ᠵᠢᠶᠠᠨ ᠬᠤᠸᠠ ᠭᠡᠷ ᠬᠤᠷᠢᠶᠠᠯᠠᠯ᠄ ᠡᠪᠦᠯ ᠤᠨ ᠨᠠᠷᠠᠨ ᠤ ᠳᠤᠯᠠᠭᠠᠨ ᠪᠠᠷ ᠳᠡᠭᠷᠢ ᠳᠣᠯᠠᠷᠠᠭᠠᠵᠣ᠂ ᠰᠡᠳᠭᠢᠯ ᠤᠨ ᠨᠠᠷᠠᠨ ᠤ ᠳᠤᠯᠠᠭᠠᠨ ᠪᠠᠷ ᠬᠦᠮᠣᠰ ᠤᠨ ᠰᠡᠳᠭᠢᠯ ᠶᠢ ᠳᠣᠯᠠᠴᠠᠭᠤᠯᠣᠨ ᠳᠣᠬᠤᠨᠢᠭᠤᠯᠬᠤ ᠭᠦᠳᠡᠯᠭᠡᠭᠡᠨ ᠶᠠᠭ ᠶᠠᠪᠣᠭᠲᠠᠵᠣ ᠪᠠᠢᠨ᠎ᠠ
ᠨᠡᠶᠢᠲᠡᠯᠡᠭᠰᠡᠨ ᠴᠠᠭ᠄
2025/1/13
    ᠣᠶᠢᠷ᠎ᠠ ᠳᠤ᠂ ᠵᠢᠶᠠᠨ ᠬᠤᠸᠠ ᠭᠡᠷ ᠬᠤᠷᠢᠶᠠᠯᠠᠯ ᠨᠢ ᠠᠵᠢᠯᠴᠢᠨ ᠤ ᠡᠪᠯᠡᠯ ᠤᠨ ᠬᠠᠶᠢᠷ᠎ᠠ ᠬᠠᠯᠠᠮᠵᠢ ᠶᠢᠨ ᠥᠷᠲᠡᠭᠡ ᠲᠠᠢ ᠬᠠᠮᠲᠤᠷᠠᠨ ᠡᠪᠦᠯ ᠤᠨ ᠨᠠᠷᠠᠨ ᠤ ᠳᠤᠯᠠᠭᠠᠨ ᠪᠠᠷ ᠳᠡᠭᠷᠢ ᠳᠣᠯᠠᠷᠠᠭᠠᠵᠣ᠂ ᠰᠡᠳᠭᠢᠯ ᠤᠨ ᠨᠠᠷᠠᠨ ᠤ ᠳᠤᠯᠠᠭᠠᠨ ᠪᠠᠷ ᠭᠠᠲᠠᠨ᠎ᠠ ᠠᠵᠢᠯᠯᠡᠳᠠᠭ ᠬᠥᠳᠡᠯᠮᠦᠷᠢᠴᠢᠳ ᠤᠨ ᠰᠡᠳᠭᠢᠯ ᠶᠢ ᠳᠣᠯᠠᠴᠠᠭᠤᠯᠬᠤ ᠠᠵᠢᠯᠯᠠᠭ᠎ᠠ ᠥᠷᠨᠢᠭᠦᠯᠵᠦ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠵᠡᠷᠭᠡ ᠭᠠᠲᠠᠨ᠎ᠠ ᠠᠵᠢᠯᠯᠡᠳᠠᠭ ᠬᠥᠳᠡᠯᠮᠦᠷᠢᠴᠢᠳ ᠲᠤ ᠡᠪᠦᠯ ᠤᠨ ᠡᠳᠦᠷ ᠤᠨ ᠬᠠᠶᠢᠷ᠎ᠠ ᠬᠠᠯᠠᠮᠵᠢ ᠬᠦᠷᠭᠡᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠢᠶᠠᠨ ᠬᠤᠸᠠ ᠭᠡᠷ ᠬᠤᠷᠢᠶᠠᠯᠠᠯ ᠤᠨ ᠳᠡᠳ᠋ ᠱᠦᠵᠢ ᠱᠢ ᠰᠢᠶᠣᠤ ᠱᠧᠨ ᠨᠢ ᠪᠡᠭᠡᠯᠡᠢ᠂ ᠡᠪᠣᠲᠣᠭ᠍ᠴᠢ᠂ ᠬᠦᠵᠦᠭᠦᠨ ᠤ ᠣᠷᠢᠶᠠᠯᠲᠠ ᠵᠡᠷᠭᠡ ᠳᠤᠯᠠᠭᠠᠯᠠᠭ᠎ᠠ ᠶᠢᠨ ᠬᠡᠷᠡᠭᠰᠡᠯ ᠤᠨ ︽ᠰᠡᠳᠭᠢᠯ ᠢ ᠳᠤᠯᠠᠭᠠᠴᠠᠭᠤᠯᠬᠤ ᠪᠡᠯᠡᠭ︾ ᠶᠢ ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠵᠡᠷᠭᠡ ᠭᠠᠲᠠᠨ᠎ᠠ ᠠᠵᠢᠯᠯᠡᠳᠠᠭ ᠬᠥᠳᠡᠯᠮᠦᠷᠢᠴᠢᠳ ᠲᠤ ᠬᠦᠷᠭᠡᠬᠦ ᠶᠢᠨ ᠬᠠᠮᠲᠤ ᠲᠡᠳᠡᠨ ᠲᠠᠢ ᠰᠠᠨᠠᠯ ᠢᠶᠠᠨ ᠰᠣᠯᠢᠯᠴᠠᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠲᠡᠳᠡᠨ ᠤ ᠰᠢᠷᠭᠠᠭᠤ ᠴᠢᠷᠮᠠᠶᠢᠯᠭ᠎ᠠ ᠶᠢ ᠮᠠᠭᠲᠠᠨ ᠰᠠᠶᠢᠰᠢᠶᠠᠵᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠭᠠᠲᠠᠨ᠎ᠠ ᠠᠵᠢᠯᠯᠡᠳᠠᠭ ᠬᠥᠳᠡᠯᠮᠦᠷᠢᠴᠢᠳ ᠡᠨᠡ ᠬᠦ ︽ᠰᠡᠳᠭᠢᠯ ᠢ ᠳᠤᠯᠠᠭᠠᠴᠠᠭᠤᠯᠬᠤ ᠪᠡᠯᠡᠭ︾ ᠶᠢ ᠬᠤᠷᠢᠶᠠᠨ ᠣᠯᠵᠤ᠂ ᠲᠡᠷᠡ ᠳᠠᠷᠤᠢ ᠳᠤᠨᠢ ᠪᠡᠯᠡᠭ ᠶᠢᠨ ᠬᠦᠵᠦᠭᠦᠨ ᠤ ᠣᠷᠢᠶᠠᠯᠲᠠ ᠶᠢ ᠵᠡᠭᠦᠨ᠂ ᠴᠢᠷᠠᠢ ᠳᠤ ᠨᠢ ᠲᠠᠯᠠᠷᠬᠠᠯᠠᠯ ᠪᠢᠯᠬᠠᠭᠰᠠᠨ ᠪᠠᠶᠠᠷ ᠪᠠᠶᠠᠰᠬᠤᠯᠠᠩᠲᠤ ᠢᠨᠢᠶᠡᠮᠰᠦᠭᠯᠡᠯ ᠲᠣᠳᠣᠷᠠᠪᠠ᠃
111.jpg
    ᠵᠢᠶᠠᠨ ᠬᠤᠸᠠ ᠭᠡᠷ ᠬᠤᠷᠢᠶᠠᠯᠠᠯ ᠤᠨ ᠠᠵᠢᠯᠴᠢᠨ ᠤ ᠡᠪᠯᠡᠯ ᠨᠢ ᠬᠤᠢᠰᠢᠲᠠ ᠨᠡᠩ ᠣᠯᠠᠨ ᠶᠠᠩᠵᠤ ᠶᠢᠨ ᠬᠠᠶᠢᠷ᠎ᠠ ᠬᠠᠯᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ ᠳᠤ ᠨᠡᠩ ᠣᠯᠠᠨ ᠬᠠᠶᠢᠷ᠎ᠠ ᠬᠠᠯᠠᠮᠵᠢ ᠶᠢ ᠬᠦᠷᠭᠡᠨ᠎ᠡ᠃ ᠡᠭᠦᠨ ᠤ ᠬᠠᠮᠲᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠭᠠᠲᠠᠨ᠎ᠠ ᠠᠵᠢᠯᠯᠡᠳᠠᠭ ᠬᠥᠳᠡᠯᠮᠦᠷᠢᠴᠢᠳ ᠤᠨ ᠠᠵᠢᠯ ᠠᠮᠢᠳᠤᠷᠠᠯ ᠢ ᠨᠡᠩ ᠠᠩᠬᠠᠷᠤᠨ ᠳᠡᠮᠵᠢᠵᠦ᠂ ᠨᠡᠩ ᠡᠶ᠎ᠡ ᠵᠣᠬᠢᠴᠠᠩᠭᠤᠢ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠬᠠᠮᠲᠤ ᠪᠠᠷ ᠪᠣᠢ ᠪᠣᠯᠭᠠᠬᠤ ᠶᠢ ᠤᠷᠢᠶᠠᠯᠠᠵᠤ ᠪᠠᠶᠢᠨ᠎ᠠ᠃  
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号