| ᠭᠤᠷᠪᠠᠳᠡᠬᠢ ᠡᠳᠡᠭᠡᠳ ᠤᠨ ᠣᠷᠴᠢᠨ ᠲᠤᠭᠤᠷᠢᠨ ᠤ ᠬᠠᠮᠠᠭᠠᠯᠠᠯᠳᠡ ᠶᠢᠨ ᠦᠢᠯᠡᠴᠢᠯᠡᠭᠡᠨ ᠤ ᠪᠠᠶᠢᠭᠤᠯᠥᠮᠵᠢ ᠶᠢᠨ | ᠬᠢᠨᠡᠯᠳᠡ ᠬᠠᠮᠢᠶᠡᠷᠦᠯᠳᠡ ᠶᠢ ᠣᠯᠡᠮ ᠨᠢᠭᠡ ᠠᠯᠬᠤᠮ ᠴᠢᠩᠭᠠᠳᠬᠠᠵᠦ᠂ ᠣᠷᠴᠢᠨ ᠲᠤᠭᠤᠷᠢᠨ ᠤ ᠯᠠᠪᠯᠠᠯᠭ᠎ᠠ ᠶᠢᠨ | ᠪᠠᠶᠢᠭᠤᠯᠥᠮᠵᠢ᠂ ᠪᠠᠶᠢᠴᠠᠭᠠᠨ ᠰᠢᠯᠭᠠᠵᠦ ᠰᠢᠨᠵᠢᠬᠦ ᠪᠠᠶᠢᠭᠤᠯᠥᠮᠵᠢ᠂ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠥᠮᠵᠢ | ᠵᠡᠷᠭᠡ ᠭᠤᠷᠪᠠᠳᠡᠬᠢ ᠡᠳᠡᠭᠡᠳ ᠤᠨ ᠣᠷᠴᠢᠨ ᠲᠤᠭᠤᠷᠢᠨ ᠤ ᠬᠠᠮᠠᠭᠠᠯᠠᠯᠳᠡ ᠶᠢᠨ ᠦᠢᠯᠡᠴᠢᠯᠡᠭᠡᠨ ᠤ ᠪᠠᠶᠢᠭᠤᠯᠥᠮᠵᠢ ᠶᠢᠨ | ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠠᠰᠠᠭᠤᠳᠡᠯ ᠢ ᠪᠦᠬᠦ ᠳᠡᠯ᠎ᠠ ᠪᠠᠷ ᠴᠡᠭᠴᠡᠯᠡᠨ ᠵᠠᠰᠠᠵᠦ᠂ ᠵᠠᠬ᠎ᠠ | ᠳᠡᠯᠭᠡᠬᠦᠷ ᠤᠨ ᠲᠥᠪ ᠭᠤᠣᠯᠴᠢ ᠪᠠᠷ ᠦᠷᠢᠰᠦᠯᠳᠦᠬᠦ ᠣᠷᠴᠢᠨ ᠲᠤᠭᠤᠷᠢᠨ ᠢ ᠬᠠᠮᠠᠭᠠᠯᠠᠬᠤ ᠶᠢᠨ ᠲᠦᠯᠤᠭᠡ ᠵᠢᠥ | ᠶᠤᠸᠠᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠤᠪᠴᠢᠶ᠎ᠠ ᠭᠤᠷᠪᠠᠳᠠᠬᠢ | ᠡᠲᠡᠭᠡᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠬᠤ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠲᠤᠬᠢᠷᠠᠭᠤᠯᠤᠨ | ᠪᠠᠶᠢᠷᠢᠯᠠᠭᠤᠯᠵᠤ ᠥᠷᠨᠢᠭᠦᠯᠪᠡ᠃ | ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ ᠲᠤᠰᠠᠳᠠ᠂ ᠭᠤᠷᠪᠠᠳᠠᠬᠢ ᠡᠲᠡᠭᠡᠳ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠠᠤᠯᠢ ᠬᠡᠷᠡᠭᠵᠢᠭᠦᠯᠬᠦ | ᠠᠵᠢᠯᠲᠠᠳ ᠠᠵᠤ ᠠᠬᠤᠶᠢᠯᠠᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ | ᠨᠠᠶᠢᠷᠠᠭᠤᠯᠤᠨ ᠵᠣᠬᠢᠶᠠᠬᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠳᠠᠭᠤᠰᠴᠤ ᠪᠡᠶ᠎ᠡ ᠪᠠᠨ | ᠳᠠᠭᠠᠭᠠᠵᠤ ᠰᠢᠯᠭᠠᠨ ᠠᠪᠬᠤ᠂ ᠣᠷᠴᠢᠨ ᠲᠣᠭᠤᠷᠢᠨ ᠤ ᠬᠢᠨᠠᠨ ᠬᠡᠮᠵᠢᠯᠲᠡ᠂ ᠪᠣᠬᠢᠷᠲᠤᠯ ᠪᠣᠳᠠᠰ ᠭᠠᠳᠠᠭᠰᠢᠯᠠᠭᠤᠯᠬᠤ | ᠵᠥᠪᠰᠢᠶᠡᠷᠡᠯ ᠵᠡᠷᠭᠡ ᠲᠤᠰᠬᠠᠶ ᠠᠵᠢᠯᠯᠠᠭ᠎ᠠ ᠶᠢᠨ ᠲᠣᠭᠤᠷᠢᠨ ᠳᠤ᠂ ᠬᠠᠷᠢᠶ᠎ᠠ ᠣᠷᠣᠨ ᠳᠤ ᠶᠡᠭᠡ ᠵᠢᠭᠰᠠᠭᠠᠨ | ᠪᠠᠶᠢᠴᠠᠭᠠᠯᠲᠠ ᠶᠢ ᠥᠷᠨᠢᠭᠦᠯᠵᠦ᠂ ᠬᠡᠷᠡᠭ ᠤᠨ ᠢᠷᠡᠯᠲᠡ ᠶᠢᠨ ᠰᠦᠪᠡᠭᠴᠢ ᠶᠢ ᠢᠳᠡᠪᠬᠢᠲᠡᠶ ᠡᠷᠢᠵᠦ᠂ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠬᠠᠤᠯᠢ ᠬᠡᠷᠡᠭᠵᠢᠭᠦᠯᠬᠦ ᠠᠵᠢᠯᠲᠠᠨ | ᠭᠤᠤᠯᠳᠠᠭᠤ ᠠᠵᠤ ᠠᠬᠤᠶᠢᠯᠠᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ | ᠵᠢᠴᠢ ᠴᠣᠬᠤᠯᠠᠪᠤᠷᠢ ᠶᠢ ᠪᠠᠶᠢᠴᠠᠭᠠᠨ ᠦᠵᠡᠵᠦ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ | ᠠᠭᠤᠯᠭ᠎ᠠ᠂ ᠴᠣᠬᠤᠯᠠᠪᠤᠷᠢᠯᠠᠭᠰᠠᠨ ᠠᠭᠤᠯᠭ᠎ᠠ ᠨᠢ ᠠᠵᠤ ᠠᠬᠤᠶᠢᠯᠠᠯ ᠤᠨ ᠪᠣᠳᠠᠲᠠᠶ ᠲᠠᠢ ᠨᠡᠶᠢᠴᠡᠵᠦ ᠪᠠᠶᠢᠬᠤ ᠡᠰᠡᠬᠦ᠂ | ᠭᠤᠤᠯᠳᠠᠯᠭ᠎ᠠ ᠲᠠᠢ ᠬᠤᠪᠢᠷᠠᠯᠲᠠ ᠨᠢ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ | ᠮᠠᠲ᠋ᠧᠷᠢᠶᠠᠯ ᠢ ᠳᠠᠬᠢᠨ ᠮᠡᠳᠡᠭᠦᠯᠦᠨ ᠵᠥᠪᠰᠢᠶᠡᠷᠡᠭᠦᠯᠦᠭᠡᠳᠦᠶ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ︔ ᠠᠦ᠋ᠲ᠋ᠣ᠋ | ᠬᠢᠨᠠᠨ ᠡᠵᠡᠮᠳᠡᠬᠦ ᠪᠠᠶᠢᠳᠠᠯ᠂ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠥᠭᠡᠷᠡᠴᠢᠯᠡᠬᠦ᠂ ᠲᠥᠬᠦᠭᠡᠷᠦᠮᠵᠢ ᠶᠢ ᠵᠣᠷᠢᠭᠤᠳᠠ | ᠡᠪᠳᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ︔ ᠬᠢᠨᠠᠨ | ᠬᠡᠮᠵᠢᠭᠰᠡᠨ ᠮᠡᠳᠡᠭᠦᠯᠦᠯᠲᠡ ᠳᠤ ᠪᠣᠳᠠᠲᠠᠶ ᠪᠠᠶᠢᠳᠠᠯ ᠢ ᠦᠨᠳᠦᠰᠦᠯᠡᠨ ᠦᠨᠡᠨ ᠪᠣᠳᠠᠲᠠᠶ ᠪᠠᠷ ᠲᠠᠭᠯᠠᠨ ᠪᠢᠴᠢᠭᠰᠡᠨ ᠡᠰᠡᠬᠦ | ᠂ ᠬᠠᠭᠤᠷᠮᠠᠭ ᠵᠣᠬᠢᠶᠠᠭᠰᠠᠨ ᠦᠢᠯᠡ ᠠᠵᠢᠯᠯᠠᠭ᠎ᠠ ᠪᠠᠶᠢᠬᠤ ᠡᠰᠡᠬᠦ ᠵᠡᠷᠭᠡ ᠪᠠᠢᠲᠡᠯ ᠶᠢ ᠪᠠᠢᠴᠠᠭᠠᠪᠠ᠃ | ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ | ᠱᠠᠭᠠᠷᠳᠠᠪᠠ᠃ | ᠳᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ | ᠬᠤᠪᠢᠶᠠᠷᠢ ᠲᠤᠪᠴᠢᠶ᠎ᠠ ᠭᠤᠷᠪᠠᠳᠠᠬᠢ ᠡᠲᠡᠭᠡᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠭᠡᠨ ᠤ | ᠪᠠᠶᠢᠭᠤᠯᠤᠮᠵᠢ ᠶᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠣᠷᠴᠢᠨ | ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠠᠰᠠᠭᠤᠳᠠᠯ ᠤᠨ ᠰᠦᠪᠡᠭᠴᠢ ᠶᠢ ᠭᠦᠨᠵᠡᠭᠡᠢ ᠠᠭᠤᠳᠠᠯᠵᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠥᠴᠦᠬᠡᠨ ᠴᠦ ᠢᠯᠳᠠᠷ ᠬᠠᠶᠠᠬᠤ ᠦᠭᠡᠢ︾ ᠣᠪᠣᠷ ᠢᠶᠠᠷ | ᠭᠤᠷᠪᠠᠳᠠᠬᠢ ᠡᠲᠡᠭᠡᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ | ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ | ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠲᠤ | ᠴᠢᠩᠭ᠎ᠠ ᠴᠣᠬᠢᠯᠲᠠ ᠥᠭᠴᠦ᠂ ᠭᠤᠷᠪᠠᠳᠠᠬᠢ ᠡᠲᠡᠭᠡᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠬᠤ᠂ ᠣᠷᠴᠢᠨ ᠲᠣᠭᠤᠷᠢᠨ ᠤ | ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃ | | | | | | | | |