ᠯᠢᠦ ᠵᠢᠶᠦ᠋ᠨ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/15
      1 ᠰᠠᠷ᠎ᠠ ᠶᠢᠨ 12 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠵᠢᠶᠦ᠋ᠨ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ 1 ᠰᠠᠷ᠎ᠠ ᠶᠢᠨ 9 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠱᠢ ᠶᠢᠨ ᠫᠢᠩ ᠤᠨ ᠲᠥᠪᠡᠳ ᠤᠨ ᠰᠢᠭᠠᠽᠧ ᠬᠤᠲᠠ ᠶᠢᠨ ᠳ᠋ᠢᠩ ᠷᠢ ᠰᠢᠶᠠᠨ ᠤ 6.8 ᠳᠡᠰ ᠤᠨ ᠭᠠᠵᠠᠷ ᠬᠥᠳᠡᠯᠦᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠱᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠂ ︽ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠲᠤᠬᠠᠢ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠷᠭ᠎ᠠ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠦ ᠶᠤᠸᠠᠨ ᠲᠣᠭᠤᠷᠢᠭ ᠤᠨ ᠪᠠᠶᠢᠳᠠᠯ ᠢ ᠬᠠᠷᠢᠭᠤ ᠲᠤᠰᠬᠠᠬᠤ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠲᠥᠷᠥᠯ ᠤᠨ ᠭᠠᠮᠰᠢᠭ ᠤᠨ ᠠᠶᠤᠯ ᠲᠦᠭᠰᠢᠭᠦᠷᠢ ᠶᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠬᠦᠢᠲᠡᠨ ᠠᠭᠤᠷ ᠠᠮᠢᠰᠬᠤᠯ ᠠᠴᠠ ᠪᠣᠯᠤᠭᠰᠠᠨ ᠭᠠᠮᠰᠢᠭ ᠢ ᠠᠷᠭᠠᠴᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠮᠥᠰᠥ ᠴᠠᠰᠤ ᠶᠢ ᠠᠷᠢᠯᠭᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ᠭᠠᠮᠰᠢᠭ ᠢ ᠰᠡᠷᠭᠡᠶᠢᠯᠡᠬᠦ ᠪᠠ ᠥᠪᠡᠷ ᠢ ᠪᠠᠨ ᠠᠪᠤᠷᠠᠬᠤ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠨᠡᠶᠢᠭᠡᠮ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠨᠡᠭᠦᠷᠡᠰᠦ ᠶᠢ ᠴᠠᠬᠢᠯᠭᠠᠨ ᠪᠣᠯᠭᠠᠬᠤ ᠨᠡᠭᠦᠷᠡᠰᠦ ᠶᠢ ᠬᠡᠢ ᠪᠣᠯᠭᠠᠨ ᠥᠭᠡᠷᠡᠴᠢᠯᠡᠬᠦ ᠠᠵᠢᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠭᠠᠯ ᠤᠨ ᠠᠶᠤᠯ᠂ ᠨᠡᠭᠦᠷᠡᠰᠦᠲᠥ᠋ᠷᠥᠭᠴᠢ ᠶᠢᠨ ᠳᠠᠩ ᠢᠰᠦᠯ ᠳᠤ ᠬᠤᠣᠷᠳᠠᠭᠳᠠᠬᠤ ᠵᠡᠷᠭᠡ ᠠᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠃ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠤᠯᠪᠣᠭᠳᠠᠯ ᠪᠦᠬᠦᠢ ᠵᠦᠢᠯᠡᠰ ᠤᠨ ᠠᠵᠢᠯ ᠤᠨ ᠰᠠᠨᠠᠭᠤᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ ︽ᠵᠠᠩᠭᠢᠯᠠᠭ᠎ᠠ ᠶᠢᠨ ᠴᠠᠭ︾ ᠪᠠ ︽ᠡᠴᠦᠰ ᠤᠨ ᠴᠠᠭ︾ ᠭᠡᠬᠦ ᠬᠤᠶᠠᠷ ᠶᠡᠭᠡ ᠬᠤᠷᠢᠭ᠎ᠠ ᠱᠤᠭᠤᠮ ᠢ ᠴᠢᠩᠭ᠎ᠠ ᠡᠵᠡᠮᠳᠡᠵᠦ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ᠂ ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠠᠬᠢᠴᠠ ᠶᠢ ᠲᠦᠷᠭᠡᠳᠬᠡᠵᠦ᠂ ᠴᠡᠭᠴᠡᠯᠡᠨ ᠰᠠᠶᠢᠵᠢᠷᠠᠭᠤᠯᠬᠤ ᠠᠵᠢᠯ ᠢ ᠴᠠᠭ ᠲᠤᠬᠠᠢ ᠳᠤᠨᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠶᠢᠨ ᠠᠷᠭ᠎ᠠ ᠬᠢᠳᠡᠯ ᠢ ᠳ᠋ᠦᠩᠨᠡᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠬᠤᠪᠢᠷᠠᠭᠤᠯᠬᠤ ᠪᠠ ︽ᠮᠣᠳᠣ ᠲᠠᠷᠢᠬᠤ︾ ᠠᠵᠢᠯᠯᠠᠭ᠎ᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠶᠢ ᠤᠶᠠᠯᠳᠤᠭᠤᠯᠵᠤ᠂ ᠲᠤᠰ ᠪᠡᠶ᠎ᠡ ᠶᠢᠨ ᠠᠰᠠᠭᠤᠳᠠᠯ ᠢᠶᠠᠨ ᠤᠯᠠᠮ ᠨᠢᠭᠡ ᠠᠯᠬᠤᠮ ᠪᠠᠶᠢᠴᠠᠭᠠᠨ ᠦᠵᠡᠵᠦ᠂ ᠰᠤᠷᠲᠠᠯ ᠢᠶᠠᠨ ᠬᠤᠪᠢᠷᠠᠭᠤᠯᠤᠨ᠂ ᠰᠢᠨ᠎ᠡ ᠪᠠᠶᠢᠳᠠᠯ ᠢᠶᠠᠷ ᠰᠢᠨ᠎ᠡ ᠨᠢᠭᠡ ᠵᠢᠯ ᠳᠤ ᠬᠤᠰᠢᠭᠤᠴᠢ ᠪᠣᠯᠬᠤ ᠪᠠᠷ ᠴᠢᠷᠮᠠᠶᠢᠵᠤ᠂ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号