ᠵᠢᠯ ᠤᠨ ᠡᠴᠦᠰ ᠤᠨ ᠬᠢᠨᠠᠨ ᠰᠢᠯᠭᠠᠯᠲᠠ ᠨᠢ ᠳᠡᠭᠡᠭᠰᠢᠯᠡᠯᠲᠡ ᠪᠠᠨ ᠠᠬᠢᠭᠤᠯᠵᠤ ᠡᠷᠡᠮᠡᠬᠡᠶᠢᠯᠡᠨ ᠤᠷᠤᠭᠰᠢᠯᠠᠬᠤ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2025/1/15
    ᠡᠯ᠎ᠡ ᠭᠡᠷ ᠬᠤᠷᠢᠶᠠᠯᠠᠯ ︵ᠲᠣᠰᠬᠤᠨ︶ ᠤᠨ ᠠᠵᠢᠯ ᠤᠨ ᠪᠣᠳᠠᠲᠤ ᠠᠮᠵᠢᠯᠲᠠ ᠵᠢᠴᠢ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠭᠡᠷ ᠬᠤᠷᠢᠶᠠᠯᠠᠯ ︵ᠲᠣᠰᠬᠤᠨ︶ ᠤᠨ ᠺᠠᠳ᠋ᠷ ᠤᠨ ᠠᠵᠢᠯ ᠤᠨ ᠪᠣᠳᠠᠲᠤ ᠠᠮᠵᠢᠯᠲᠠ ᠶᠢ ᠰᠢᠨᠵᠢᠯᠡᠬᠦ ᠤᠬᠠᠭᠠᠨᠴᠢ᠂ ᠪᠤᠰᠤᠳᠴᠢ᠂ ᠲᠥᠪ ᠭᠤᠣᠯᠴᠢ ᠪᠠᠷ ᠦᠨᠡᠯᠡᠵᠦ᠂ ᠭᠡᠷ ᠬᠤᠷᠢᠶᠠᠯᠠᠯ ︵ᠲᠣᠰᠬᠤᠨ︶ ᠤᠨ ᠺᠠᠳ᠋ᠷ ᠤᠨ ᠠᠵᠢᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠶᠢᠨ ᠲᠥᠯᠥᠭᠡ᠂ ᠪᠠᠶᠠᠨᠰᠢᠯᠢ ᠵᠡᠭᠡᠯᠢ ᠭᠤᠳᠤᠮᠵᠢ ᠶᠢᠨ ᠬᠢᠨ 1 ᠰᠠᠷ᠎ᠠ ᠶᠢᠨ 8 ᠤ ᠡᠳᠦᠷ ᠠᠴᠠ 10 ᠤ ᠡᠳᠦᠷ ᠪᠣᠯᠲᠠᠯ᠎ᠠ ᠭᠡᠷ ᠬᠤᠷᠢᠶᠠᠯᠠᠯ ︵ᠲᠣᠰᠬᠤᠨ︶ ᠢ ᠵᠣᠬᠢᠶᠠᠨ ᠪᠠᠶᠢᠭᠤᠯᠵᠤ 2024 ᠣᠨ ᠤ ᠵᠢᠯ ᠤᠨ ᠡᠴᠦᠰ ᠤᠨ ᠰᠢᠯᠭᠠᠨ ᠬᠢᠨᠠᠬᠤ ᠠᠵᠢᠯ ᠢ ᠥᠷᠨᠢᠭᠦᠯᠪᠡ᠃
111111.jpg
    ᠬᠢᠨᠠᠨ ᠰᠢᠯᠭᠠᠬᠤ ᠳᠤᠭᠤᠶᠢᠯᠠᠩ ᠨᠢ ᠮᠠᠲ᠋ᠧᠷᠢᠶᠠᠯ ᠪᠠᠶᠢᠴᠠᠭᠠᠨ ᠦᠵᠡᠬᠦ᠂ ᠲᠤᠰᠬᠠᠢ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠭᠡᠷ ᠬᠤᠷᠢᠶᠠᠯᠠᠯ ︵ᠲᠣᠰᠬᠤᠨ︶ ᠤᠨ ᠬᠤᠶᠠᠷ ᠵᠥᠪᠯᠡᠯ ᠤᠨ ᠤᠳᠤᠷᠢᠳᠬᠤ ᠪᠠᠭ ᠵᠢᠴᠢ ᠺᠠᠳ᠋ᠷᠴᠤᠳ ᠤᠨ ᠠᠵᠢᠯ ᠤᠨ ᠳᠤᠮᠳᠠᠬᠢ ᠪᠣᠳᠠᠲᠠᠢ ᠢᠯᠡᠷᠡᠯ ᠢ ᠭᠦᠨᠵᠡᠭᠡᠢ ᠣᠢᠯᠠᠭᠠᠯ᠎ᠠ᠃ ᠮᠠᠲ᠋ᠧᠷᠢᠶᠠᠯ ᠢ ᠪᠠᠶᠢᠴᠠᠭᠠᠨ ᠦᠵᠡᠬᠦ ᠶᠠᠪᠤᠴᠠ ᠳᠤ᠂ ᠪᠦᠬᠦ ᠵᠢᠯ ᠤᠨ ᠠᠵᠢᠯ ᠤᠨ ᠡᠬᠡ ᠳᠠᠩᠰᠠ᠂ ᠬᠤᠷᠠᠯ ᠤᠨ ᠲᠡᠮᠳᠡᠭᠯᠡᠯ᠂ ᠪᠢᠴᠢᠭ ᠮᠠᠲ᠋ᠧᠷᠢᠶᠠᠯ ᠵᠡᠷᠭᠡ ᠶᠢ ᠨᠠᠷᠢᠨ ᠨᠢᠮᠪᠠᠢ ᠬᠢᠨᠠᠨ ᠬᠠᠷᠭᠤᠭᠤᠯᠵᠤ᠂ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠵᠢᠷᠤᠮᠯᠠᠬᠤ ᠦᠨᠳᠦᠰᠦ ᠪᠠᠷᠢᠮᠲᠠ ᠲᠠᠢ ᠪᠠᠶᠢᠬᠤ ᠶᠢ ᠦᠨᠡᠨ ᠬᠦ ᠪᠠᠲᠤᠯᠠᠪᠠ᠃ ᠲᠤᠰᠬᠠᠢ ᠶᠠᠷᠢᠯᠴᠠᠯᠭ᠎ᠠ ᠶᠠᠪᠤᠭᠤᠯᠬᠤ ᠶᠠᠪᠤᠴᠠ ᠳᠤ ᠠᠵᠢᠯᠲᠠᠨ᠂ ᠨᠠᠮ ᠤᠨ ᠭᠡᠰᠢᠭᠦᠨ ᠤ ᠲᠥᠯᠥᠭᠡᠯᠡᠭᠴᠢ᠂ ᠰᠠᠭᠤᠭᠠᠯᠢ ᠠᠷᠠᠳ ᠤᠨ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠭᠡᠷ ᠬᠤᠷᠢᠶᠠᠯᠠᠯ ︵ᠲᠣᠰᠬᠤᠨ︶ ᠤᠨ ᠠᠵᠢᠯ ᠤᠨ ᠲᠤᠬᠠᠢ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠪᠠ᠃    ᠲᠤᠰ ᠤᠳᠠᠭᠠᠨ ᠤ ᠬᠢᠨᠠᠨ ᠰᠢᠯᠭᠠᠬᠤ ᠶᠡᠭᠡ ᠬᠤᠷᠠᠯ ᠨᠢ ᠬᠤᠶᠠᠷ ᠵᠥᠪᠯᠡᠯ ᠤᠨ ᠤᠳᠤᠷᠢᠳᠬᠤ ᠪᠠᠭ ᠵᠢᠴᠢ ᠺᠠᠳ᠋ᠷ ᠤᠨ 2024 ᠣᠨ ᠤ ᠠᠵᠢᠯ ᠤᠨ ᠨᠢᠭᠡ ᠤᠳᠠᠭᠠᠨ ᠤ ᠪᠦᠬᠦ ᠲᠠᠯ᠎ᠠ ᠶᠢᠨ ᠰᠢᠯᠭᠠᠯᠲᠠ ᠪᠣᠯᠬᠤ ᠪᠠᠷ ᠪᠠᠷᠠᠬᠤ ᠦᠭᠡᠢ᠂ ᠨᠡᠩ ᠴᠤ ᠭᠡᠷ ᠬᠤᠷᠢᠶᠠᠯᠠᠯ ︵ᠲᠣᠰᠬᠤᠨ︶ ᠤᠨ ᠢᠷᠡᠭᠡᠳᠦᠢ ᠶᠢᠨ ᠬᠥᠭᠵᠢᠯᠲᠡ ᠤᠨ ᠴᠢᠭᠯᠡᠯ ᠢ ᠲᠣᠳᠣᠷᠬᠠᠢ ᠪᠣᠯᠭᠠᠭᠰᠠᠨ ᠶᠠᠪᠤᠳᠠᠯ ᠪᠣᠯᠤᠨ᠎ᠠ᠃ ᠵᠠᠯᠭᠠᠭᠠᠳ᠂ ᠪᠠᠶᠠᠨᠰᠢᠯᠢ ᠵᠡᠭᠡᠯᠢ ᠭᠤᠳᠤᠮᠵᠢ ᠶᠢᠨ ᠬᠢᠨ ᠲᠤᠰ ᠤᠳᠠᠭᠠᠨ ᠤ ᠬᠢᠨᠠᠨ ᠰᠢᠯᠭᠠᠯᠲᠠ ᠪᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ ᠬᠦᠷᠦᠯᠴᠡᠬᠦ ᠦᠭᠡᠢ ᠲᠠᠯ᠎ᠠ ᠪᠠᠨ ᠢᠯᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠰᠠᠭᠤᠷᠢ ᠶᠢ ᠪᠠᠬᠢᠵᠢᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号