| | ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠠᠵᠤ | ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠴᠢᠩᠭᠠᠳᠬᠠᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 2025 ᠣᠨ ᠤ 1 ᠰᠠᠷ᠎ᠠ ᠶᠢᠨ 8 ᠤ ᠡᠳᠦᠷ᠂ ᠵᠢᠦ | ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠲᠣᠭᠤᠷᠢᠭ ᠤᠨ | ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠠᠵᠢᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠲᠣᠭᠤᠷᠢᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ | ᠤᠳᠤᠷᠢᠳᠤᠯᠭ᠎ᠠ᠂ ᠢᠳᠡᠭᠡᠨ ᠤ ᠠᠮᠤᠷ ᠲᠦᠪᠰᠢᠨ ᠶᠢ ᠬᠢᠨᠠᠨ ᠬᠠᠮᠢᠶᠠᠷᠣᠬᠤ ᠲᠠᠰᠤᠭ ᠤᠨ ᠪᠦᠬᠦ ᠠᠵᠢᠯᠲᠠᠨ᠂ ᠬᠠᠷᠢᠶ᠎ᠠ | ᠣᠷᠣᠨ ᠤ 28 ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠢᠳᠡᠭᠡᠨ ᠤ ᠠᠮᠤᠷ | ᠲᠦᠪᠰᠢᠨ ᠤ ᠶᠡᠷᠦᠩᠬᠡᠢ ᠬᠢᠨᠠᠭᠴᠢ᠂ ᠢᠳᠡᠭᠡᠨ ᠤ ᠠᠮᠤᠷ ᠲᠦᠪᠰᠢᠨ ᠤ ᠠᠵᠢᠯᠲᠠᠨ ᠨᠡᠶᠢᠲᠡ 56 ᠨᠡᠷᠡᠰ ᠢᠳᠡᠭᠡᠨ ᠤ | ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠬᠤᠷᠠᠯ ᠳᠤ ᠣᠷᠣᠯᠴᠠᠵᠠᠢ᠃ | ᠲᠤᠰ ᠤᠳᠠᠭᠠᠨ ᠤ ᠶᠠᠷᠢᠯᠴᠠᠬᠤ ᠬᠤᠷᠠᠯ ᠨᠢ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ᠂ | ᠢᠳᠡᠭᠡᠨ ᠤ ᠠᠮᠤᠷ ᠲᠦᠪᠰᠢᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ | ᠲᠠᠯ᠎ᠠ ᠪᠠᠷ ᠬᠢ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠠᠬᠢ ᠰᠠᠨᠠᠯ ᠪᠠ ᠰᠠᠨᠠᠭᠤᠯᠭ᠎ᠠ ᠶᠢ ᠰᠣᠨᠣᠰᠴᠤ᠂ ᠮᠠᠨ ᠤ | ᠲᠣᠭᠤᠷᠢᠭ ᠤᠨ ᠢᠳᠡᠭᠡᠨ ᠤ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠪᠠ᠃ | ᠬᠤᠷᠠᠯ ᠳᠡᠭᠡᠷ᠎ᠡ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠲᠡᠮᠦᠷ ᠨᠥᠬᠦᠷ | ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ | ᠢᠯᠡᠳᠬᠡᠵᠦ᠂ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠮᠠᠨ ᠤ ᠲᠣᠭᠤᠷᠢᠭ ᠤᠨ ᠠᠵᠤ ᠠᠬᠤᠢ | ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠳᠤ ᠦᠵᠡᠭᠦᠯᠦᠭᠰᠡᠨ ᠴᠢᠬᠤᠯᠠ ᠬᠤᠪᠢ | ᠨᠡᠮᠡᠷᠢ ᠶᠢ ᠭᠦᠢᠴᠡᠳ ᠨᠤᠲᠠᠯᠠᠪᠠ᠃ ᠲᠡᠷᠡ ᠣᠳᠣᠬᠠᠨ ᠳᠤ ᠮᠠᠨ ᠤ ᠲᠣᠭᠤᠷᠢᠭ ᠤᠨ ᠢᠳᠡᠭᠡᠨ ᠤ ᠵᠦᠢᠯ ᠤᠨ | ᠦᠢᠯᠡᠳᠪᠦᠷᠢᠯᠡᠯ ᠤᠨ ᠠᠵᠢᠯ ᠲᠥᠷᠥᠯ ᠤᠨ ᠬᠥᠭᠵᠢᠯᠲᠡ ᠨᠠᠶᠢᠲᠡᠮ ᠳᠤ ᠪᠠᠨ ᠰᠠᠶᠢᠨ ᠪᠣᠯᠬᠤ ᠪᠠᠶᠢᠳᠠᠯ ᠢᠯᠡᠷᠡᠭᠰᠡᠨ | ᠪᠣᠯᠪᠠᠴᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠢᠳᠡᠭᠡᠨ ᠤ ᠵᠦᠢᠯ ᠤᠨ ᠠᠮᠤᠷ | ᠲᠦᠪᠰᠢᠨ ᠢ ᠪᠠᠲᠤᠯᠠᠬᠤ ᠵᠡᠷᠭᠡ ᠲᠠᠯ᠎ᠠ ᠪᠠᠷ ᠪᠠᠭᠤᠷᠠᠢ ᠵᠦᠢᠯ ᠣᠷᠣᠰᠢᠵᠤ ᠪᠠᠢᠬᠤ ᠶᠢ ᠵᠢᠭᠠᠵᠤ ᠭᠠᠷᠭᠠᠪᠠ᠃᠂ | ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠣᠳᠣᠭᠰᠠᠨ ᠢᠶᠠᠨ ᠠᠭᠤᠵᠢᠷᠠᠲᠠᠯ᠎ᠠ ᠶᠠᠷᠢᠵᠤ᠂ ᠠᠵᠤ ᠠᠬᠤᠶᠢᠯᠠᠯ ᠤᠨ | ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠪᠠ ᠥᠷᠢᠰᠥᠯᠳᠦᠭᠡᠨ ᠤ ᠲᠤᠬᠠᠢ ᠶᠠᠷᠢᠬᠤ ᠶᠢᠨ ᠬᠠᠮᠲᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠡᠷᠬᠢᠮ ᠨᠠᠨᠳᠢᠨ ᠰᠠᠨᠠᠯ ᠪᠠ ᠰᠠᠨᠠᠭᠤᠯᠭ᠎ᠠ ᠳᠤᠷᠠᠳᠪᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠪᠦᠬᠦ ᠬᠦᠴᠦᠨ ᠢᠶᠠᠷ ᠢᠶᠠᠨ ᠠᠵᠤ | ᠠᠬᠤᠶᠢᠯᠠᠯ ᠳᠤ ᠶᠠᠰᠤ ᠴᠢᠨᠠᠷ ᠤᠨ ᠳᠡᠭᠡᠭᠰᠢᠯᠡᠯᠲᠡ᠂ ᠰᠣᠯᠢᠯᠴᠠᠭ᠎ᠠ ᠰᠤᠷᠤᠯᠴᠠᠯᠭ᠎ᠠ ᠵᠡᠷᠭᠡ ᠲᠠᠪᠴᠠᠩ ᠢ ᠪᠠᠶᠢᠭᠤᠯᠵᠤ | ᠥᠭᠭᠦᠨ᠎ᠡ᠃ | ᠢᠳᠡᠭᠡᠨ ᠤ ᠠᠮᠤᠷ ᠲᠦᠪᠰᠢᠨ ᠶᠢ ᠬᠢᠨᠠᠨ ᠬᠠᠮᠢᠶᠠᠷᠣᠬᠤ ᠲᠠᠰᠤᠭ ᠤᠨ ᠳᠠᠷᠤᠭ᠎ᠠ ᠴᠧᠨ ᠴᠢᠶᠠᠩ ︽ᠠᠵᠤ | ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠬᠢᠨᠠᠯᠲᠠ ᠬᠠᠮᠢᠶᠠᠷᠤᠯᠲᠠ ᠶᠢᠨ ᠲᠣᠭᠲᠠᠭᠠᠯ︾᠂ ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠨᠠᠷᠢᠨ ᠳᠠᠩᠰᠠ︾ ᠳᠤ ᠴᠢᠭᠯᠡᠭᠦᠯᠦᠨ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠲᠠᠢ ᠶᠠᠷᠢᠯᠴᠠᠵᠤ᠂ | ᠡᠯ᠎ᠡ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠢ ᠲᠣᠪᠴᠢᠶ᠎ᠠ ᠶᠢᠨ ᠨᠡᠶᠢᠲᠡᠯᠡᠭᠰᠡᠨ ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠨᠠᠷᠢᠨ ᠳᠠᠩᠰᠠ︾ ᠪᠠᠷ ᠯᠠᠪᠯᠠᠯᠲᠠ ᠪᠣᠯᠭᠠᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ᠂ ᠬᠡᠪᠴᠢᠶ᠎ᠡ ᠶᠢᠨ ᠶᠡᠭᠡ | ᠪᠠᠭ᠎ᠠ᠂ ᠢᠳᠡᠭᠡᠨ ᠤ ᠲᠥᠷᠥᠯ ᠵᠦᠢᠯ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ | ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠵᠠᠳᠠᠯᠤᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠠᠵᠤ | ᠠᠬᠤᠶᠢᠯᠠᠯ ᠤᠨ ᠪᠣᠳᠠᠲᠠᠢ ᠳᠤ ᠨᠡᠶᠢᠴᠡᠭᠰᠡᠨ ︽ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠨᠠᠷᠢᠨ ᠳᠠᠩᠰᠠ︾ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠬᠡᠷᠡᠭᠵᠢᠭᠦᠯᠬᠦ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠢ ᠦᠨᠳᠦᠰᠦᠯᠡᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠠᠵᠤ ᠠᠬᠤᠶᠢᠯᠠᠯ ᠤᠨ | ᠲᠥᠯᠥᠭᠡᠯᠡᠭᠴᠢᠳ ᠴᠦ ᠲᠤᠰ ᠪᠡᠶ᠎ᠡ ᠶᠢᠨ ᠠᠵᠤ ᠠᠬᠤᠶᠢᠯᠠᠯ ᠤᠨ ᠣᠨᠴᠠᠯᠢᠭ᠂ ᠬᠡᠪᠴᠢᠶ᠎ᠡ᠂ ᠬᠥᠭᠵᠢᠯᠲᠡ ᠶᠢᠨ | ᠲᠥᠯᠥᠪᠵᠢᠭᠦᠯᠭᠡ ᠵᠡᠷᠭᠡ ᠲᠠᠯ᠎ᠠ ᠠᠴᠠ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ | ᠬᠤᠷᠠᠯ ᠤᠨ ᠳᠠᠷᠠᠭ᠎ᠠ᠂ ᠡᠯ᠎ᠡ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠳ ᠢᠳᠡᠭᠡᠨ ᠤ ᠠᠮᠤᠷ | ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠰᠠᠨᠠᠭᠠᠴᠢᠯᠠᠭ᠎ᠠ ᠭᠠᠷᠭᠠᠭᠰᠠᠨ | ᠪᠥᠭᠡᠳ ᠲᠤᠬᠠᠢ ᠶᠢᠨ ᠲᠠᠯᠠᠪᠤᠷ ᠲᠤ ᠢᠳᠡᠭᠡᠨ ᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ ᠲᠤ ᠭᠠᠷ ᠤᠨ | ᠦᠰᠦᠭ ᠵᠢᠷᠤᠪᠠ᠃ ᠮᠠᠨ ᠤ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠶᠢᠨ ᠨᠡᠶᠢᠲᠡᠯᠡᠭᠰᠡᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠬᠢᠨᠠᠨ ᠰᠢᠯᠭᠠᠬᠤ | ᠰᠡᠳᠦᠪ ᠤᠨ ᠬᠥᠮᠥᠷᠭᠡ ᠲᠠᠢ ᠤᠶᠠᠯᠳᠤᠭᠤᠯᠤᠨ ᠡᠯ᠎ᠡ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠢᠳᠡᠭᠡᠨ ᠤ | ᠬᠠᠮᠢᠶᠠᠷᠤᠯᠲᠠ ᠶᠢᠨ ᠠᠵᠢᠯᠲᠠᠨ ᠳᠤ ᠬᠢᠨᠠᠯᠲᠠ ᠲᠠᠯᠪᠢᠵᠤ ᠰᠤᠭᠤᠴᠢᠨ ᠰᠢᠯᠭᠠᠵᠤ᠂ ᠰᠤᠭᠤᠴᠢᠨ ᠰᠢᠯᠭᠠᠭᠰᠠᠨ ᠦᠷ᠎ᠡ | ᠳ᠋ᠦᠩ ᠢ ᠮᠠᠨ ᠤ ᠲᠣᠪᠴᠢᠶ᠎ᠠ ᠶᠢᠨ ᠸᠢᠴᠠᠲ ᠲᠠᠪᠴᠡᠩ ᠲᠤ ᠵᠠᠷᠯᠠᠨ ᠨᠡᠶᠢᠲᠡᠯᠡᠨ᠎ᠡ᠃ | ᠳᠠᠷᠠᠭᠠᠴᠢ ᠶᠢᠨ ᠠᠯᠬᠤᠮ ᠳᠤ᠂ ᠵᠢᠦ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ︽ᠪᠡᠶ᠎ᠡ ᠶᠢᠨ ᠪᠠᠶᠢᠴᠠᠭᠠᠯᠲᠠ ᠶᠢᠨ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ | ᠬᠡᠯᠪᠡᠷᠢ ᠶᠢᠨ ᠬᠠᠤᠯᠢ ᠬᠡᠷᠡᠭᠵᠢᠭᠦᠯᠬᠦ︾ ᠣᠶᠢᠯᠠᠭᠠᠭᠳᠠᠬᠤᠨ ᠢ ᠦᠷᠭᠦᠯᠵᠢᠯᠡᠨ ᠦᠢᠯᠡᠳᠦᠯᠭᠡᠵᠢᠭᠦᠯᠵᠦ᠂ | ᠦᠢᠯᠡᠴᠢᠯᠡᠭᠡ ᠶᠢ ᠬᠢᠨᠠᠨ ᠬᠠᠮᠢᠶᠠᠷᠬᠤ ᠠᠴᠠ ᠡᠮᠦᠨ᠎ᠡ᠂ ᠬᠢᠨᠠᠯᠲᠠ ᠬᠠᠮᠢᠶᠠᠷᠤᠯᠲᠠ ᠶᠢ ᠠᠶᠤᠯ ᠲᠦᠭᠰᠢᠭᠦᠷᠢ ᠠᠴᠠ | ᠡᠮᠦᠨ᠎ᠡ᠂ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ | ᠠᠮᠤᠷ ᠲᠦᠪᠰᠢᠨ ᠤ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃ | |