ᠭᠡᠷ ᠬᠤᠷᠢᠶᠠᠯᠠᠯ ᠬᠢᠭᠡᠳ ᠬᠠᠮᠲᠤᠪᠠᠷ ᠪᠠᠶᠢᠭᠤᠯᠬᠤ ᠨᠢᠭᠡᠴᠡ ᠶᠢᠨ ᠨᠥᠬᠦᠷᠰᠡᠭ ᠬᠠᠷᠢᠴᠠᠭ᠎ᠠ ᠶᠢ ᠤᠯᠠᠮ ᠨᠢᠭᠡ | ᠠᠯᠬᠤᠮ ᠨᠡᠮᠡᠭᠳᠡᠭᠦᠯᠵᠦ᠂ ᠭᠡᠷ ᠬᠤᠷᠢᠶᠠᠯᠠᠯ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠥᠯᠥᠭᠡ᠂ ᠪᠠᠶᠠᠨᠰᠢᠯᠢ ᠵᠡᠭᠡᠯᠢ ᠭᠤᠳᠤᠮᠵᠢ ᠶᠢᠨ ᠬᠤᠩ ᠰᠢᠶᠠᠩ ᠭᠡᠷ ᠬᠤᠷᠢᠶᠠᠯᠠᠯ ᠨᠢ | ᠪᠤᠭᠤᠲᠤ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠵᠢᠴᠢ ᠪᠠᠶᠠᠨᠰᠢᠯᠢ | ᠲᠣᠮᠢᠯᠠᠭᠰᠠᠨ ᠰᠠᠯᠪᠤᠷᠢ ᠲᠠᠢ ᠬᠠᠮᠲᠤᠷᠠᠨ ᠪᠠᠶᠠᠯᠢᠭ ᠰᠠᠶᠢᠬᠠᠨ ᠰᠢᠷᠢᠰ ᠠᠵᠢᠯᠯᠠᠭ᠎ᠠ ᠥᠷᠨᠢᠭᠦᠯᠵᠦ᠂ ᠴᠠᠭᠳᠠᠭ᠎ᠠ | ᠠᠷᠠᠳ ᠤᠨ ᠬᠤᠭᠤᠷᠣᠨᠳᠣᠬᠢ ᠭᠦᠨ ᠵᠤᠵᠠᠭᠠᠨ ᠨᠥᠬᠦᠷᠯᠡᠯ ᠢ ᠭᠦᠨᠵᠡᠭᠡᠶᠢᠷᠡᠭᠦᠯᠵᠦ᠂ ᠨᠡᠩ ᠴᠤ ᠭᠡᠷ ᠬᠤᠷᠢᠶᠠᠯᠠᠯ ᠤᠨ | ᠵᠠᠰᠠᠯᠲᠠ ᠶᠢᠨ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ | 1 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠬᠤᠩ ᠰᠢᠶᠠᠩ ᠭᠡᠷ ᠬᠤᠷᠢᠶᠠᠯᠠᠯ ᠨᠢ ᠤᠷᠢᠯᠭ᠎ᠠ ᠪᠠᠷ | ᠪᠤᠭᠤᠲᠤ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ | ᠪᠡᠯᠡᠳᠬᠡᠭᠰᠡᠨ ᠴᠠᠭᠳᠠᠭ᠎ᠠ ᠶᠢᠨ ᠪᠠᠶᠠᠷ ᠤᠨ ᠴᠠᠶᠢᠯᠠᠯᠭ᠎ᠠ ᠳᠤ ᠣᠷᠣᠯᠴᠠᠪᠠ᠃ ᠠᠵᠢᠯᠯᠠᠭ᠎ᠠ ᠨᠢ ︽ᠨᠢᠭᠡ ᠵᠠᠮ ᠳᠠᠭᠤᠤ | ᠠᠶᠠᠯᠤᠨ᠂ ᠢᠷᠡᠭᠡᠳᠣᠢ ᠳᠤ ᠪᠢ ᠪᠣᠢ︾ ᠪᠠᠷ ᠭᠤᠣᠯ ᠰᠡᠳᠦᠪ ᠪᠣᠯᠭᠠᠵᠤ᠂ ᠲᠤᠬᠠᠢ ᠶᠢᠨ ᠲᠠᠯᠠᠪᠠᠢ ᠶᠢᠨ ᠠᠭᠤᠷ | ᠠᠮᠢᠰᠬᠤᠯ ᠬᠥᠷ ᠬᠥᠭᠵᠢᠶᠡᠨ ᠲᠠᠢ ᠪᠥᠭᠡᠳ ᠬᠠᠯᠠᠭᠤᠨ ᠳᠤᠯᠠᠭᠠᠨ ᠪᠠᠶᠢᠯ᠎ᠠ᠃ ᠬᠤᠩ ᠰᠢᠶᠠᠩ ᠭᠡᠷ ᠬᠤᠷᠢᠶᠠᠯᠠᠯ ᠤᠨ | ᠰᠠᠭᠤᠭᠠᠯᠢ ᠠᠷᠠᠳ ᠤᠨ ᠲᠥᠯᠥᠭᠡᠯᠡᠭᠴᠢ ᠪᠣᠯᠤᠨ ᠬᠢᠯᠢ ᠶᠢᠨ ᠪᠠᠶᠢᠴᠠᠭᠠᠯᠲᠠ ᠶᠢᠨ ᠥᠷᠲᠡᠭᠡᠨ ᠤ ᠴᠠᠭᠳᠠᠭ᠎ᠠ ᠨᠥᠬᠦᠳ | ᠨᠢᠭᠡ ᠲᠠᠩᠬᠢᠮ ᠳᠤ ᠴᠤᠭᠯᠠᠷᠠᠵᠤ᠂ ᠰᠠᠭᠤᠭᠠᠯᠢ ᠠᠷᠠᠳ ᠤᠨ ᠪᠡᠯᠡᠳᠬᠡᠭᠰᠡᠨ ᠲᠣᠭᠯᠠᠯᠲᠠ ᠨᠢ ᠴᠠᠭᠳᠠᠭᠠᠨ ᠤ ᠨᠠᠶᠢᠷ ᠲᠤ | ᠦᠵᠡᠰᠬᠦᠯᠡᠩᠲᠦ ᠰᠠᠶᠢᠬᠠᠨ ᠥᠩᠭᠡ ᠪᠤᠳᠤᠭ ᠨᠡᠮᠡᠷᠢᠯᠡᠵᠦ᠂ ᠭᠡᠷ ᠬᠤᠷᠢᠶᠠᠯᠠᠯ ᠤᠨ ᠰᠠᠭᠤᠭᠠᠯᠢ ᠠᠷᠠᠳ ᠤᠨ | ᠴᠠᠭᠳᠠᠭ᠎ᠠ ᠶᠢ ᠭᠦᠨ ᠵᠤᠵᠠᠭᠠᠨ ᠢᠷᠥᠭᠡᠯ ᠪᠠ ᠡᠷᠡᠰ ᠪᠠᠲᠤ ᠳᠠᠮᠵᠢᠵᠤ ᠪᠠᠶᠢᠬᠤ ᠪᠠᠨ ᠢᠯᠡᠳᠬᠡᠪᠡ᠃ | | | | 1 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠬᠤᠩ ᠰᠢᠶᠠᠩ ᠭᠡᠷ ᠬᠤᠷᠢᠶᠠᠯᠠᠯ ᠪᠠᠶᠠᠨᠰᠢᠯᠢ | ᠲᠣᠮᠢᠯᠠᠭᠰᠠᠨ ᠰᠠᠯᠪᠤᠷᠢ ᠲᠠᠢ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ | ᠶᠠᠪᠤᠭᠤᠯᠪᠠ᠃ ᠡᠨᠡ ᠬᠦ ᠬᠡᠯᠡᠯᠴᠡᠭᠡᠷ ᠨᠢ ᠬᠤᠶᠠᠷ ᠲᠠᠯ᠎ᠠ ᠶᠢᠨ ᠢᠷᠡᠭᠡᠳᠦᠢ ᠶᠢᠨ ᠬᠠᠮᠲᠤᠷᠠᠯᠴᠠᠭᠠᠨ ᠤ ᠲᠤᠬᠠᠢ ᠰᠠᠶᠢᠨ | ᠰᠠᠶᠢᠬᠠᠨ ᠬᠦᠰᠡᠯ ᠡᠷᠡᠮᠡᠯᠵᠡᠯ ᠪᠣᠯᠤᠨ ᠡᠷᠡᠰ ᠪᠠᠲᠤ ᠠᠮᠠᠯᠠᠯᠲᠠ ᠶᠢ ᠠᠴᠢᠶᠠᠯᠠᠵᠤ᠂ ᠮᠡᠳᠡᠭᠡ ᠵᠠᠩᠭᠢ ᠶᠢᠨ | ᠰᠣᠯᠢᠯᠴᠠᠭ᠎ᠠ ᠶᠢ ᠴᠢᠩᠭᠠᠳᠬᠠᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠭᠡᠨᠡᠳᠲᠡ ᠶᠢᠨ ᠬᠡᠷᠡᠭ ᠢ ᠬᠠᠮᠵᠢᠯᠴᠠᠨ | ᠰᠢᠢᠳᠪᠦᠷᠢᠯᠡᠬᠦ ᠵᠡᠷᠭᠡ ᠣᠯᠠᠨ ᠲᠠᠯ᠎ᠠ ᠶᠢᠨ ᠬᠠᠮᠲᠤᠷᠠᠯᠴᠠᠭᠠᠨ ᠤ ᠴᠢᠭᠯᠡᠯ ᠪᠣᠯᠤᠨ ᠬᠠᠷᠠᠯᠲᠠ ᠶᠢ ᠲᠣᠳᠣᠷᠬᠠᠶᠢᠯᠠᠵᠠᠢ᠃ | ᠡᠨᠡᠬᠦ ᠬᠠᠮᠲᠤᠪᠠᠷ ᠪᠠᠶᠢᠭᠤᠯᠬᠤ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠪᠠᠷ ᠳᠠᠮᠵᠢᠨ᠂ ᠬᠤᠶᠠᠷ ᠲᠠᠯ᠎ᠠ ᠪᠠᠷ ᠢᠶᠠᠨ | ᠡᠬᠢ ᠪᠠᠶᠠᠯᠢᠭ ᠢᠶᠠᠨ ᠴᠢᠨᠠᠭᠰᠢᠳᠠ ᠨᠢᠭᠡᠳᠭᠡᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠭᠡᠷ ᠬᠤᠷᠢᠶᠠᠯᠠᠯ ᠤᠨ | ᠡᠶ᠎ᠡ ᠵᠣᠬᠢᠴᠠᠩᠭᠤᠢ ᠲᠣᠭᠲᠠᠭᠤᠨ ᠳᠤ ᠬᠠᠮᠲᠤᠪᠠᠷ ᠬᠦᠴᠦᠨ ᠴᠢᠳᠠᠯ ᠢᠶᠠᠨ ᠡᠷᠭᠦᠵᠦ᠂ ᠭᠡᠷ ᠬᠤᠷᠢᠶᠠᠯᠠᠯ ᠤᠨ | ᠵᠠᠰᠠᠯᠲᠠ ᠶᠢᠨ ᠰᠢᠨ᠎ᠡ ᠬᠠᠭᠤᠳᠠᠰᠤ ᠶᠢ ᠭᠠᠷ ᠬᠤᠯᠪᠣᠨ ᠡᠭᠦᠳᠬᠦ ᠪᠣᠯᠤᠨ᠎ᠠ᠃ | ᠡᠨᠡᠬᠦ ᠴᠠᠭᠳᠠᠭ᠎ᠠ ᠶᠢᠨ ᠪᠠᠶᠠᠷ ᠭᠡᠬᠦ ᠣᠨᠴᠠᠭᠠᠢ ᠢᠷᠠᠭᠤ ᠠᠯᠳᠠᠷ ᠲᠠᠢ ᠡᠳᠦᠷ ᠲᠤ᠂ ᠬᠤᠩ ᠰᠢᠶᠠᠩ ᠭᠡᠷ | ᠬᠤᠷᠢᠶᠠᠯᠠᠯ ᠤᠨ ᠬᠢᠨ ᠪᠠᠶᠠᠨᠰᠢᠯᠢ ᠲᠣᠮᠢᠯᠠᠭᠰᠠᠨ ᠰᠠᠯᠪᠤᠷᠢ ᠪᠣᠯᠤᠨ ᠪᠤᠭᠤᠲᠤ ᠶᠢᠨ ᠬᠢᠯᠢ ᠪᠠᠷ ᠣᠷᠣᠵᠤ ᠭᠠᠷᠬᠤ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ | ᠲᠤᠰ ᠤᠳᠠᠭᠠᠨ ᠤ ᠴᠠᠭᠳᠠᠭᠠᠨ ᠤ ᠪᠠᠶᠠᠷ ᠤᠨ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠤᠩ | ᠰᠢᠶᠠᠩ ᠭᠡᠷ ᠬᠤᠷᠢᠶᠠᠯᠠᠯ ᠪᠣᠯᠤᠨ ᠪᠤᠭᠤᠲᠤ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ | ᠪᠠᠶᠢᠴᠠᠭᠠᠬᠤ ᠥᠷᠲᠡᠭᠡ ᠵᠢᠴᠢ ᠪᠠᠶᠠᠨᠰᠢᠯᠢ ᠲᠣᠮᠢᠯᠠᠭᠰᠠᠨ ᠰᠠᠯᠪᠤᠷᠢ ᠶᠢᠨ ᠬᠤᠭᠤᠷᠣᠨᠳᠣᠬᠢ ᠬᠠᠮᠲᠤᠷᠠᠯᠴᠠᠭᠠᠨ ᠤ | ᠬᠠᠷᠢᠴᠠᠭ᠎ᠠ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠪᠡ᠃ ᠢᠷᠡᠭᠡᠳᠦᠢ ᠳᠤ᠂ ᠬᠤᠩ ᠰᠢᠶᠠᠩ ᠭᠡᠷ | ᠬᠤᠷᠢᠶᠠᠯᠠᠯ ᠤᠨ ᠬᠢᠨ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ | ᠬᠦᠷᠲᠡᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠬᠠᠮᠲᠤᠪᠠᠷ ᠪᠠᠶᠢᠭᠤᠯᠬᠤ ᠨᠢᠭᠡᠴᠡ ᠯᠦᠭᠡ ᠶᠢᠨ | ᠬᠠᠮᠲᠤᠷᠠᠯᠴᠠᠭ᠎ᠠ ᠪᠣᠯᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠣᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ | ᠡᠶ᠎ᠡ ᠵᠣᠬᠢᠴᠠᠩᠭᠤᠢ ᠲᠣᠭᠲᠠᠭᠤᠨ ᠭᠡᠷ ᠬᠤᠷᠢᠶᠠᠯᠠᠯ ᠤᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠥᠯᠥᠭᠡ | ᠬᠠᠮᠲᠤᠪᠠᠷ ᠴᠢᠷᠮᠠᠶᠢᠨ ᠲᠡᠮᠡᠴᠡᠨ᠎ᠡ᠃ | | | | | | | | |