ᠡᠮ ᠡᠮᠴᠢᠯᠡᠭᠡ ᠬᠦᠷᠭᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠵᠤ ᠡᠷᠡᠭᠦᠯ ᠮᠡᠨᠳᠦ ᠶᠢᠨ ᠦᠢᠯᠡᠴᠢᠯᠡᠭᠡ ᠬᠦᠷᠭᠡᠶ᠎ᠡ
ᠨᠡᠶᠢᠲᠡᠯᠡᠭᠰᠡᠨ ᠴᠠᠭ᠄
2025/1/15
    ᠥᠷᠭᠡᠨ ᠣᠯᠠᠨ ᠮᠠᠯᠴᠢᠨ ᠪᠠ ᠲᠠᠷᠠᠬᠠᠢ ᠪᠤᠲᠠᠷᠬᠠᠢ ᠰᠠᠭᠤᠵᠤ ᠪᠠᠶᠢᠭ᠎ᠠ ᠥᠨᠥᠴᠢᠨ ᠪᠡᠯᠪᠡᠰᠦᠨ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠤᠨ ᠡᠪᠡᠳᠴᠢᠨ ᠦᠵᠡᠭᠦᠯᠬᠦ ᠳᠤ ᠬᠦᠴᠢᠷᠲᠡᠢ ᠪᠠᠶᠢᠬᠤ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ 1 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠵᠢᠦ ᠶᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠦᠸᠧ ᠯᠢ ᠪᠦᠯᠬᠦᠮ ᠳᠠᠭᠠᠭᠤᠯᠤᠨ ᠠᠭᠠᠷᠤᠲᠠᠢ ᠰᠤᠮᠤᠨ ᠳᠤ ᠬᠦᠷᠴᠦ ︽ᠨᠥᠬᠦᠷᠰᠡᠭ ᠪᠠᠷᠢᠯᠳᠤᠵᠤ ᠬᠤᠯᠪᠣᠭ᠎ᠠ ᠪᠠᠶᠢᠭᠤᠯᠬᠤ︾ ᠠᠵᠢᠯ ᠤᠨ ᠶᠠᠷᠢᠯᠴᠠᠬᠤ ᠬᠤᠷᠠᠯ ᠥᠷᠨᠢᠭᠦᠯᠪᠡ᠃ ᠠᠭᠠᠷᠤᠲᠠᠢ ᠰᠤᠮᠤ ᠶᠢᠨ ᠨᠠᠮ ᠤᠨ ᠬᠤᠷᠢᠶᠠᠨ ᠤ ᠱᠦᠵᠢ ᠴᠢ ᠵᠢᠶᠦ᠋ᠨ ᠵᠢᠶᠧ ᠵᠢᠴᠢ ᠬᠤᠯᠪᠣᠭᠳᠠᠯ ᠪᠦᠬᠦᠢ ᠤᠳᠤᠷᠢᠳᠤᠯᠭ᠎ᠠ ᠣᠷᠣᠯᠴᠠᠪᠠ᠃
11111111.jpg
    ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠮᠲᠤ ᠪᠠᠷ ᠪᠠᠶᠢᠭᠤᠯᠬᠤ᠂ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ᠂ ᠨᠥᠬᠦᠷᠰᠡᠭ ᠪᠠᠷᠢᠯᠳᠤᠵᠤ ᠬᠠᠪᠰᠤᠷᠬᠤ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠭᠰᠠᠨ ᠪᠥᠭᠡᠳ ᠬᠠᠮᠲᠤ ᠶᠢᠨ ᠲᠠᠨᠢᠯᠲᠠ ᠲᠠᠢ ᠪᠣᠯᠵᠠᠢ᠃ ᠴᠢ ᠵᠢᠶᠦ᠋ᠨ ᠵᠢᠶᠧ ᠱᠦᠵᠢ ᠠᠭᠠᠷᠤᠳᠠᠢ ᠰᠤᠮᠤ ᠶᠢᠨ ᠣᠶᠢᠷ᠎ᠠ ᠶᠢᠨ ᠵᠢᠯ ᠤᠨ ᠲᠤᠷᠰᠢᠬᠢ ᠨᠥᠬᠦᠷᠰᠡᠭ ᠪᠠᠷᠢᠯᠳᠤᠵᠤ ᠬᠤᠯᠪᠣᠭ᠎ᠠ ᠪᠠᠶᠢᠭᠤᠯᠬᠤ᠂ ᠺᠠᠳ᠋ᠷ ᠮᠠᠯᠴᠢᠳ ᠤᠨ ᠨᠥᠬᠦᠷᠰᠡᠭ ᠪᠠᠷᠢᠯᠳᠤᠯᠭ᠎ᠠ ᠪᠠᠶᠢᠭᠤᠯᠬᠤ ᠵᠡᠷᠭᠡ ᠲᠠᠯ᠎ᠠ ᠶᠢᠨ ᠲᠤᠷᠰᠢᠯᠭ᠎ᠠ ᠬᠢᠳᠡᠯ ᠢ ᠬᠤᠪᠢᠶᠠᠯᠴᠠᠪᠠ᠃       ᠳᠠᠷᠠᠭ᠎ᠠ ᠨᠢ᠂ ᠭᠦᠸᠧ ᠯᠢ ᠡᠷᠬᠢᠯᠡᠭᠴᠢ᠂ ᠴᠧᠨ ᠵᠢᠩ ᠸᠧᠢ ᠳᠡᠳ᠋ ᠰᠤᠮᠤᠨ ᠳᠠᠷᠤᠭ᠎ᠠ ᠵᠢᠴᠢ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠤᠨ ᠠᠵᠢᠯᠲᠠᠨ᠂ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠰᠤᠪᠢᠯᠠᠭᠴᠢᠳ ᠮᠡᠷᠭᠡᠨ ᠭᠠᠴᠠᠭ᠎ᠠ ᠳᠤ ᠬᠦᠷᠴᠦ᠂ 3 ᠡᠷᠦᠬᠡ ᠪᠠᠷᠢᠯᠳᠤᠯᠭ᠎ᠠ ᠪᠠᠢᠭᠤᠯᠤᠭᠰᠠᠨ ᠡᠷᠦᠬᠡ ᠳᠤ ᠭᠦᠨᠵᠡᠭᠡᠶᠢᠷᠡᠨ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠶᠢᠨ ᠪᠠᠶᠢᠳᠠᠯ᠂ ᠠᠮᠢᠳᠤᠷᠠᠯ ᠤᠨ ᠬᠦᠴᠢᠷᠳᠡᠯ ᠪᠠ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠠᠷᠢᠨ ᠣᠶᠢᠯᠠᠭᠠᠵᠤ᠂ ᠲᠡᠳᠡᠨ ᠳᠤ ᠬᠡᠷᠡᠭᠰᠡᠬᠦ ᠡᠮ ᠤᠨ ᠵᠦᠢᠯ ᠬᠦᠷᠭᠡᠭᠰᠡᠨ ᠪᠥᠭᠡᠳ ᠨᠠᠰᠤᠲᠠᠶᠢᠴᠤᠳ ᠲᠤ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠵᠡᠢ᠃ ᠡᠭᠦᠨ ᠤ ᠬᠠᠮᠲᠤ ᠮᠠᠯᠴᠢᠨ ᠲᠠᠷᠢᠶᠠᠴᠢᠨ ᠳᠤ ᠪᠠᠷᠢᠯᠳᠤᠯᠭ᠎ᠠ ᠪᠠᠢᠭᠤᠯᠤᠭᠰᠠᠨ ᠺᠠᠷᠲ ᠣᠯᠭᠤᠵᠤ᠂ ᠪᠠᠷᠢᠯᠳᠤᠯᠭ᠎ᠠ ᠪᠠᠢᠭᠤᠯᠤᠭᠰᠠᠨ ᠡᠷᠦᠬᠡ ᠳᠤ ᠡᠮᠴᠢᠯᠡᠭᠡᠨ ᠤ ᠠᠰᠠᠭᠤᠳᠠᠯ ᠲᠤᠯᠭᠠᠷᠠᠪᠠᠯ᠂ ᠴᠠᠭ ᠲᠤᠬᠠᠢ ᠳᠤᠨᠢ ᠨᠡᠪᠲᠡᠷᠡᠯᠴᠡᠨ ᠬᠠᠷᠢᠯᠴᠠᠬᠤ ᠬᠡᠷᠡᠭᠲᠡᠢ ᠭᠡᠵᠦ ᠵᠠᠬᠢᠪᠠ᠃    ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠭᠠᠷᠤᠲᠠᠢ ᠰᠤᠮᠤ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ︽ᠨᠥᠬᠦᠷᠰᠡᠭ ᠪᠠᠷᠢᠯᠳᠤᠵᠤ ᠬᠤᠯᠪᠣᠭ᠎ᠠ ᠪᠠᠶᠢᠭᠤᠯᠬᠤ︾ ᠦᠢᠯᠡᠳᠦᠯ ᠢ ᠰᠠᠶᠢᠲᠤᠷ ᠬᠡᠷᠡᠭᠯᠡᠵᠦ᠂ ᠰᠤᠮᠤᠨ ᠤ ᠮᠠᠯᠴᠢᠨ ᠲᠠᠷᠢᠶᠠᠴᠢᠨ᠂ ᠬᠦᠴᠢᠷᠳᠡᠯᠲᠡᠢ ᠭᠡᠷ ᠪᠦᠯᠢ ᠳᠤ ᠨᠠᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃    
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号