ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠪᠠᠷ ᠨᠢᠳᠦ ᠪᠠᠨ ᠬᠡᠷᠡᠭᠯᠡᠬᠦ ᠤᠬᠠᠮᠰᠠᠷ ᠢ | ᠴᠢᠩᠭᠠᠳᠬᠠᠬᠤ ᠶᠢᠨ ᠲᠥᠯᠥᠭᠡ᠂ 1 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠰᠢᠩ ᠶᠤᠸᠠᠨ ᠭᠡᠷ | ᠬᠤᠷᠢᠶᠠᠯᠠᠯ ᠪᠤᠭᠤᠲᠤ ᠬᠤᠲᠠ ᠶᠢᠨ ᠴᠤᠤ ᠵᠢᠦᠢ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠵᠢᠦ ᠶᠤᠸᠠᠨ | ᠰᠢᠩ ᠳ᠋ᠦ᠋ ᠬᠤᠷᠢᠶᠠᠯᠠᠯ ᠲᠤ ︽ᠨᠢᠳᠦᠨ ᠤ ᠡᠮᠨᠡᠯᠭᠡ ᠶᠢᠨ ᠵᠢᠷᠤᠮ ᠤᠨ ᠡᠮᠴᠢᠯᠡᠭᠡ ᠪᠠᠷ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠵᠦ ᠠᠷᠠᠳ ᠤᠨ ᠰᠡᠳᠬᠢᠯ ᠢ ᠳᠤᠯᠠᠭᠠᠴᠠᠭᠤᠯᠬᠤ︾ ᠨᠢᠳᠦᠨ ᠤ ᠡᠮᠨᠡᠯᠭᠡ ᠶᠢᠨ ᠵᠢᠷᠤᠮ ᠤᠨ | ᠠᠵᠢᠯᠯᠠᠭ᠎ᠠ ᠶᠢ ᠥᠷᠨᠢᠭᠦᠯᠪᠡ᠃ | | | | ᠠᠵᠢᠯᠯᠠᠭ᠎ᠠ ᠶᠢᠨ ᠳᠤᠮᠳᠠ᠂ ᠰᠠᠭᠤᠭᠠᠯᠢ ᠠᠷᠠᠳ ᠡᠮᠬᠢ ᠵᠢᠷᠤᠮ ᠲᠠᠢ ᠪᠠᠷ ᠮᠥᠷᠯᠡᠵᠦ ᠪᠠᠶᠢᠭᠠᠳ ᠬᠠᠷᠠᠭᠠᠨ ᠤ | ᠬᠡᠮᠵᠢᠯᠲᠡ ᠵᠢᠴᠢ ᠴᠠᠭᠠᠨ ᠬᠠᠷᠠᠩ᠂ ᠳᠠᠯᠠᠪᠴᠢᠨ ᠬᠡᠯᠪᠡᠷᠢᠲᠦ ᠮᠢᠬ᠎ᠠ᠂ ᠡᠪᠡᠷᠯᠢᠭ ᠪᠦᠷᠬᠦᠪᠴᠢ ᠶᠢᠨ ᠡᠪᠡᠳᠴᠢᠨ᠂ | ᠨᠢᠳᠦ ᠬᠠᠲᠠᠬᠤ ᠡᠪᠡᠳᠴᠢᠨ᠂ ᠭᠡᠷᠡᠯ ᠵᠥᠪ ᠪᠤᠰᠤ ᠵᠡᠷᠭᠡ ᠡᠯ᠎ᠡ ᠵᠦᠢᠯ ᠤᠨ ᠨᠢᠳᠦᠨ ᠤ ᠰᠠᠯᠠᠭᠠᠨ ᠤ ᠡᠪᠡᠳᠴᠢᠨ | ᠡᠮᠭᠡᠭ ᠢ ᠰᠢᠭᠰᠢᠨ ᠪᠠᠶᠢᠴᠠᠭᠠᠬᠤ ᠶᠢᠨ ᠬᠠᠮᠲᠤ ᠡᠮᠴᠢ ᠨᠡᠷ ᠨᠢ ᠰᠠᠭᠤᠭᠠᠯᠢ ᠠᠷᠠᠳ ᠤᠨ ᠡᠳᠦᠷ ᠲᠤᠲᠤᠮ ᠤᠨ | ᠠᠮᠢᠳᠤᠷᠠᠯ ᠳᠤ ᠨᠡᠶᠢᠳᠡᠮ ᠲᠣᠬᠢᠶᠠᠯᠳᠤᠭᠰᠠᠨ ᠨᠢᠳᠦᠨ ᠤ ᠡᠪᠡᠳᠴᠢᠨ ᠢ ᠰᠡᠷᠭᠡᠶᠢᠯᠡᠬᠦ ᠠᠰᠠᠭᠤᠳᠠᠯ ᠢ ᠬᠦᠯᠢᠴᠡᠩᠭᠦᠢ ᠪᠠᠷ | ᠲᠠᠶᠢᠯᠪᠤᠷᠢᠯᠠᠨ ᠥᠭᠴᠦ᠂ ᠨᠠᠰᠤᠲᠠᠶᠢᠴᠤᠳ ᠤᠨ ᠦᠷᠭᠦᠯᠵᠢ ᠲᠣᠬᠢᠶᠠᠯᠳᠤᠳᠠᠭ ᠨᠢᠳᠦᠨ ᠤ ᠡᠪᠡᠳᠴᠢᠨ ᠢ ᠰᠡᠷᠭᠡᠶᠢᠯᠡᠬᠦ | ᠠᠵᠢᠯ ᠢ ᠨᠠᠷᠢᠨ ᠲᠠᠶᠢᠯᠪᠤᠷᠢᠯᠠᠬᠤ ᠶᠢᠨ ᠬᠠᠮᠲᠤ ᠨᠠᠰᠤᠲᠠᠶᠢᠴᠤᠳ ᠲᠤ ᠲᠣᠭᠲᠠᠭᠰᠠᠨ ᠬᠤᠭᠤᠴᠠᠭ᠎ᠠ ᠲᠠᠢ ᠪᠠᠷ | ᠨᠢᠳᠦᠨ ᠤ ᠡᠪᠡᠳᠴᠢᠨ ᠤ ᠪᠠᠶᠢᠴᠠᠭᠠᠯᠲᠠ ᠬᠢᠬᠦ ᠶᠢ ᠰᠠᠨᠠᠭᠤᠯᠵᠤ᠂ ᠡᠷᠲᠡᠬᠡᠨ ᠢᠯᠡᠷᠡᠭᠦᠯᠵᠦ᠂ ᠡᠷᠲᠡᠬᠡᠨ ᠵᠠᠰᠠᠵᠤ᠂ | ᠨᠢᠳᠦᠨ ᠤ ᠡᠷᠡᠭᠦᠯ ᠮᠡᠨᠳᠦ ᠶᠢ ᠴᠢᠬᠤᠯᠠᠴᠢᠯᠠᠬᠤ ᠶᠢ ᠰᠠᠨᠠᠭᠤᠯᠪᠠ᠃ | ᠲᠤᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠨᠢᠳᠦ ᠪᠠᠨ ᠬᠠᠶᠢᠷᠠᠯᠠᠬᠤ᠂ | ᠨᠢᠳᠦ ᠪᠠᠨ ᠬᠡᠷᠡᠭᠯᠡᠬᠦ ᠲᠠᠯ᠎ᠠ ᠶᠢᠨ ᠡᠷᠡᠭᠦᠯ ᠮᠡᠨᠳᠦ ᠶᠢᠨ ᠤᠬᠠᠮᠰᠠᠷ ᠢ ᠨᠡᠮᠡᠭᠳᠡᠭᠦᠯᠵᠦ᠂ ᠬᠠᠷᠠᠭᠠᠨ ᠤ ᠡᠷᠡᠭᠦᠯ ᠮᠡᠨᠳᠦ ᠶᠢᠨ | ᠡᠳᠦᠷ ᠲᠤᠲᠤᠮ ᠤᠨ ᠠᠮᠢᠳᠤᠷᠠᠯ ᠳᠤ ᠦᠵᠡᠭᠦᠯᠬᠦ ᠴᠢᠬᠤᠯᠠ ᠴᠢᠨᠠᠷ ᠢ ᠰᠠᠭᠤᠭᠠᠯᠢ ᠠᠷᠠᠳ ᠲᠤ ᠨᠡᠩ ᠰᠠᠶᠢᠨ | ᠲᠠᠨᠢᠭᠤᠯᠪᠠ᠃ ᠵᠠᠯᠭᠠᠭᠠᠳ᠂ ᠰᠢᠩ ᠶᠤᠸᠠᠨ ᠭᠡᠷ ᠬᠤᠷᠢᠶᠠᠯᠠᠯ ᠤᠨ ᠬᠢᠨ ᠣᠯᠠᠨ ᠬᠡᠯᠪᠡᠷᠢ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠯᠠᠨ | ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠪᠠ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠦᠨ᠎ᠡ᠃ | | | | | | |