ᠣᠶᠢᠷ᠎ᠠ ᠳᠤ᠂ ᠪᠦᠬᠦ ᠬᠤᠲᠠ ᠶᠢᠨ ᠠᠩᠬᠠᠳᠠᠭᠴᠢ ᠵᠢᠦ ᠶᠤᠸᠠᠨ ᠲᠣᠭᠤᠷᠢᠭ ᠤᠨ ᠡᠮᠴᠢᠯᠡᠭᠡᠨ ᠤ ᠳᠡᠳ᠋ ᠲᠥᠪ ᠤᠨ | ᠫᠠᠶᠢᠰᠠ ᠰᠡᠬᠦᠬᠦ ᠶᠣᠰᠣᠯᠠᠯ ᠨᠢ ︽ᠠᠷᠠᠳ ᠤᠨ ᠡᠳᠦᠷ ᠤᠨ ᠰᠣᠨᠢᠨ︾᠂ ︽ᠡᠷᠡᠭᠦᠯ ᠮᠡᠨᠳᠦ ᠶᠢᠨ ᠰᠣᠨᠢᠨ︾᠂ ︽ | ᠳᠤᠮᠳᠠᠳᠤ ᠤᠯᠤᠰ ᠤᠨ ᠡᠳᠦᠷ ᠤᠨ ᠰᠣᠨᠢᠨ︾ ᠵᠡᠷᠭᠡ ᠣᠯᠠᠨ ᠵᠠᠭᠤᠴᠢᠯᠠᠭᠤᠷ ᠲᠤ ᠤᠬᠠᠭᠤᠯᠭ᠎ᠠ ᠮᠡᠳᠡᠭᠡᠯᠡᠯ ᠬᠢᠪᠡ᠃ | ︽ᠮᠠᠰᠢ ᠰᠠᠶᠢᠨ ᠪᠠᠶᠢᠨ᠎ᠠ᠂ ᠭᠡᠷ ᠤᠨ ᠡᠭᠦᠳᠡᠨ ᠳᠤ ᠣᠷᠣᠨ ᠪᠦᠰᠡ ᠶᠢᠨ ᠡᠮᠴᠢᠯᠡᠭᠡᠨ ᠤ ᠳᠡᠳ᠋ ᠲᠥᠪ ᠲᠠᠢ | ᠪᠣᠯᠵᠤ᠂ ᠡᠪᠡᠳᠴᠢᠨ ᠦᠵᠡᠭᠦᠯᠬᠦ ᠳᠤ ᠳᠥᠭᠦᠮ ᠪᠠᠶᠢᠬᠤ ᠪᠠᠷ ᠪᠠᠷᠠᠬᠤ ᠦᠭᠡᠢ᠂ ᠪᠠᠰᠠ ᠰᠢᠯᠢᠳᠡᠭ ᠡᠮᠴᠢᠯᠡᠭᠡᠨ ᠤ | ᠦᠢᠯᠡᠴᠢᠯᠡᠭᠡ ᠬᠦᠷᠲᠡᠬᠦ ᠪᠣᠯᠣᠨ᠎ᠠ︾ ᠭᠡᠵᠤ 12 ᠰᠠᠷ᠎ᠠ ᠶᠢᠨ 24 ᠡᠳᠦᠷ᠂ᠪᠤᠭᠤᠳᠤ ᠬᠤᠲᠠ ᠶᠢᠨ ᠵᠢᠦ ᠶᠤᠸᠠᠨ | ᠲᠣᠭᠤᠷᠢᠭ ᠳᠤ ᠠᠵᠢᠯᠯᠠᠵᠤ ᠪᠠᠶᠢᠭ᠎ᠠ ᠠᠵᠤ ᠠᠬᠤᠶᠢᠯᠠᠯ ᠤᠨ ᠠᠵᠢᠯᠲᠠᠨ ᠯᠢᠦ ᠴᠠᠩ ᠪᠠᠶᠠᠷᠲᠠᠢ ᠪᠠᠷ ᠬᠡᠯᠡᠪᠡ᠃ | 12 ᠰᠠᠷ᠎ᠠ ᠶᠢᠨ 24 ᠤ ᠡᠳᠦᠷ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠠᠩᠬᠠᠳᠠᠭᠴᠢ ᠣᠷᠣᠨ | ᠪᠦᠰᠡ ᠶᠢᠨ ᠡᠮᠴᠢᠯᠡᠭᠡᠨ ᠤ ᠳᠡᠳ᠋ ᠲᠥᠪ ᠫᠠᠶᠢᠰᠠ ᠡᠯᠭᠦᠨ ᠡᠬᠢᠯᠡᠵᠦ ᠬᠡᠷᠡᠭᠯᠡᠭᠰᠡᠨ ᠶᠠᠪᠤᠳᠠᠯ ᠪᠣᠯ ᠪᠤᠭᠤᠲᠤ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠴᠢᠬᠤᠯᠠ ᠪᠡᠯᠭᠡ ᠲᠡᠮᠳᠡᠭ | ᠪᠣᠯᠤᠨ᠎ᠠ᠂ ᠠᠷᠠᠳ ᠣᠯᠠᠨ ᠤ ᠥᠨᠳᠥᠷ ᠲᠦᠪᠰᠢᠨ ᠪᠦᠬᠦᠢ ᠡᠮ ᠡᠮᠨᠡᠯᠭᠡ ᠶᠢᠨ ᠦᠢᠯᠡᠴᠢᠯᠡᠭᠡᠨ ᠤ ᠲᠤᠬᠠᠢ ᠬᠠᠯᠠᠭᠤᠨ | ᠡᠷᠡᠮᠡᠯᠵᠡᠯ ᠳᠤ ᠨᠡᠶᠢᠴᠡᠭᠰᠡᠨ ᠠᠮᠢᠳᠤᠯᠢᠭ ᠦᠢᠯᠡᠳᠦᠯᠭᠡ ᠪᠣᠯᠤᠨ᠎ᠠ᠃ | ᠲᠠᠨᠢᠯᠴᠠᠭᠤᠯᠤᠭᠰᠠᠨ ᠢᠶᠠᠷ᠂ ᠣᠷᠣᠨ ᠪᠦᠰᠡ ᠶᠢᠨ ᠡᠮᠴᠢᠯᠡᠭᠡᠨ ᠤ ᠳᠡᠳ᠋ ᠲᠥᠪ ᠪᠠᠶᠢᠭᠤᠯᠤᠭᠳᠠᠭᠰᠠᠨ ᠨᠢ | ᠬᠤᠷᠢᠨᠭᠡᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠭᠤᠣᠯ ᠴᠣᠭᠴᠠ ᠪᠣᠯᠭᠠᠵᠤ᠂ ᠡᠷᠭᠢᠨ ᠲᠣᠭᠤᠷᠢᠨ ᠤ | ᠡᠯ᠎ᠡ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠤᠨ ᠳᠠᠪᠠᠭᠤᠯᠢᠭ ᠰᠢᠨᠵᠢᠯᠡᠭᠡᠨ ᠤ ᠰᠠᠯᠠᠭ᠎ᠠ ᠪᠠᠷ ᠨᠥᠬᠦᠪᠥᠷᠢ ᠪᠣᠯᠭᠠᠵᠤ᠂ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠭᠦᠨᠵᠡᠭᠡᠢ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠤ ᠡᠯ᠎ᠡ | ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠦ | ᠶᠤᠸᠠᠨ ᠲᠣᠭᠤᠷᠢᠭ ᠤᠨ ᠬᠥᠳᠡᠭᠡ ᠲᠣᠰᠬᠤᠨ ᠤ ᠰᠠᠭᠤᠭᠠᠯᠢ ᠠᠷᠠᠳ᠂ ᠨᠡᠶᠢᠭᠡᠮ ᠲᠣᠭᠤᠷᠢᠭ ᠤᠨ ᠣᠯᠠᠨ ᠲᠦᠮᠡᠨ᠂ | ᠬᠦᠷᠢᠶᠡᠯᠡᠩ ᠲᠣᠭᠤᠷᠢᠭ ᠤᠨ ᠠᠵᠢᠯᠲᠠᠨ ᠠᠵᠢᠯᠴᠢᠨ ᠤ ᠡᠮᠴᠢᠯᠡᠭᠡ ᠡᠷᠡᠭᠦᠯ ᠮᠡᠨᠳᠦ ᠶᠢᠨ ᠬᠡᠷᠡᠭᠴᠡᠭᠡ ᠶᠢ ᠤᠯᠠᠮ ᠨᠢᠭᠡ | ᠠᠯᠬᠤᠮ ᠬᠠᠩᠭᠠᠵᠤ᠂ ᠥᠷᠭᠡᠨ ᠣᠯᠠᠨ ᠡᠪᠡᠳᠴᠢᠲᠡᠨ ᠳᠤ ᠨᠠᠩ ᠲᠤᠰᠬᠠᠢ ᠮᠡᠷᠭᠡᠵᠢᠯ ᠤᠨ᠂ ᠥᠨᠳᠥᠷ ᠪᠦᠲᠦᠮᠵᠢᠲᠡᠢ᠂ | ᠳᠥᠭᠦᠮ ᠳᠥᠲᠡ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠨ᠎ᠡ᠃ | ︽ᠡᠮᠴᠢᠯᠡᠭᠡᠨ ᠤ ᠳᠡᠳ᠋ ᠲᠥᠪ ᠢ ᠪᠠᠶᠢᠭᠤᠯᠤᠭᠰᠠᠨ ᠶᠠᠪᠤᠳᠠᠯ ᠪᠣᠯ ᠵᠢᠦ ᠶᠤᠸᠠᠨ ᠲᠣᠭᠤᠷᠢᠭ ᠤᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠨᠢᠭᠡ ᠠᠯᠬᠤᠮ | ᠮᠥᠨ᠂ ᠪᠠᠰᠠ ᠴᠤ ᠣᠷᠣᠨ ᠪᠦᠰᠡ ᠶᠢᠨ ᠡᠮᠴᠢᠯᠡᠭᠡᠨ ᠤ ᠥᠨᠳᠦᠷᠯᠢᠭ ᠢ ᠪᠦᠲᠦᠭᠡᠨ ᠪᠠᠶᠢᠭᠤᠯᠬᠤ ᠦᠨᠳᠦᠰᠦᠨ | ᠱᠠᠲᠤᠨ ᠤ ᠦᠯᠢᠭᠡᠷ ᠳᠠᠭᠤᠷᠢᠶᠠᠯ ᠮᠥᠨ︾ ᠬᠤᠢᠰᠢᠲᠠ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ | ᠪᠠᠭᠲᠠᠭᠠᠮᠵᠢ ᠶᠢ ᠥᠷᠭᠡᠳᠬᠡᠬᠦ ᠪᠠ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠴᠢᠨᠠᠭᠰᠢᠳᠠ ᠰᠢᠯᠢᠳᠡᠭᠵᠢᠭᠦᠯᠵᠦ᠂ ᠵᠢᠦ | ᠶᠤᠸᠠᠨ ᠲᠣᠭᠤᠷᠢᠭ ᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠵᠦ᠂ ᠴᠢᠨᠠᠷ ᠰᠠᠶᠢᠲᠠᠢ ᠦᠢᠯᠡᠴᠢᠯᠡᠭᠡ ᠪᠠᠷ | ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ | ᠠᠮᠤᠷ ᠲᠦᠪᠰᠢᠨ ᠤ ᠲᠥᠷᠥᠭᠳᠡᠯ ᠪᠣᠯᠤᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ ᠭᠡᠵᠤ ᠵᠢᠦ ᠶᠤᠸᠠᠨ | ᠲᠣᠭᠤᠷᠢᠭ ᠤᠨ ᠳᠡᠳ᠋ ᠳᠠᠷᠤᠭ᠎ᠠ ᠰᠦᠩ ᠳ᠋ᠠᠨ ᠬᠤᠸᠠ ᠢᠯᠡᠳᠬᠡᠪᠡ᠃ | ᠵᠢᠦ ᠶᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠭᠦᠸᠧ ᠯᠢ ᠬᠡᠯᠡᠭᠰᠡᠨ ᠨᠢ᠄ ︽ᠡᠮᠴᠢᠯᠡᠭᠡᠨ ᠤ ᠳᠡᠳ᠋ ᠲᠥᠪ ᠤᠨ ᠪᠦᠲᠦᠭᠡᠨ | ᠪᠠᠶᠢᠭᠤᠯᠤᠯᠲᠠ ᠪᠠᠷ ᠳᠠᠮᠵᠢᠭᠤᠯᠤᠨ᠂ ᠲᠥᠪ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠵᠥᠭᠡᠯᠡᠨ ᠬᠠᠲᠠᠭᠤ ᠲᠣᠨᠤᠭ ᠤᠨ | ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠰ ᠳᠡᠪᠰᠢᠭᠦᠯᠵᠦ᠂ ᠲᠥᠬᠦᠭᠡᠷᠦᠮᠵᠢ ᠶᠢᠨ ᠡᠬᠢ ᠪᠠᠶᠠᠯᠢᠭ ᠢ ᠬᠠᠮᠲᠤ ᠪᠠᠷ | ᠬᠦᠷᠲᠡᠵᠦ᠂ ᠠᠵᠢᠯᠲᠠᠨ ᠤ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠮᠡᠷᠭᠡᠵᠢᠯ ᠤᠨ ᠵᠢᠯᠣᠭᠤᠳᠣᠯᠭ᠎ᠠ᠂ | ᠠᠵᠢᠯᠲᠠᠨ ᠤ ᠪᠣᠯᠪᠠᠰᠤᠷᠠᠭᠤᠯᠤᠯ ᠵᠡᠷᠭᠡ ᠬᠡᠯᠪᠡᠷᠢ ᠪᠠᠷ ᠳᠠᠮᠵᠢᠭᠤᠯᠤᠨ ᠡᠷᠭᠢᠨ ᠲᠣᠭᠤᠷᠢᠨ ᠤ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢᠨ ᠬᠢᠷᠢ ᠲᠦᠪᠰᠢᠨ ᠢ ᠨᠥᠯᠥᠭᠡᠯᠡᠨ | ᠳᠠᠶᠢᠴᠢᠯᠠᠵᠤ᠂ ᠮᠡᠳᠡᠭᠡ ᠵᠠᠩᠭᠢᠵᠢᠯᠲᠠ ᠶᠢᠨ ᠰᠢᠰᠲ᠋ᠧᠮ ᠢᠶᠠᠷ ᠳᠠᠮᠵᠢᠭᠤᠯᠤᠨ ᠰᠢᠯᠭᠠᠨ ᠪᠠᠶᠢᠴᠠᠭᠠᠬᠤ᠂ | ᠪᠠᠶᠢᠴᠠᠭᠠᠯᠲᠠ ᠶᠢᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠪᠠ ᠠᠯᠤᠰ ᠠᠴᠠ ᠡᠮᠴᠢᠯᠡᠬᠦ ᠶᠢ ᠪᠡᠶᠡᠯᠡᠭᠦᠯᠵᠦ᠂ ᠣᠯᠠᠨ | ᠲᠦᠮᠡᠨ ᠤ ᠡᠪᠡᠳᠴᠢᠨ ᠦᠵᠡᠭᠦᠯᠬᠦ ᠥᠩᠭᠡᠷᠡᠯᠲᠡ ᠶᠢ ᠦᠨᠡᠨ ᠬᠦ ᠳᠡᠭᠡᠭᠰᠢᠯᠡᠭᠦᠯᠵᠦ᠂ ᠡᠪᠡᠳᠴᠢᠨ ᠦᠵᠡᠭᠦᠯᠵᠦ | ᠡᠮᠨᠡᠭᠦᠯᠬᠦ ︿ᠪᠠᠴᠢᠮ ᠪᠡᠷᠬᠡ ᠵᠣᠪᠠᠨᠢᠯ﹀ ᠠᠰᠠᠭᠤᠳᠠᠯ ᠢ ᠰᠢᠢᠳᠪᠦᠷᠢᠯᠡᠨ᠎ᠡ︾ ᠭᠡᠪᠡ᠃ | ᠣᠶᠢᠯᠠᠭᠠᠭᠰᠠᠨ ᠢᠶᠠᠷ᠂ ᠵᠢᠦ ᠶᠤᠸᠠᠨ ᠲᠣᠭᠤᠷᠢᠭ ᠤᠨ ᠣᠷᠣᠨ ᠪᠦᠰᠡ ᠶᠢᠨ ᠡᠮᠴᠢᠯᠡᠭᠡᠨ ᠤ ᠳᠡᠳ᠋ ᠲᠥᠪ ᠤᠨ | ᠡᠯ᠎ᠡ ᠪᠦᠷᠢᠯᠳᠦᠬᠦᠨ ᠨᠢᠭᠡᠴᠡ ᠣᠯᠠᠨ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ᠂ ᠣᠨᠴᠠᠯᠢᠭᠲᠤ ᠲᠤᠰᠬᠠᠢ | ᠰᠠᠯᠠᠭ᠎ᠠ ᠶᠢ ᠬᠠᠮᠲᠤ ᠪᠠᠷ ᠴᠣᠭᠴᠠᠯᠠᠨ᠂ ᠬᠢᠲᠠᠳ ᠡᠮ ᠡᠮᠨᠡᠯᠭᠡ᠂ ᠮᠣᠩᠭᠤᠯ ᠡᠮ ᠡᠮᠨᠡᠯᠭᠡ ᠵᠡᠷᠭᠡ ᠣᠨᠴᠠᠯᠢᠭᠲᠤ | ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠣᠷᠣᠨ ᠪᠦᠰᠡ ᠶᠢᠨ | ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠂ ᠡᠮᠴᠢᠯᠡᠭᠡᠨ ᠤ ᠳᠡᠳ᠋ ᠲᠥᠪ ᠤᠨ ᠲᠤᠰᠬᠠᠢ ᠰᠠᠯᠠᠭᠠᠨ ᠤ ᠴᠢᠳᠠᠪᠤᠷᠢ᠂ ᠴᠢᠳᠠᠪᠤᠷᠢᠲᠠᠨ ᠤ ᠡᠩᠨᠡᠭᠡ | ᠂ ᠡᠮᠴᠢᠯᠡᠭᠡᠨ ᠤ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ | ᠪᠦᠲᠦᠮᠵᠢᠲᠡᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠲᠦᠮᠡᠨ ᠢ | ᠭᠡᠷ ᠤᠨ ᠡᠭᠦᠳᠡᠨ ᠳᠤᠨᠢ ︽ᠡᠪᠡᠳᠴᠢᠨ ᠢ ᠣᠨᠣᠰᠢᠯᠠᠵᠤ ᠳᠡᠶᠢᠯᠬᠦ ᠂ ᠡᠪᠡᠳᠴᠢᠨ ᠢ ᠰᠠᠶᠢᠨ ᠦᠵᠡᠭᠦᠯᠵᠦ ᠳᠡᠶᠢᠯᠬᠦ︾ | ᠶᠢ ᠦᠨᠡᠨ ᠬᠦ ᠪᠡᠶᠡᠯᠡᠭᠦᠯᠦᠨ᠎ᠡ᠃ | ᠲᠤᠬᠠᠢ ᠶᠢᠨ ᠡᠳᠦᠷ᠂ ᠡᠮᠴᠢᠯᠡᠭᠡᠨ ᠤ ᠳᠡᠳ᠋ ᠲᠥᠪ ᠤᠨ ᠲᠤᠰᠬᠠᠢ ᠮᠡᠷᠭᠡᠵᠢᠯᠲᠡᠨ ᠤ ᠪᠦᠯᠬᠦᠮ ︽ᠡᠪᠦᠯ ᠤᠨ | ᠤᠯᠠᠷᠢᠯ ᠤᠨ ᠤᠷᠢᠨ ᠳᠤᠯᠠᠭᠠᠨ ᠶᠢ ᠮᠢᠩᠭᠠᠨ ᠡᠷᠦᠬᠡ ᠳᠤ ᠬᠦᠷᠭᠡᠬᠦ︾ ᠲᠣᠮᠣ ᠬᠡᠯᠪᠡᠷᠢ ᠶᠢᠨ ᠠᠯᠪᠠᠨ ᠵᠢᠷᠤᠮ ᠤᠨ | ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠡᠪᠡᠳᠴᠢᠲᠡᠨ ᠳᠤ ᠰᠢᠨᠵᠢᠯᠡᠬᠦ ᠤᠬᠠᠭᠠᠨᠴᠢ᠂ ᠥᠪᠡᠷᠮᠢᠴᠡ ᠣᠨᠣᠰᠢᠯᠠᠨ | ᠡᠮᠨᠡᠬᠦ ᠲᠥᠰᠦᠯ ᠬᠠᠩᠭᠠᠭᠰᠠᠨ ᠪᠥᠭᠡᠳ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠰᠦᠢᠳᠬᠡᠯ | ᠬᠤᠷᠢᠶᠠᠬᠤ ᠦᠭᠡᠢ ᠪᠠᠷ ᠪᠠᠶᠢᠴᠠᠭᠠᠯᠲᠠ ᠬᠠᠩᠭᠠᠭᠰᠠᠨ ᠪᠠᠶᠢᠨ᠎ᠠ᠃ | | | | | | |