ᠹᠦ᠋ ᠯᠢ ᠭᠡᠷ ᠬᠤᠷᠢᠶᠠᠯᠠᠯ᠄ ᠴᠠᠭᠠᠨ ᠰᠠᠷ᠎ᠠ ᠶᠢ ᠤᠭᠲᠤᠬᠤ ᠤᠷᠠᠨ ᠰᠠᠶᠢᠬᠠᠨ ᠤ ᠲᠣᠭᠯᠠᠯᠲᠠ ᠨᠢ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠩᠭᠤᠢ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠪᠡ
ᠨᠡᠶᠢᠲᠡᠯᠡᠭᠰᠡᠨ ᠴᠠᠭ᠄
2025/1/15
    ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠢ ᠪᠣᠯᠭᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠶᠢ ᠨᠡᠮᠡᠭᠳᠡᠭᠦᠯᠬᠦ ᠶᠢᠨ ᠲᠥᠯᠥᠭᠡ᠂ 1 ᠰᠠᠷ᠎ᠠ ᠶᠢᠨ 10 ᠤ ᠡᠳᠦᠷ ᠰᠠᠶᠢᠬᠠᠨ ᠵᠡᠭᠡᠯᠢ ᠭᠤᠳᠤᠮᠵᠢ ᠶᠢᠨ ᠹᠦ᠋ ᠯᠢ ᠭᠡᠷ ᠬᠤᠷᠢᠶᠠᠯᠠᠯ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︽ᠰᠢᠨ᠎ᠡ ᠴᠠᠭ ᠦᠶ᠎ᠡ ᠪᠠᠨ ᠮᠠᠭᠲᠠᠨ ᠳᠠᠭᠤᠯᠠᠵᠤ᠂ ᠰᠢᠨ᠎ᠡ ᠴᠤᠭ ᠵᠢᠪᠬᠤᠭ᠎ᠠ ᠪᠠᠨ ᠢᠯᠡᠷᠡᠭᠦᠯᠦᠶ᠎ᠡ︾  ᠬᠡᠮᠡᠬᠦ ᠰᠢᠨ᠎ᠡ  ᠵᠢᠯ ᠢ ᠤᠭᠲᠤᠬᠤ ᠰᠢᠷᠢᠰ ᠠᠵᠢᠯᠯᠠᠭ᠎ᠠ ᠥᠷᠨᠢᠭᠦᠯᠵᠦ᠂ ᠲᠤᠰ ᠤᠳᠠᠭᠠᠨ ᠤ ᠠᠵᠢᠯᠯᠠᠭ᠎ᠠ ᠨᠢ ᠬᠤᠣᠰ ᠤᠶᠠᠩᠭ᠎ᠠ ᠪᠢᠴᠢᠵᠦ ᠢᠷᠥᠭᠡᠯ ᠬᠦᠷᠭᠡᠬᠦ ᠠᠵᠢᠯᠯᠠᠭ᠎ᠠ᠂ ᠴᠠᠭᠠᠨ ᠰᠠᠷ᠎ᠠ ᠶᠢᠨ ᠪᠣᠣᠪᠤ ᠬᠠᠭᠰᠠᠭᠠᠬᠤ ᠶᠡᠭᠡ ᠬᠢᠴᠢᠶᠡᠯ ᠤᠨ ᠲᠠᠩᠬᠢᠮ᠂ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠪᠠᠷ ᠪᠦᠷᠢᠯᠳᠦᠵᠦ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠣᠯᠠᠨ ᠤ ᠠᠩᠬᠠᠷᠤᠯ ᠢ ᠲᠠᠲᠠᠪᠠ᠃
1111.jpg
    ᠲᠤᠰ ᠤᠳᠠᠭᠠᠨ ᠤ ᠠᠵᠢᠯᠯᠠᠭ᠎ᠠ ᠶᠢ ᠹᠦ᠋ ᠯᠢ ᠭᠡᠷ ᠬᠤᠷᠢᠶᠠᠯᠠᠯ ᠤᠨ ᠨᠠᠮ ᠤᠨ ᠬᠤᠷᠢᠶᠠᠨ ᠤ ᠱᠦᠵᠢ ᠯᠢ ᠰᠢᠨ ᠫᠦ᠋ ᠥᠯᠵᠡᠶᠢᠲᠦ ᠰᠠᠶᠢᠬᠠᠨ ᠪᠠᠶᠠᠷ ᠤᠨ ᠦᠭᠡ ᠪᠠᠷ ᠡᠬᠢᠯᠡᠭᠦᠯᠪᠡ᠃ ᠵᠠᠯᠭᠠᠭᠠᠳ᠂ ᠲᠣᠭᠯᠠᠯᠲᠠ ᠶᠢᠨ ᠪᠦᠯᠬᠦᠮ ᠤᠨ ᠡᠷᠡᠭᠲᠡᠢ ᠡᠮᠡᠭᠲᠡᠢ ᠵᠢᠨ᠋ ᠬᠤᠣᠰᠯᠠᠯ ᠳᠠᠭᠤᠤ ︽ᠬᠠᠪᠤᠷ ᠤᠨ ᠤᠷᠢᠬᠠᠨ ᠰᠠᠯᠬᠢ︾᠂ ᠮᠣᠩᠭᠤᠯ ᠪᠥᠵᠢᠭ ︽ᠬᠤᠨ ᠭᠠᠯᠠᠭᠤ ᠶᠢ ᠮᠥᠷᠥᠭᠡᠳᠦᠨ ᠰᠠᠨᠠᠭᠠᠯᠵᠠᠵᠤ︾᠂ ᠭᠤᠴᠣᠯᠠᠯ ᠳᠠᠭᠤᠤ ︽ᠲᠩᠷᠢ ᠶᠢᠨ ᠬᠠᠶᠠᠭᠠᠨ ᠤ ᠲᠡᠮᠡᠭᠡ︾᠂ ᠢᠷᠠᠭᠤ ᠨᠠᠢᠷᠠᠭ ︽ᠶᠡᠭᠡ ᠪᠢᠴᠢᠯᠭᠡ ᠶᠢᠨ ᠳᠤᠮᠳᠠᠳᠤ ᠤᠯᠤᠰ︾᠂  ᠮᠤᠳᠧᠯ ᠤᠨ ᠲᠣᠭᠯᠠᠯᠲᠠ ︽ᠤᠳᠠᠭᠠᠨ ᠵᠢᠯ ᠤᠨ ᠲᠠᠯ᠎ᠠ ᠨᠤᠲᠤᠭ︾᠂ ᠡᠷᠡᠭᠲᠡᠢ ᠶᠢᠨ ᠭᠤᠴᠣᠯᠠᠯ ᠳᠠᠭᠤᠤ ︽ᠮᠠᠯᠴᠢᠳ ᠡᠪ ᠬᠠᠮᠲᠤ ᠨᠠᠮ ᠢᠶᠠᠨ ᠮᠠᠭᠲᠠᠨ ᠳᠠᠭᠤᠯᠠᠶ᠎ᠠ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠵᠠᠯᠭᠠᠭ᠎ᠠ ᠪᠠᠷ ᠠᠪᠴᠢᠷᠠᠵᠤ᠂ ᠣᠯᠠᠨ ᠳᠤ ᠨᠢᠭᠡ ᠤᠳᠠᠭᠠᠨ ᠤ ᠦᠵᠡᠵᠦ ᠰᠣᠨᠣᠰᠬᠤ ᠰᠣᠶᠣᠯ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃    ᠲᠤᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠨᠢ ᠪᠥᠵᠢᠭ᠂ ᠨᠠᠶᠢᠷᠠᠯ ᠳᠠᠭᠤᠤ᠂ ᠬᠥᠭᠵᠢᠮ ᠬᠥᠭᠵᠢᠮᠳᠡᠬᠦ ᠵᠡᠷᠭᠡ ᠣᠯᠠᠨ ᠵᠦᠢᠯ ᠤᠨ ᠬᠡᠯᠪᠡᠷᠢ ᠶᠢ ᠬᠠᠮᠤᠷᠴᠤ᠂ ᠬᠥᠭᠵᠢᠮᠳᠡᠨ ᠳᠠᠭᠤᠯᠠᠬᠤ ᠨᠢ ᠨᠢᠭᠡ ᠲᠠᠩᠬᠢᠮ ᠳᠤ ᠴᠤᠭᠯᠠᠷᠠᠵᠤ᠂ ᠠᠳᠠᠯᠢ ᠪᠤᠰᠤ ᠡᠯᠧᠮᠧᠨ᠋ᠲ ᠢ ᠬᠠᠷᠢᠯᠴᠠᠨ ᠠᠭᠤᠰᠤᠯᠴᠠᠭᠤᠯᠵᠤ᠂ ᠪᠦᠬᠦ᠋ᠢᠯᠡ ᠲᠣᠭᠯᠠᠯᠲᠠ ᠨᠢ ᠬᠡᠦᠬᠡᠳ ᠠᠴᠠ ᠨᠠᠰᠤᠲᠠᠳ ᠤᠨ ᠡᠯ᠎ᠡ ᠲᠥᠷᠥᠯ ᠤᠨ ᠬᠡᠷᠡᠭᠴᠡᠭᠡ ᠶᠢ ᠬᠠᠩᠭᠠᠵᠤ᠂ ᠭᠡᠷ ᠬᠤᠷᠢᠶᠠᠯᠠᠯ ᠤᠨ ᠰᠣᠶᠣᠯ ᠤᠷᠠᠯᠢᠭ ᠪᠣᠯᠤᠨ ᠣᠯᠠᠨ ᠲᠦᠮᠡᠨ ᠤ ᠠᠮᠢᠳᠤᠷᠠᠯ ᠢ ᠨᠢᠭᠲᠠ ᠬᠤᠯᠪᠣᠵᠤ᠂ ᠭᠡᠷ ᠬᠤᠷᠢᠶᠠᠯᠠᠯ ᠤᠨ ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠳᠤ ᠨᠡᠩ ᠣᠯᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠪᠠᠶᠢᠨ᠎ᠠ᠃     
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号