ᠵᠢᠦ ᠶᠤᠸᠠᠨ ᠲᠣᠭᠤᠷᠢᠭ ᠤᠨ 2024 ᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠤᠰᠤᠨ ᠤ ᠬᠡᠮᠵᠢᠶ᠎ᠡ ᠶᠢ ᠬᠢᠨᠠᠨ ᠲᠣᠭᠲᠠᠭᠠᠬᠤ ᠠᠵᠢᠯ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/1/15
    ︽ᠪᠤᠭᠤᠲᠤ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾ ᠤᠨ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ ᠲᠤᠬᠠᠢ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠵᠢᠦ ᠶᠤᠸᠠᠨ ᠲᠣᠭᠤᠷᠢᠭ ᠤᠨ ᠤᠰᠤᠨ ᠤ ᠶᠠᠪᠤᠳᠠᠯ ᠤᠨ ᠲᠣᠪᠴᠢᠶ᠎ᠠ 2024 ᠣᠨ ᠤ ᠳᠥᠷᠪᠡᠳᠦᠭᠡᠷ ᠤᠯᠠᠷᠢᠯ ᠤᠨ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠤᠰᠤᠨ ᠤ ᠬᠡᠮᠵᠢᠶ᠎ᠡ ᠶᠢ ᠬᠢᠨᠠᠨ ᠲᠣᠭᠲᠠᠭᠠᠬᠤ ᠠᠵᠢᠯ ᠢ ᠨᠠᠷᠢᠨ ᠬᠢᠨᠠᠮᠠᠭᠠᠢ ᠪᠡᠶᠡᠯᠡᠭᠦᠯᠪᠡ᠃    ︽ᠲᠤᠭ᠎ᠠ ᠪᠠᠷᠢᠮᠲᠠ ᠶᠢ ᠬᠥᠳᠡᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠦᠢᠯᠡᠴᠢᠯᠡᠭᠡᠨ ᠤ ᠣᠨᠣᠯᠵᠢᠬᠤᠨ ᠢ ᠪᠠᠷᠢᠮᠲᠠᠯᠠᠵᠤ᠂ ᠮᠠᠨ ᠤ ᠲᠣᠪᠴᠢᠶ᠎ᠠ ᠶᠢᠨ ᠠᠵᠢᠯᠲᠠᠳ ᠪᠤᠭᠤᠲᠤ ᠬᠤᠲᠠ ᠶᠢᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠲᠠᠢ ᠨᠢᠭᠲᠠ ᠬᠠᠮᠵᠢᠯᠴᠠᠨ᠂ ᠪᠤᠭᠤᠲᠤ ᠬᠤᠲᠠ ᠶᠢᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠰᠢᠯᠵᠢᠭᠦᠯᠦᠨ ᠲᠤᠰᠢᠶᠠᠭᠰᠠᠨ 33 ᠠᠵᠤ ᠠᠬᠤᠶᠢᠯᠠᠯ ᠵᠢᠴᠢ ᠤᠤᠯ ᠤᠨ 40 ᠤᠰᠤ ᠲᠠᠲᠠᠬᠤ ᠡᠷᠦᠬᠡ ᠳᠤ᠂ ᠬᠢᠨᠠᠨ ᠲᠣᠭᠲᠠᠭᠠᠬᠤ ᠪᠣᠳᠠᠲᠠᠢ ᠠᠵᠢᠯ ᠢ ᠰᠠᠶᠢᠲᠤᠷ ᠬᠢᠵᠦ᠂ᠰᠦᠯᠵᠢᠶᠡᠨ ᠳᠡᠭᠡᠷᠡᠬᠢ ᠬᠡᠮᠵᠢᠯᠲᠡ ᠶᠢᠨ ᠲᠤᠭ᠎ᠠ ᠪᠠᠷᠢᠮᠲᠠ ᠶᠢᠨ ᠡᠵᠡᠮᠳᠡᠯ ᠤᠨ ᠰᠢᠰᠲ᠋ᠧᠮ᠂ ᠤᠰᠤ ᠬᠡᠷᠡᠭᠯᠡᠬᠦ ᠲᠤᠭ᠎ᠠ ᠪᠦᠷᠢᠳᠬᠡᠯ ᠤᠨ ᠰᠢᠭᠤᠳ ᠮᠡᠳᠡᠭᠦᠯᠬᠦ ᠰᠢᠰᠲ᠋ᠧᠮ ᠢ ᠪᠠᠶᠢᠴᠠᠭᠠᠨ ᠯᠠᠪᠯᠠᠬᠤ ᠪᠠ ᠤᠰᠤᠨ ᠤ ᠬᠦᠰᠦᠨᠦᠭᠲᠦ ᠶᠢᠨ ᠭᠡᠷᠡᠯ ᠵᠢᠷᠤᠭ ᠢ ᠪᠠᠶᠢᠴᠠᠭᠠᠨ ᠦᠵᠡᠬᠦ ᠪᠠᠷ ᠳᠠᠮᠵᠢᠭᠤᠯᠤᠨ ᠤᠰᠤ ᠬᠡᠷᠡᠭᠯᠡᠬᠦ ᠡᠷᠦᠬᠡ ᠶᠢᠨ ᠤᠰᠤ ᠬᠡᠷᠡᠭᠯᠡᠬᠦ ᠬᠡᠮᠵᠢᠶ᠎ᠡ ᠶᠢ ᠬᠠᠷᠭᠤᠭᠤᠯᠵᠤ᠂ ᠠᠵᠤ ᠠᠬᠤᠶᠢᠯᠠᠯ ᠤᠨ ᠤᠰᠤᠨ ᠤ ᠡᠬᠢ ᠪᠠᠶᠠᠯᠢᠭ ᠤᠨ ᠭᠠᠶᠢᠯᠢ ᠶᠢ ᠳᠠᠷᠤᠵᠤ ᠭᠠᠶᠢᠯᠢ ᠠᠴᠠ ᠵᠠᠶᠢᠯᠠᠬᠤ ᠦᠢᠯᠡ ᠠᠵᠢᠯᠯᠠᠭ᠎ᠠ ᠡᠭᠦᠰᠬᠦ ᠠᠴᠠ ᠵᠠᠶᠢᠯᠠᠰᠬᠢᠬᠦ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠠᠵᠤ ᠠᠬᠤᠶᠢᠯᠠᠯ ᠳᠤ ᠰᠢᠯᠵᠢᠭᠦᠯᠦᠨ ᠲᠤᠰᠢᠶᠠᠭᠰᠠᠨ ᠤᠰᠤᠨ ᠤ ᠬᠠᠮᠢᠶᠠᠷᠤᠭᠴᠢ ᠶᠢ ᠤᠷᠢᠵᠤ ︽ᠵᠢᠦ ᠶᠤᠸᠠᠨ ᠲᠣᠭᠤᠷᠢᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ︾ ᠸᠢᠴᠠᠲ ᠤᠨ ᠠᠵᠢᠯ ᠤᠨ ᠬᠤᠯᠪᠣᠭᠠᠨ ᠲᠤ ᠣᠷᠣᠵᠤ᠂ ᠳᠠᠷᠠᠭᠠᠴᠢ ᠶᠢᠨ ᠬᠠᠮᠢᠶᠠᠷᠤᠯᠲᠠ ᠶᠢᠨ ᠠᠵᠢᠯ ᠳᠤ ᠥᠨᠳᠥᠷ ᠪᠦᠲᠦᠮᠵᠢᠲᠡᠢ ᠳᠥᠭᠦᠮ ᠦᠵᠡᠭᠦᠯᠬᠦ ᠠᠷᠭ᠎ᠠ ᠮᠠᠶ᠋ᠢᠭ ᠢ ᠬᠠᠩᠭᠠᠨ᠎ᠠ᠃    ᠲᠤᠰ ᠤᠳᠠᠭᠠᠨ ᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠤᠰᠤᠨ ᠤ ᠬᠡᠮᠵᠢᠶ᠎ᠡ ᠶᠢ ᠬᠢᠨᠠᠨ ᠲᠣᠭᠲᠠᠭᠠᠬᠤ ᠠᠵᠢᠯ ᠢᠶᠠᠷ ᠳᠠᠮᠵᠢᠭᠤᠯᠤᠨ᠂ ᠪᠤᠭᠤᠲᠤ ᠬᠤᠲᠠ ᠶᠢᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠰᠢᠯᠵᠢᠭᠦᠯᠦᠨ ᠲᠤᠰᠢᠶᠠᠭᠰᠠᠨ ᠠᠵᠤ ᠠᠬᠤᠶᠢᠯᠠᠯ ᠤᠨ ᠤᠰᠤ ᠬᠡᠷᠡᠭᠯᠡᠵᠦ ᠪᠠᠶᠢᠭ᠎ᠠ ᠪᠠᠶᠢᠳᠠᠯ ᠢ ᠣᠨᠣᠪᠴᠢᠲᠠᠢ ᠡᠵᠡᠮᠰᠢᠵᠦ᠂ ᠤᠰᠤ ᠠᠪᠴᠤ ᠬᠡᠷᠡᠭᠯᠡᠬᠦ ᠦᠢᠯᠡ ᠠᠵᠢᠯᠯᠠᠭ᠎ᠠ ᠶᠢᠨ ᠵᠢᠷᠤᠮᠵᠢᠯ ᠢ ᠲᠣᠳᠣᠷᠬᠠᠶᠢᠯᠠᠪᠠ᠃ ᠳᠠᠷᠠᠭᠠᠴᠢ ᠶᠢᠨ ᠠᠯᠬᠤᠮ ᠳᠤ᠂ ᠤᠰᠤᠨ ᠤ ᠶᠠᠪᠤᠳᠠᠯ ᠤᠨ ᠲᠣᠪᠴᠢᠶ᠎ᠠ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠤᠰᠤ ᠬᠡᠷᠡᠭᠯᠡᠬᠦ ᠠᠵᠤ ᠠᠬᠤᠶᠢᠯᠠᠯ ᠲᠠᠢ ᠬᠢᠨᠠᠮᠠᠭᠠᠢ ᠵᠣᠯᠭᠠᠭᠤᠯᠵᠤ᠂ ᠤᠰᠤᠨ ᠳᠤ ᠬᠤᠯᠪᠣᠭᠳᠠᠬᠤ ᠡᠯ᠎ᠡ ᠵᠦᠢᠯ ᠤᠨ ᠦᠢᠯᠡᠴᠢᠯᠡᠭᠡ ᠶᠢ ᠰᠠᠶᠢᠲᠤᠷ ᠬᠢᠵᠦ᠂ ᠵᠢᠦ ᠶᠤᠸᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠳᠤ ᠪᠠᠲᠤ ᠪᠠᠬᠢ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号