ᠬᠤᠪᠢ ᠣᠷᠤᠭᠤᠯᠤᠯᠲᠠ ᠨᠢ ᠬᠦᠮᠤᠰ ᠤᠨ ᠰᠡᠳᠭᠢᠯ ᠶᠢ ᠪᠠᠶᠠᠰᠬᠠᠨᠨ᠎ᠠ᠄ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ ᠨᠢ ᠠᠰᠢᠭ ᠬᠤᠪᠢᠶᠠᠵᠤ ᠲᠠᠷᠢᠶᠠᠴᠢᠳ ᠢ ᠴᠢᠨᠡᠭᠡᠯᠢᠭᠵᠢᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/1/13
    1 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠠᠷᠭᠢᠶᠠᠨ ᠨᠠᠷᠬᠢᠶᠠᠨ ᠲᠠᠢ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶᠠᠨ ᠤ ᠬᠤᠪᠢ ᠣᠷᠣᠭᠤᠯᠤᠭᠴᠢᠳ ᠤᠨ ᠠᠰᠢᠭ ᠬᠤᠪᠢᠶᠠᠬᠤ ᠶᠡᠭᠡ ᠬᠤᠷᠠᠯ ᠨᠢ ᠬᠤᠷᠢᠨᠭᠡᠷ ᠪᠠᠯᠭᠠᠰᠤᠨ ᠤ ᠶᠥᠩ ᠹᠧᠩ ᠲᠣᠰᠬᠤᠨ ᠤ ᠡᠪᠦᠯ ᠤᠨ ᠡᠳᠦᠷ ᠤᠨ ᠨᠠᠮ ᠵᠢᠮ ᠢ ᠡᠪᠳᠡᠪᠡ᠃ ᠨᠢᠭᠡ ᠵᠢᠯ ᠤᠨ ᠰᠢᠷᠭᠠᠭᠤ ᠬᠥᠳᠡᠯᠮᠦᠷᠢ ᠪᠠᠷ ᠳᠠᠮᠵᠢᠨ᠂ ᠵᠢᠦ ᠶᠤᠸᠠᠨ ᠲᠣᠭᠤᠷᠢᠭ ᠤᠨ ︽ᠲᠦᠷᠦᠭᠦᠦ ᠭᠠᠯᠠᠭᠤ︾ ᠲᠥᠷᠥᠯ ᠵᠦᠢᠯ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠨᠢᠭᠡᠨ ᠬᠡᠰᠢᠭᠦᠨ ᠪᠣᠯᠬᠤ ᠪᠤᠭᠤᠲᠤ ᠬᠤᠲᠠ ᠶᠢᠨ ᠶᠤᠸᠠᠨ ᠱᠧᠩ ᠶᠤᠸᠠᠨ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠢ ᠬᠤᠷᠰᠢᠶᠠᠵᠢᠯ ᠨᠢ ᠨᠡᠶᠢᠭᠡᠮᠴᠢᠯᠡᠭᠰᠡᠨ ᠦᠢᠯᠡᠴᠢᠯᠡᠭᠡ᠂ ᠡᠷᠳᠡᠨᠢ ᠰᠢᠰᠢ ᠪᠣᠷᠣᠯᠠᠭᠤᠯᠬᠤ ᠠᠵᠢᠯ ᠤᠨ ᠲᠠᠯ᠎ᠠ ᠪᠠᠷ ᠪᠠᠶᠠᠷᠯᠠᠭᠤᠰᠢᠲᠠᠢ ᠠᠮᠵᠢᠯᠲᠠ ᠣᠯᠵᠤ᠂ ᠲᠣᠰᠬᠤᠨ ᠤ ᠬᠤᠪᠢ ᠣᠷᠣᠭᠤᠯᠤᠭᠴᠢ ᠨᠠᠷ ᠨᠢ ᠴᠠᠭᠠᠨ ᠰᠠᠷ᠎ᠠ ᠠᠴᠠ ᠡᠮᠣᠨᠡᠬᠢ ︽ᠵᠢᠯ ᠤᠨ ᠡᠴᠦᠰ ᠤᠨ ᠱᠠᠩᠨᠠᠯ︾ ᠢᠶᠠᠨ ᠳᠤᠰᠤᠭᠰᠠᠨ ᠪᠠᠶᠢᠨ᠎ᠠ᠃
11111.jpg
    ᠲᠤᠰ ᠤᠳᠠᠭᠠᠨ ᠤ ᠠᠰᠢᠭ ᠬᠤᠪᠢᠶᠠᠷᠢᠯᠠᠬᠤ ᠶᠡᠭᠡ ᠬᠤᠷᠠᠯ ᠳᠤ ᠬᠤᠷᠰᠢ᠊ ᠡᠶ᠎ᠡ ᠶᠢᠨ ᠪᠦᠷᠢᠯᠳᠦᠬᠦᠨ ᠨᠡᠷ ᠬᠤᠷᠠᠨ ᠴᠤᠭᠯᠠᠷᠠᠵᠤ᠂ ᠲᠡᠳᠡ ᠪᠣᠯ ᠶᠥᠩ ᠹᠧᠩ ᠭᠤᠷᠪᠠᠳᠤᠭᠠᠷ ᠲᠣᠰᠬᠤᠨ ᠤ ᠠᠷᠠᠳ ᠮᠥᠨ᠂ ᠬᠤᠪᠢ ᠣᠷᠣᠭᠤᠯᠤᠭᠰᠠᠨ ᠬᠤᠷᠰᠢᠶᠠᠨ ᠠᠴᠠ ᠬᠤᠪᠢ ᠣᠷᠣᠭᠤᠯᠤᠭᠴᠢ ᠪᠣᠯᠤᠭᠰᠠᠨ ᠤ ᠳᠠᠷᠠᠭ᠎ᠠ᠂ ᠭᠠᠵᠠᠷ ᠰᠢᠷᠣᠢ ᠶᠢᠨ ᠡᠷᠭᠢᠯᠲᠡ᠂ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠲᠥᠷᠥᠯ ᠵᠦᠢᠯ ᠢᠶᠠᠷ ᠳᠠᠮᠵᠢᠭᠤᠯᠤᠨ᠂ ᠲᠣᠰᠬᠤᠨ ᠤ ᠬᠤᠷᠰᠢᠶᠠᠨ ᠤ  ᠥᠷᠨᠢᠭᠦᠨ ᠬᠥᠭᠵᠢᠯᠲᠡ ᠶᠢᠨ ᠠᠪᠴᠢᠷᠠᠭᠰᠠᠨ ᠠᠰᠢᠭ ᠢ ᠦᠨᠡᠨ ᠬᠦ ᠭᠥᠷᠳᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠷᠰᠢᠶᠠᠨ ᠤ ᠭᠡᠰᠢᠭᠦᠳ ᠡᠮᠬᠢ ᠵᠢᠷᠤᠮ ᠲᠠᠢ ᠪᠠᠷ ᠮᠥᠷᠯᠡᠵᠦ᠂ ᠳᠠᠩᠰᠠᠯᠠᠭᠤᠯᠵᠤ᠂ ᠭᠠᠷ ᠤᠨ ᠦᠰᠦᠭ ᠵᠢᠷᠤᠵᠤ᠂ ᠬᠤᠷᠤᠭᠤ ᠳᠠᠷᠤᠵᠤ᠂ ᠬᠤᠷᠰᠢᠶᠠᠨ ᠠᠴᠠ ᠪᠡᠯᠡᠳᠬᠡᠭᠰᠡᠨ ᠴᠠᠭᠠᠨ ᠰᠠᠷ᠎ᠠ ᠠᠴᠠ ᠡᠮᠦᠨᠡᠬᠡᠨ ᠠᠰᠢᠭ ᠬᠤᠪᠢᠶᠠᠭᠰᠠᠨ ᠪᠡᠯᠡ ᠮᠥᠩᠭᠦ ᠪᠠᠨ ᠰᠡᠳᠬᠢᠯ ᠳᠦᠭᠦᠷᠡᠩ ᠬᠦᠯᠢᠶᠡᠨ ᠠᠪᠤᠪᠠ᠃ ᠬᠥᠮᠦᠨ ᠪᠦᠷᠢ ᠶᠢᠨ ᠴᠢᠷᠠᠢ ᠳᠤ ᠬᠠᠯᠬᠠᠯᠠᠭᠳᠠᠰᠢ ᠦᠬᠡᠢ ᠪᠠᠶᠠᠷ ᠪᠠᠭ᠋ᠠᠳᠤᠯ ᠢᠯᠡᠷᠡᠵᠦ ᠪᠠᠢᠯ᠎ᠠ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠠᠰᠢᠭ ᠬᠤᠪᠢᠶᠠᠷᠢᠯᠠᠯᠲᠠ ᠳᠤ ᠨᠡᠶᠢᠲᠡ 260 ᠲᠦᠮᠡᠨ ᠲᠥᠭᠦᠷᠢᠭ ᠤᠨ ᠪᠡᠯᠡᠨ ᠵᠣᠭᠤᠰ ᠲᠠᠷᠬᠠᠭᠠᠪᠠ᠃     ︽ᠥᠩᠭᠡᠷᠡᠭᠰᠡᠨ ᠨᠢᠭᠡ ᠵᠢᠯ ᠳᠤ᠂ ᠮᠠᠨ ᠤ ᠬᠤᠷᠰᠢᠶᠠᠨ ᠤ ᠭᠠᠷᠤᠯᠲᠠ ᠪᠣᠯᠤᠨ ᠦᠢᠯᠡᠳᠬᠦᠨ ᠤ ᠥᠷᠲᠡᠭ ᠨᠢ ᠴᠢᠨᠠᠷ ᠤᠨ ᠦᠰᠦᠷᠦᠯᠲᠡ ᠶᠢ ᠪᠡᠶᠡᠯᠡᠭᠦᠯᠵᠡᠢ᠂ ᠡᠨᠡ ᠪᠦᠬᠦᠨ ᠴᠥᠮ ᠬᠤᠷᠰᠢᠶᠠᠨ ᠤ ᠪᠦᠷᠢᠯᠳᠦᠬᠦᠨ ᠤ ᠰᠢᠷᠭᠠᠭᠤ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ᠂ ᠨᠡᠩ ᠴᠤ ᠵᠢᠦ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠪᠢᠳᠡᠨ ᠳᠤ ᠥᠭᠭᠦᠭᠰᠡᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠰᠢᠨ᠎ᠡ ᠨᠢᠭᠡ ᠵᠢᠯ ᠳᠤ᠂ ᠪᠢ ᠬᠤᠷᠰᠢᠶᠠᠨ ᠤ ᠪᠦᠷᠢᠯᠳᠦᠬᠦᠨ ᠲᠠᠢ ᠦᠷᠭᠦᠯᠵᠢᠯᠡᠨ ᠮᠥᠷᠥ ᠵᠡᠷᠭᠡᠴᠡᠨ ᠪᠠᠶᠢᠯᠳᠤᠵᠤ᠂ ᠠᠵᠤ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠬᠤᠪᠢ ᠣᠷᠣᠭᠤᠯᠤᠭᠴᠢᠳ ᠤᠨ ᠠᠰᠢᠭ ᠣᠷᠣᠯᠭ᠎ᠠ ᠶᠢ ᠨᠢᠳᠦᠨ ᠳᠤ ᠦᠵᠡᠭᠳᠡᠵᠦ᠂ ᠭᠠᠷ ᠲᠤ ᠪᠠᠷᠢᠭᠳᠠᠮ᠎ᠠ ᠪᠣᠯᠭᠠᠨ᠎ᠠ︾ ᠭᠡᠵᠤ ᠪᠤᠭᠤᠲᠤ ᠬᠤᠲᠠ ᠶᠢᠨ ᠶᠤᠸᠠᠨ ᠱᠧᠩ ᠶᠤᠸᠠᠨ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠨ ᠤ ᠲᠤᠰᠬᠠᠢ ᠬᠤᠷᠰᠢᠶᠠᠨ ᠤ  ᠬᠠᠷᠢᠭᠤᠴᠠᠯᠭᠠᠲᠠᠨ᠂ ︽ᠲᠦᠷᠦᠭᠦᠴᠢ ᠭᠠᠯᠠᠭᠤ︾ ᠶᠢᠨ ᠰᠢᠯᠢᠳᠡᠭ ᠰᠤᠷᠤᠯᠭᠠᠲᠠᠨ ᠤ ᠲᠥᠯᠥᠭᠡᠯᠡᠭᠴᠢ ᠶᠢᠨ ᠵᠢᠶᠦ᠋ᠨ ᠠᠰᠢᠭ ᠬᠤᠪᠢᠶᠠᠬᠤ ᠶᠡᠭᠡ ᠬᠤᠷᠠᠯ ᠳᠠᠭᠤᠰᠤᠭᠰᠠᠨ ᠤ ᠳᠠᠷᠠᠭ᠎ᠠ ᠢᠳᠡᠭᠡᠯ ᠲᠡᠭᠦᠯᠲᠡᠷ ᠬᠡᠯᠡᠪᠡ᠃
22222.jpg
    ᠡᠨᠡ ᠵᠢᠯ ᠠᠴᠠ ᠨᠠᠰᠢ᠂ ᠵᠢᠦ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠶᠡᠬᠡᠪᠡᠷ ᠲᠡᠳᠬᠦᠵᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠢ ᠢᠳᠡᠪᠬᠢᠲᠡᠢ ᠠᠬᠢᠭᠤᠯᠬᠤ ᠪᠠᠷ ᠳᠠᠮᠵᠢᠭᠤᠯᠵᠤ᠂ ᠲᠣᠰᠬᠤᠨ ᠤ ᠠᠷᠠᠳ ᠤᠨ ︽ᠵᠣᠭᠤᠰᠣᠨ ᠤᠭᠤᠲᠠ︾ ᠶᠢ ᠪᠠᠶᠠᠵᠢᠭᠤᠯᠬᠤ ᠠᠵᠢᠯ ᠤᠨ ᠬᠠᠷᠠᠯᠲᠠ ᠶᠢ ᠦᠢᠯᠡᠳᠦᠯᠭᠡᠵᠢᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠵᠢᠦ ᠶᠤᠸᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠦᠷᠭᠦᠯᠵᠢᠯᠡᠨ ᠰᠦᠪᠡᠭᠴᠢᠯᠡᠨ᠎ᠡ᠃ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠡᠵᠡᠩᠨᠡᠯᠲᠡ ᠶᠢᠨ ᠰᠢᠨ᠎ᠡ ᠵᠠᠭᠪᠤᠷ ᠤᠨ ᠰᠢᠨ᠎ᠡ ᠶᠢ ᠡᠭᠦᠳᠴᠦ᠂ ᠲᠠᠷᠢᠶᠠᠴᠢᠨ ᠡᠷᠦᠬᠡ ᠶᠢ ᠲᠠᠷᠠᠬᠠᠢ ᠪᠤᠲᠠᠷᠬᠠᠢ ᠪᠦᠳᠦᠭᠦᠯᠢᠭ ᠡᠵᠡᠩᠨᠡᠯᠲᠡ ᠠᠴᠠ ᠬᠡᠪᠴᠢᠶᠡᠵᠢᠭᠦᠯᠦᠨ ᠡᠷᠴᠢᠮᠵᠢᠭᠦᠯᠦᠭᠰᠡᠨ ᠡᠵᠡᠩᠨᠡᠯᠲᠡ ᠲᠡᠢᠰᠢ ᠬᠤᠪᠢᠷᠠᠬᠤ ᠶᠢ ᠬᠥᠲᠥᠯᠥᠨ ᠵᠢᠯᠣᠭᠤᠳᠴᠤ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠦᠴᠦᠨ ᠵᠦᠢᠯ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠪᠡᠶᠡᠯᠡᠭᠦᠯᠵᠤ᠂ ︽ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ︾ ᠲᠣᠭᠲᠠᠴᠠ ᠶᠢ ᠭᠦᠨᠵᠡᠭᠡᠶᠢᠷᠡᠭᠦᠯᠵᠦ᠂ ᠵᠢᠦ ᠶᠤᠸᠠᠨ ᠲᠣᠭᠤᠷᠢᠭ ᠤᠨ ᠣᠷᠣᠨ ᠨᠤᠲᠤᠭ ᠤᠨ ᠣᠨᠴᠠᠯᠢᠭ ᠢ ᠭᠦᠢᠴᠡᠳ ᠠᠭᠤᠳᠠᠯᠤᠨ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠪᠤᠶᠢᠵᠢᠭᠤᠯᠬᠤ ᠪᠠ ᠴᠣᠭᠴᠠᠯᠠᠬᠤ ᠳᠤ ᠨᠠᠷᠢᠯᠢᠭ ᠣᠨᠣᠴᠠᠲᠠᠢ ᠪᠠᠷ ᠬᠦᠴᠦᠯᠡᠵᠦ᠂ ᠤᠯᠠᠮᠵᠢᠯᠠᠯᠲᠤ ᠬᠢᠵᠠᠭᠠᠷᠯᠠᠯ ᠢ ᠪᠦᠬᠦ ᠬᠦᠴᠦᠨ ᠢᠶᠠᠷ ᠢᠶᠠᠨ ᠰᠢᠪᠲᠤᠯᠵᠤ᠂ ᠥᠷᠭᠡᠨ ᠳᠡᠯᠭᠡᠷ ᠣᠷᠣᠨ ᠪᠦᠰᠡ ᠶᠢᠨ ᠨᠥᠯᠥᠭᠡᠯᠡᠬᠦ ᠬᠦᠴᠦᠨ ᠲᠠᠢ ᠲᠠᠷᠢᠶᠠᠯᠠᠩ ᠤᠨ ᠨᠡᠷᠡᠲᠦ ᠲᠥᠷᠥᠯ ᠲᠡᠮᠳᠡᠭᠲᠦ ᠶᠢ ᠬᠦᠴᠦᠯᠡᠨ ᠪᠣᠢ ᠪᠣᠯᠭᠠᠵᠤ᠂ ᠠᠵᠤ ᠦᠢᠯᠡᠰ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠷ᠎ᠡ ᠪᠦᠲᠦᠮᠵᠢ ᠶᠢ ᠴᠢᠩᠭᠠᠳᠬᠠᠵᠤ᠂ ᠬᠤᠷᠰᠢᠶᠠᠨ ᠤ ᠪᠦᠷᠢᠯᠳᠦᠬᠦᠨ ᠤ ᠪᠣᠳᠠᠲᠤ ᠪᠠᠶᠢᠳᠠᠯ ᠪᠠ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠨᠡᠶᠢᠴᠡᠵᠦ᠂ ᠭᠡᠰᠢᠭᠦᠳ ᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠴᠢᠳᠠᠪᠤᠷᠢᠲᠠᠨ ᠪᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠨ᠎ᠡ ᠶᠢ ᠡᠭᠦᠳᠦᠨ ᠰᠦᠪᠡᠭᠴᠢᠯᠡᠬᠦ ᠶᠢ ᠭᠦᠨᠵᠡᠭᠡᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠢᠳᠡᠪᠬᠢᠲᠡᠢ ᠪᠠᠷ ᠬᠠᠮᠵᠢᠯᠴᠠᠨ ᠬᠠᠮᠲᠤᠷᠠᠯᠴᠠᠵᠤ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠨ ᠢᠶᠠᠷ ᠥᠷᠭᠡᠳᠬᠡᠵᠦ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠤᠨ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠨᠡᠩ ᠣᠯᠠᠨ ᠬᠤᠷᠰᠢᠶᠠᠨ ᠤ ᠠᠰᠢᠭ ᠬᠤᠪᠢᠶᠠᠷᠢᠯᠠᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠥᠷᠭᠡᠨ ᠣᠯᠠᠨ ᠲᠠᠷᠢᠶᠠᠴᠢᠳ ᠲᠤ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳᠡᠯᠡᠭᠦᠯᠤᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号