠᠶᠠᠬᠤ ᠠᠵᠢᠯᠯᠠᠭ᠎ᠠ ᠶᠢ ᠲᠣᠣᠷᠵᠢᠭᠤᠯᠤᠭᠰᠠᠨ ᠬᠠᠮᠢᠶᠠᠷᠤᠯᠲᠠ ᠶᠢ ᠨᠤᠲᠠᠯᠠᠬᠤ ᠶᠢᠨ ᠬᠠᠮᠲᠤ᠂ | ᠠᠰᠠᠭᠤᠳᠠᠯ ᠳᠤ ᠴᠢᠭᠯᠡᠭᠦᠯᠦᠨ ᠵᠢᠯᠣᠭᠤᠳᠬᠤ ᠰᠠᠨᠠᠯ ᠳᠤᠷᠠᠳᠴᠤ᠂ ︽ᠢᠯᠡᠷᠡᠭᠦᠯᠬᠦ - ᠰᠢᠢᠳᠪᠦᠷᠢᠯᠡᠬᠦ - ᠬᠠᠤᠯᠢ | ᠬᠡᠷᠡᠭᠵᠢᠭᠦᠯᠬᠦ︾ ᠠᠵᠢᠯ ᠤᠨ ᠲᠣᠭᠲᠠᠴᠠ ᠶᠢ ᠴᠢᠨᠠᠭᠰᠢᠳᠠ ᠪᠠᠶᠢᠭᠤᠯᠵᠤ᠂ ᠲᠤᠰᠬᠠᠢ ᠲᠤᠰᠢᠶᠠᠯᠲᠤ | ᠲᠣᠣᠷᠵᠢᠭᠤᠯᠤᠭᠰᠠᠨ ᠬᠠᠮᠢᠶᠠᠷᠤᠯᠲᠠ ᠶᠢᠨ ᠠᠵᠢᠯᠲᠠᠨ ᠤ ︽ᠡᠮᠦᠨ᠎ᠡ ᠬᠠᠷᠠᠭᠤᠯ︾ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠪᠢᠲᠡᠭᠦᠦ ᠴᠠᠭᠠᠷᠢᠭ ᠤᠨ ᠬᠠᠮᠢᠶᠠᠷᠤᠯᠲᠠ᠂ ᠲᠦᠷᠭᠡᠨ ᠴᠤᠤᠷᠢᠶᠠᠲᠤᠨ ᠲᠠᠭᠠᠬᠤ ᠶᠢ ᠵᠢᠭᠠᠵᠤ ᠭᠠᠷᠭᠠᠪᠠ᠃ | ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠪᠠᠶᠠᠨ ᠬᠠᠤᠯᠢ ᠬᠡᠷᠡᠭᠵᠢᠭᠦᠯᠬᠦ ᠠᠩᠭᠢ ᠶᠢᠨ ᠠᠵᠢᠯ ᠤᠨ | ᠴᠢᠭᠯᠡᠯ ᠢ ᠲᠣᠳᠣᠷᠬᠠᠶᠢᠯᠠᠵᠤ᠂ ᠣᠷᠴᠢᠨ ᠲᠣᠭᠤᠷᠢᠨ ᠤ ᠵᠠᠰᠠᠯᠲᠠ ᠪᠠ ᠦᠨᠳᠦᠰᠦᠨ ᠱᠠᠲᠤᠨ ᠤ ᠬᠠᠮᠢᠶᠠᠷᠤᠯᠲᠠ ᠶᠢᠨ | ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠳᠤ ᠠᠰᠢᠭᠲᠠᠢ ᠶᠤᠮ᠃ ᠲᠣᠭᠤᠷᠢᠭ ᠤᠨ ᠬᠠᠤᠯᠢ ᠬᠡᠷᠡᠭᠵᠢᠭᠦᠯᠬᠦ | ᠲᠣᠪᠴᠢᠶ᠎ᠠ ᠦᠷᠭᠦᠯᠵᠢᠯᠡᠨ ᠬᠠᠶᠢᠨ ᠰᠦᠪᠡᠭᠴᠢᠯᠡᠵᠦ᠂ ᠰᠦᠯᠵᠢᠶᠡᠨ ᠤ ᠲᠣᠭᠤᠷᠢᠨ ᠪᠠᠶᠢᠴᠠᠭᠠᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢ ᠰᠢᠯᠢᠳᠡᠭᠵᠢᠭᠦᠯᠬᠦ ᠶᠢ ᠢᠳᠡᠪᠬᠢᠲᠡᠢ | ᠠᠬᠢᠭᠤᠯᠵᠤ᠂ ᠬᠤᠯᠠᠭᠠᠶᠢᠯᠠᠨ ᠲᠠᠲᠠᠬᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠬᠠᠷᠢᠶ᠎ᠠ ᠣᠷᠣᠨ ᠤ | ᠰᠠᠭᠤᠭᠠᠯᠢ ᠠᠷᠠᠳ ᠲᠤ ᠨᠡᠩ ᠡᠮᠬᠢ ᠵᠢᠷᠤᠮ ᠲᠠᠢ᠂ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠣᠢ | ᠪᠣᠯᠭᠠᠵᠤ ᠥᠭᠭᠦᠨ᠎ᠡ᠃ | | | | | | |