ᠪᠤᠭᠤᠲᠤ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠨᠢ ︽ᠦᠬᠦᠰᠢᠷᠡᠮᠡᠯ ᠠᠵᠤ ᠠᠬᠤᠶᠢᠯᠠᠯ︾ ᠢ ᠬᠠᠤᠯᠢ ᠶᠣᠰᠣᠭᠠᠷ ᠴᠡᠪᠡᠷᠯᠡᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠡᠷᠴᠢᠮᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤ ᠦᠶ᠎ᠡ ᠳᠤ ᠠᠬᠢᠪᠠ
ᠨᠡᠶᠢᠲᠡᠯᠡᠭᠰᠡᠨ ᠴᠠᠭ᠄
2025/1/13
      ᠣᠶᠢᠷ᠎ᠠ ᠶᠢᠨ ᠵᠢᠯ ᠠᠴᠠ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠪᠠ ᠬᠤᠷᠸ᠎ᠠ ᠠᠵᠤ ᠠᠬᠤᠢ ᠶᠢᠨ ᠣᠷᠴᠢᠨ ᠲᠣᠭᠤᠷᠢᠨ ᠤ ᠲᠠᠰᠤᠷᠠᠯᠳᠠ ᠦᠭᠡᠢ ᠬᠤᠪᠢᠷᠠᠯᠲᠠ ᠶᠢᠨ ᠡᠮᠦᠨ᠎ᠡ᠂ ᠪᠤᠭᠤᠲᠤ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠬᠡᠰᠡᠭ ᠠᠵᠤ ᠠᠬᠤᠶᠢᠯᠠᠯ ᠪᠡᠯᠡ ᠮᠥᠩᠭᠦ ᠳᠤᠲᠠᠭᠳᠠᠬᠤ᠂ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠵᠠᠭᠠᠯᠳᠤᠯᠭ᠎ᠠ ᠵᠡᠷᠭᠡ ᠣᠯᠠᠨ ᠵᠦᠢᠯ ᠤᠨ ᠬᠦᠴᠦᠨ ᠵᠦᠢᠯ ᠠᠴᠠ ᠪᠣᠯᠵᠤ ᠠᠭᠠᠵᠢᠮ ᠢᠶᠠᠷ ᠦᠢᠯᠡᠳᠪᠦᠷᠢᠯᠡᠯ ᠢᠶᠠᠨ ᠵᠣᠭᠰᠣᠭᠠᠭᠰᠠᠨ ᠪᠤᠶᠤ ᠬᠠᠭᠠᠰ ᠵᠣᠭᠰᠣᠭᠰᠠᠨ ᠪᠠᠶᠢᠳᠠᠯ ᠳᠤ ᠣᠷᠣᠵᠤ᠂ ᠨᠢᠭᠡ ᠪᠦᠯᠦᠭ ︽ᠦᠬᠦᠰᠢᠷᠡᠮᠡᠯ ᠠᠵᠤ ᠠᠬᠤᠶᠢᠯᠠᠯ︾  ᠪᠦᠷᠢᠯᠳᠦᠵᠦ᠂ ᠬᠦᠷᠢᠶᠡᠯᠡᠩ  ᠤᠨ ᠡᠷᠬᠢᠮ ᠨᠠᠨᠳᠢᠨ ᠭᠠᠵᠠᠷ ᠰᠢᠷᠣᠢ ᠶᠢᠨ ᠡᠬᠢ ᠪᠠᠶᠠᠯᠢᠭ ᠢ ᠡᠵᠡᠯᠡᠨ ᠬᠡᠷᠡᠭᠯᠡᠭᠰᠡᠨ ᠪᠠᠶᠢᠨ᠎ᠠ᠃      ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠦᠷᠢᠶᠡᠯᠡᠩ ᠤᠨ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ᠵᠢᠦ ᠶᠤᠸᠠᠨ ᠲᠣᠭᠤᠷᠢᠭ ᠤᠨ ᠨᠠᠮ ᠤᠨ  ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠬᠦᠴᠦᠲᠡᠢ ᠳᠡᠮᠵᠢᠯᠭᠡ ᠦᠵᠡᠭᠦᠯᠪᠡ᠃ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠬᠠᠤᠯᠢ ᠲᠣᠭᠲᠠᠭᠠᠯ ᠶᠣᠰᠣᠭᠠᠷ ᠨᠠᠷᠢᠨ ᠲᠣᠳᠣᠷᠬᠠᠢ ᠠᠵᠢᠯ ᠤᠨ ᠲᠥᠰᠦᠯ ᠢ ᠲᠣᠭᠲᠠᠭᠠᠵᠤ᠂ ᠢᠯᠭᠠᠷᠠᠭᠤᠯᠬᠤ ᠠᠵᠢᠯ ᠢ ᠡᠮᠬᠢ ᠵᠢᠷᠤᠮ ᠲᠠᠢ᠂ ᠥᠨᠳᠥᠷ ᠪᠦᠲᠦᠮᠵᠢᠲᠡᠢ ᠪᠠᠷ ᠠᠬᠢᠭᠤᠯᠬᠤ ᠶᠢ ᠪᠠᠲᠤᠯᠠᠪᠠ᠃      ᠢᠯᠭᠠᠷᠠᠭᠤᠯᠬᠤ ᠠᠵᠢᠯ ᠢ ᠪᠣᠳᠠᠲᠠᠢ ᠥᠷᠨᠢᠭᠦᠯᠬᠦ ᠶᠠᠪᠤᠴᠠ ᠳᠤ᠂ ᠬᠡᠰᠡᠭ ᠦᠢᠯᠡᠳᠪᠦᠷᠢᠯᠡᠯ ᠢᠶᠠᠨ ᠵᠣᠭᠰᠣᠭᠠᠭᠰᠠᠨ ᠪᠠ ᠠᠵᠢᠯ ᠵᠣᠭᠰᠣᠭᠠᠭᠰᠠᠨ ᠲᠥᠷᠥᠯ ᠵᠦᠢᠯ ᠨᠢ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠲᠠᠢ ᠬᠠᠷᠢᠯᠴᠠᠬᠤ ᠶᠢᠨ ᠠᠷᠭ᠎ᠠ ᠦᠭᠡᠢ ᠠᠴᠠ ᠪᠣᠯᠵᠤ ᠭᠦᠰᠢᠭᠦᠷᠡᠭᠰᠡᠨ ᠪᠠᠢᠲᠠᠯ ᠳᠣᠣᠷ᠎ᠠ᠂ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠠᠴᠠ ᠵᠠᠳᠠᠯᠬᠤ ᠰᠡᠳᠬᠢᠬᠦᠢ ᠶᠢ ᠪᠣᠢ ᠪᠣᠯᠭᠠᠵᠤ᠂ ᠰᠢᠢᠳᠪᠦᠷᠢᠯᠡᠬᠦ ᠠᠷᠭ᠎ᠠ ᠵᠠᠮ ᠢ ᠢᠳᠡᠪᠬᠢᠲᠡᠢ ᠡᠷᠢᠵᠦ᠂ ︽ᠵᠠᠰᠠᠭ ᠵᠠᠬᠢᠷᠭᠠᠨ ᠤ ᠭᠡᠷ᠎ᠡ ᠶᠢᠨ ᠭᠠᠭᠴᠠ ᠲᠠᠯ᠎ᠠ ᠠᠴᠠ ᠬᠦᠴᠦᠨ ᠦᠭᠡᠢ ᠪᠣᠯᠭᠠᠬᠤ︾ ᠠᠷᠭ᠎ᠠ ᠮᠠᠶ᠋ᠢᠭ ᠢ ᠠᠪᠴᠤ᠂ ᠪᠤᠭᠤᠲᠤ ᠬᠤᠲᠠ ᠶᠢᠨ ᠵᠦᠩ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠷᠦᠩ ᠴᠧᠩ ᠬᠠᠶᠠᠭᠳᠠᠮᠠᠯ ᠪᠣᠯᠣᠳ ᠬᠤᠷᠢᠶᠠᠨ ᠠᠪᠬᠤ ᠬᠢᠵᠠᠭᠠᠷᠲᠤ ᠺᠣᠮᠫᠠᠨᠢ ᠵᠡᠷᠭᠡ ᠬᠤᠶᠠᠷ ᠠᠵᠤ ᠠᠬᠤᠶᠢᠯᠠᠯ ᠳᠤ ᠬᠠᠤᠯᠢ ᠶᠣᠰᠣᠭᠠᠷ ᠢᠯᠭᠠᠷᠠᠭᠤᠯᠤᠨ ᠪᠤᠴᠠᠭᠠᠬᠤ ᠠᠵᠢᠯ ᠢ ᠥᠷᠨᠢᠭᠦᠯᠪᠡ᠃ 2025 ᠣᠨ ᠤ 1 ᠰᠠᠷ᠎ᠠ ᠶᠢᠨ 10 ᠤ ᠡᠳᠦᠷ᠂ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠠᠯᠪᠠᠨ ᠭᠡᠷᠡᠴᠢᠯᠡᠭᠡ ᠶᠢᠨ ᠭᠠᠵᠠᠷ ᠤᠨ ᠬᠠᠮᠲᠤ ᠶᠢᠨ ᠬᠢᠨᠠᠯᠲᠠ ᠲᠠᠯᠪᠢᠯᠲᠠ ᠪᠠ ᠭᠡᠷᠡᠴᠢᠯᠡᠯ ᠳᠣᠣᠷ᠎ᠠ᠂ ᠬᠤᠷᠢᠨᠭᠡᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠠᠴᠠ ᠳᠡᠭᠡᠷ᠎ᠡ ᠳᠤᠷᠠᠳᠤᠭᠰᠠᠨ ᠬᠤᠶᠠᠷ ᠠᠵᠤ ᠠᠬᠤᠶᠢᠯᠠᠯ ᠢ ᠲᠠᠯᠠᠪᠠᠢ ᠠᠴᠠ ᠪᠤᠴᠠᠭᠠᠵᠤ ᠠᠪᠠᠴᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ 418 ᠮᠦ ᠰᠤᠯᠠ ᠪᠠᠶᠢᠭ᠎ᠠ ᠭᠠᠵᠠᠷ ᠰᠢᠷᠣᠢ ᠶᠢ ᠠᠮᠵᠢᠯᠲᠠ ᠲᠠᠢ ᠪᠠᠷ ᠬᠤᠷᠢᠶᠠᠨ ᠠᠪᠴᠤ᠂ ᠬᠦᠷᠢᠶᠡᠯᠡᠩ ᠲᠣᠭᠤᠷᠢᠭ ᠤᠨ ᠳᠠᠷᠠᠭᠠᠴᠢ ᠶᠢᠨ ᠰᠢᠨ᠎ᠡ ᠲᠥᠷᠥᠯ ᠵᠦᠢᠯ ᠢ ᠣᠷᠣᠭᠤᠯᠤᠨ ᠠᠪᠴᠢᠷᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠵᠢᠦ ᠶᠤᠸᠠᠨ ᠲᠣᠭᠤᠷᠢᠭ ᠠᠩᠬ᠎ᠠ ᠤᠳᠠᠭ᠎ᠠ ︽ᠵᠠᠰᠠᠭ ᠵᠠᠬᠢᠷᠭᠠᠨ ᠤ ᠭᠡᠷ᠎ᠡ ᠶᠢᠨ ᠭᠠᠭᠴᠠ ᠲᠠᠯ᠎ᠠ ᠠᠴᠠ ᠬᠦᠴᠦᠨ ᠦᠭᠡᠢ ᠪᠣᠯᠭᠠᠬᠤ︾ ᠠᠷᠭ᠎ᠠ ᠮᠠᠶ᠋ᠢᠭ ᠢ ᠬᠡᠷᠡᠭᠯᠡᠨ ︽ᠦᠬᠦᠰᠢᠷᠡᠮᠡᠯ ᠠᠵᠤ ᠠᠬᠤᠶᠢᠯᠠᠯ︾ ᠢ ᠢᠯᠭᠠᠷᠠᠭᠤᠯᠤᠨ ᠪᠤᠴᠠᠭᠠᠬᠤ ᠶᠢ ᠬᠡᠷᠡᠭᠵᠢᠭᠦᠯᠵᠦ᠂ ᠵᠣᠭᠰᠣᠩᠭᠢᠷᠠᠭᠰᠠᠨ ᠲᠥᠷᠥᠯ ᠵᠦᠢᠯ ᠢ ᠢᠯᠭᠠᠷᠠᠭᠤᠯᠤᠨ ᠲᠢᠭᠯᠡᠬᠦ ᠠᠵᠢᠯ ᠳᠤ ᠰᠢᠨ᠎ᠡ ᠪᠦᠲᠦᠮᠵᠢᠲᠡᠢ ᠠᠷᠭ᠎ᠠ ᠬᠡᠯᠪᠡᠷᠢ ᠨᠡᠮᠡᠷᠢᠯᠡᠭᠰᠡᠨ ᠢᠶᠠᠷ ᠪᠠᠷᠠᠬᠤ ᠦᠭᠡᠢ᠂ ᠪᠠᠰᠠ ᠠᠳᠠᠯᠢ ᠲᠥᠷᠥᠯ ᠤᠨ ᠠᠵᠢᠯ ᠳᠤ ᠡᠷᠬᠢᠮ ᠨᠠᠨᠳᠢᠨ ᠦᠢᠯᠡᠳᠦᠯᠭᠡ ᠶᠢᠨ ᠲᠤᠷᠰᠢᠯᠭ᠎ᠠ ᠬᠤᠷᠠᠮᠳᠤᠭᠤᠯᠵᠤ᠂ ᠰᠠᠶᠢᠨ ᠰᠠᠶᠢᠬᠠᠨ ᠵᠢᠱᠢᠶ᠎ᠡ ᠦᠵᠡᠭᠦᠯᠬᠦ ᠦᠢᠯᠡᠳᠦᠯ ᠢ ᠪᠣᠢ ᠪᠣᠯᠭᠠᠪᠠ᠃ ᠡᠨᠡ ᠬᠦ ᠠᠵᠢᠯᠯᠠᠭ᠎ᠠ ᠪᠠᠷ ᠳᠠᠮᠵᠢᠭᠤᠯᠤᠨ᠂ ᠬᠦᠷᠢᠶᠡᠯᠡᠩ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠲᠦᠢᠯ ᠤᠨ ᠶᠡᠭᠡ ᠪᠠᠷ ᠰᠢᠯᠢᠳᠡᠭᠵᠢᠭᠦᠯᠵᠦ᠂ ᠬᠦᠷᠢᠶᠡᠯᠡᠩ ᠤᠨ ᠪᠦᠬᠦᠯᠢ ᠴᠣᠭᠴᠠ ᠶᠢᠨ ᠳᠦᠷᠢ ᠲᠥᠷᠬᠦ ᠵᠢᠴᠢ ᠦᠷᠭᠦᠯᠵᠢᠯᠡᠬᠦ ᠬᠥᠭᠵᠢᠯᠲᠡ ᠶᠢᠨ ᠳᠠᠯᠳᠠ ᠬᠦᠴᠦᠨ ᠢ ᠳᠡᠭᠡᠭᠰᠢᠯᠡᠭᠦᠯᠪᠡ᠃ ᠡᠭᠦᠨ ᠤ ᠬᠠᠮᠲᠤ᠂ ᠪᠠᠰᠠ ᠵᠢᠦ ᠶᠤᠸᠠᠨ ᠲᠣᠭᠤᠷᠢᠭ ︽ᠰᠡᠳᠬᠢᠬᠦᠢ ᠶᠢ ᠲᠠᠶᠢᠯᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠡᠷᠢᠭᠦᠨ ᠤ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ︾ ᠲᠤᠰᠬᠠᠢ ᠰᠡᠳᠦᠪᠲᠦ ᠠᠵᠢᠯᠯᠠᠭ᠎ᠠ ᠳᠤᠮᠳᠠ ᠳᠠᠬᠢᠨᠲᠠ ᠢᠯᠡᠳᠲᠡ ᠦᠷ᠎ᠡ ᠪᠦᠲᠦᠮᠵᠢ ᠣᠯᠤᠭᠰᠠᠨ ᠢ ᠬᠠᠷᠠᠭᠤᠯᠵᠤ ᠪᠠᠶᠢᠨ᠎ᠠ᠃      ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ︽ᠦᠬᠦᠰᠢᠷᠡᠮᠡᠯ ᠠᠵᠤ ᠠᠬᠤᠶᠢᠯᠠᠯ︾ ᠢ ᠴᠡᠪᠡᠷᠯᠡᠨ ᠠᠷᠢᠯᠭᠠᠭᠰᠠᠨ ᠠᠮᠵᠢᠯᠲᠠ ᠲᠠᠢ ᠦᠢᠯᠡᠳᠦᠯᠭᠡ ᠪᠣᠯ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠪᠣᠯᠤᠨ ᠬᠤᠷᠢᠨᠭᠡᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠂ ᠵᠢᠦ ᠶᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠬᠤᠷᠢᠨᠭᠡᠷ ᠪᠠᠯᠭᠠᠰᠤᠨ ᠤ ᠲᠣᠮᠢᠯᠠᠭᠰᠠᠨ ᠰᠠᠯᠪᠤᠷᠢ ᠵᠡᠷᠭᠡ ᠣᠯᠠᠨ ᠲᠠᠯ᠎ᠠ ᠶᠢᠨ ᠬᠢᠨ ᠨᠢᠭᠲᠠ ᠬᠠᠮᠵᠢᠯᠴᠠᠵᠤ᠂ ᠬᠠᠮᠲᠤᠪᠠᠷ ᠴᠢᠷᠮᠠᠶᠢᠭᠰᠠᠨ ᠦᠷ᠎ᠡ ᠪᠦᠲᠦᠭᠡᠯ ᠪᠣᠯᠤᠨ᠎ᠠ᠂ ᠬᠦᠷᠢᠶᠡᠯᠡᠩ ᠤᠨ ᠴᠢᠨᠠᠷ ᠰᠠᠶᠢᠲᠠᠢ ᠬᠥᠭᠵᠢᠯᠲᠡ ᠶᠢᠨ ᠠᠶᠠᠨ ᠵᠠᠮ ᠳᠡᠭᠡᠷᠡᠬᠢ ᠪᠠᠲᠤ ᠪᠠᠬᠢ ᠠᠯᠬᠤᠭ᠎ᠠ ᠶᠢ ᠢᠯᠡᠷᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠦᠷᠭᠦᠯᠵᠢᠯᠡᠨ ᠬᠠᠤᠯᠢᠵᠢᠯ ᠤᠨ ᠵᠣᠷᠢᠭ ᠰᠠᠨᠠᠭ᠎ᠠ ᠶᠢ ᠪᠠᠲᠤ ᠰᠠᠬᠢᠵᠤ᠂ ᠠᠵᠢᠯ ᠤᠨ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠭᠠᠵᠠᠷ ᠰᠢᠷᠣᠢ ᠶᠢ ᠡᠷᠴᠢᠮᠵᠢᠭᠦᠯᠦᠨ ᠥᠨᠳᠥᠷ ᠪᠦᠲᠦᠮᠵᠢᠲᠡᠢ ᠠᠰᠢᠭᠯᠠᠬᠤ ᠶᠢ ᠳᠡᠭᠡᠭᠰᠢᠯᠡᠭᠦᠯᠵᠦ᠂ ᠬᠦᠷᠢᠶᠡᠯᠡᠩ ᠤᠨ ᠠᠯᠤᠰ ᠬᠡᠳᠦ ᠶᠢᠨ ᠬᠥᠭᠵᠢᠯᠲᠡ ᠳᠤ ᠰᠠᠭᠤᠷᠢ ᠶᠢ ᠪᠠᠬᠢᠵᠢᠭᠦᠯᠵᠦ᠂ ᠵᠢᠦ ᠶᠤᠸᠠᠨ ᠲᠣᠭᠤᠷᠢᠭ ᠤᠨ ᠠᠵᠤ ᠠᠬᠤᠢ ᠶᠢᠨ ᠳᠠᠬᠢᠨ ᠣᠷᠭᠢᠯ ᠳᠤ ᠭᠠᠷᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号