ᠵᠢᠦ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠣᠨᠴᠠᠭᠠᠢ ᠬᠥᠮᠦᠰ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2025/1/15
    ᠪᠢᠯᠢᠭ ᠤᠨ ᠤᠯᠠᠷᠢᠯ ᠤᠨ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠵᠢᠦ ᠶᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ‌ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠢ ᠵᠣᠬᠢᠶᠠᠨ ᠪᠠᠶᠢᠭᠤᠯᠵᠤ ᠠᠮᠢᠳᠤᠷᠠᠯ ᠨᠢ ᠬᠦᠴᠢᠷᠲᠠᠢ ᠭᠡᠷ ᠬᠤᠷᠢᠶᠠᠯᠠᠯ ᠤᠨ ᠵᠠᠯᠠᠷᠠᠭᠤᠯᠬᠤ ᠡᠲᠡᠭᠡᠳ ᠪᠣᠯᠤᠨ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠳᠤ ᠴᠢᠭᠯᠡᠭᠦᠯᠦᠭᠰᠡᠨ ᠰᠢᠨ᠎ᠡ ᠵᠢᠯ ᠤᠨ ᠲᠣᠬᠤᠨᠢᠭᠤᠯᠵᠤ ᠬᠠᠪᠰᠤᠷᠤᠨ ᠲᠡᠳᠬᠦᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠵᠢᠴᠢ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠭᠡᠪᠡ᠃    ᠲᠤᠰ ᠤᠳᠠᠭᠠᠨ ᠤ ᠲᠣᠬᠤᠨᠢᠭᠤᠯᠵᠤ ᠬᠠᠪᠰᠤᠷᠤᠨ ᠲᠡᠳᠬᠦᠬᠦ ᠠᠵᠢᠯᠯᠠᠭ᠎ᠠ ᠳᠤ᠂ ᠳᠠᠯᠠᠨ ᠪᠤᠯᠠᠭ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠤᠨ ᠠᠵᠢᠯᠲᠠᠨ ᠡᠩ ᠲᠡᠷᠢᠭᠦᠨ ᠳᠤ ᠬᠠᠷᠢᠶ᠎ᠠ ᠣᠷᠣᠨ ᠤ ᠳᠣᠲᠣᠷᠠᠬᠢ ᠬᠦᠴᠢᠷᠳᠡᠯᠲᠡᠢ ᠭᠡᠷ ᠬᠤᠷᠢᠶᠠᠯᠠᠯ ᠤᠨ ᠵᠠᠰᠠᠨ ᠵᠠᠯᠠᠷᠠᠭᠤᠯᠬᠤ ᠡᠲᠡᠭᠡᠳ ᠪᠠ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠤᠨ ᠪᠠᠶᠢᠳᠠᠯ ᠢ ᠪᠦᠬᠦ ᠲᠠᠯ᠎ᠠ ᠪᠠᠷ ᠨᠠᠷᠢᠨ ᠣᠶᠢᠯᠠᠭᠠᠪᠠ᠃ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠭᠡᠷ ᠬᠤᠷᠢᠶᠠᠯᠠᠯ ᠤᠨ ᠠᠵᠢᠯᠲᠠᠳ ᠲᠠᠢ ᠨᠡᠪᠲᠡᠷᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠡᠳᠡᠨ ᠤ ᠠᠮᠢᠳᠤᠷᠠᠯ᠂ ᠠᠵᠢᠯ ᠣᠯᠭᠤᠯᠲᠠ᠂ ᠰᠡᠳᠬᠢᠴᠡ ᠵᠡᠷᠭᠡ ᠲᠠᠯ᠎ᠠ ᠪᠠᠷ ᠲᠤᠯᠭᠠᠷᠠᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠣᠨᠣᠪᠴᠢᠲᠠᠢ ᠡᠵᠡᠮᠰᠢᠵᠦ᠂ ᠡᠭᠦᠨ ᠤ ᠰᠠᠭᠤᠷᠢᠨ ᠳᠡᠭᠡᠷ᠎ᠡ ᠲᠣᠬᠤᠨᠢᠭᠤᠯᠵᠤ ᠬᠠᠪᠰᠤᠷᠤᠨ ᠲᠡᠳᠬᠦᠬᠦ ᠨᠡᠷᠡᠰ ᠢ ᠲᠣᠭᠲᠠᠭᠠᠪᠠ᠃    ᠲᠣᠬᠤᠨᠢᠭᠤᠯᠬᠤ ᠶᠠᠪᠤᠴᠠ ᠳᠤ᠂ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ ᠸᠠᠩ ᠱᠣ᠋ ᠶᠦᠨ ᠪᠡᠶ᠎ᠡ ᠪᠠᠷ ᠢᠶᠠᠨ ᠪᠦᠯᠬᠦᠮ ᠳᠠᠭᠠᠭᠤᠯᠤᠨ ᠡᠷᠦᠬᠡ ᠳᠤ ᠬᠦᠷᠴᠦ ᠬᠠᠪᠰᠤᠷᠤᠨ ᠲᠡᠳᠬᠦᠬᠦ ᠡᠲᠡᠭᠡᠳ ᠲᠤ ᠲᠤᠲᠤᠷᠭ᠎ᠠ᠂ ᠴᠠᠭᠠᠨ ᠭᠤᠯᠢᠷ᠂ ᠢᠳᠡᠰᠢᠨ ᠲᠣᠰᠣ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠬᠦᠷᠭᠡᠬᠦ ᠶᠢᠨ ᠬᠠᠮᠲᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠠᠵᠢᠯᠲᠠᠳ ᠬᠠᠪᠰᠤᠷᠤᠨ ᠲᠡᠳᠬᠦᠬᠦ ᠡᠲᠡᠭᠡᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠣᠶᠢᠷ᠎ᠠ ᠶᠢᠨ ᠬᠤᠭᠤᠴᠠᠭᠠᠨ ᠤ ᠠᠮᠢᠳᠤᠷᠠᠯ ᠤᠨ ᠪᠠᠶᠢᠳᠠᠯ᠂ ᠪᠡᠶ᠎ᠡ ᠮᠠᠬᠠᠪᠣᠳ ᠤᠨ ᠪᠠᠶᠢᠳᠠᠯ᠂ ᠦᠢᠯᠡ ᠠᠵᠢᠯᠯᠠᠭ᠎ᠠ ᠶᠢᠨ ᠢᠯᠡᠷᠡᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠪᠠ᠃ ᠭᠡᠷ ᠬᠤᠷᠢᠶᠠᠯᠠᠯ ᠤᠨ ᠵᠠᠰᠠᠨ ᠬᠥᠮᠦᠵᠢᠭᠦᠯᠬᠦ ᠬᠥᠮᠦᠰ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ ᠪᠠ ᠵᠠᠯᠠᠷᠠᠭᠤᠯᠭ᠎ᠠ ᠶᠢᠨ ᠪᠠᠶᠢᠳᠠᠯ ᠢ ᠭᠤᠣᠯᠳᠠᠯᠭ᠎ᠠ ᠲᠠᠢ ᠪᠠᠷ ᠣᠶᠢᠯᠠᠭᠠᠵᠤ᠂ ᠲᠡᠳᠡᠨ ᠢ ᠭᠡᠷ ᠬᠤᠷᠢᠶᠠᠯᠠᠯ ᠤᠨ ᠵᠠᠰᠠᠨ ᠬᠥᠮᠦᠵᠢᠭᠦᠯᠬᠦ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠢᠳᠡᠪᠬᠢᠲᠡᠢ ᠪᠠᠷ ᠥᠭᠡᠷᠡᠴᠢᠯᠡᠨ ᠰᠠᠶᠢᠵᠢᠷᠠᠭᠤᠯᠵᠤ᠂ ᠡᠷᠲᠡᠬᠡᠨ ᠨᠡᠶᠢᠭᠡᠮ ᠳᠤ ᠪᠤᠴᠠᠬᠤ ᠪᠠᠷ ᠴᠢᠷᠮᠠᠶᠢᠬᠤ ᠶᠢᠨ ᠬᠠᠮᠲᠤ ᠲᠡᠳᠡᠨ ᠤ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠨᠠᠷᠢᠨ ᠬᠢᠨᠠᠮᠠᠭᠠᠢ ᠲᠡᠮᠳᠡᠭᠯᠡᠵᠦ᠂ ᠬᠤᠶᠢᠰᠢᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠷᠢᠯᠴᠠᠵᠤ ᠬᠠᠪᠰᠤᠷᠤᠨ ᠲᠡᠳᠬᠦᠬᠦ ᠳᠤ ᠰᠠᠭᠤᠷᠢ ᠲᠠᠯᠪᠢᠵᠤ ᠥᠭᠬᠦ ᠶᠢ ᠵᠣᠷᠢᠭᠵᠢᠭᠤᠯᠪᠠ᠃    ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠲᠤ᠂ ᠠᠵᠢᠯᠲᠠᠳ ᠲᠡᠳᠡᠨ ᠤ ᠠᠵᠢᠯ ᠣᠯᠬᠤ ᠪᠠ ᠨᠡᠶᠢᠭᠡᠮ ᠳᠤ ᠠᠭᠤᠰᠤᠯᠴᠠᠬᠤ ᠶᠠᠪᠤᠴᠠ ᠳᠤ ᠲᠤᠯᠭᠠᠷᠠᠭᠰᠠᠨ ᠬᠠᠷᠰᠢ ᠰᠠᠭᠠᠳ ᠢ ᠬᠦᠯᠢᠴᠡᠩᠭᠦᠢ ᠪᠠᠷ ᠰᠣᠨᠣᠰᠴᠤ᠂ ᠲᠡᠳᠡᠨ ᠳᠤ ᠠᠵᠢᠯ ᠣᠯᠭᠤᠯᠲᠠ ᠶᠢᠨ ᠮᠡᠳᠡᠭᠡ ᠵᠠᠩᠭᠢ ᠪᠠ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢ ᠢᠳᠡᠪᠬᠢᠲᠡᠢ ᠪᠠᠷ ᠬᠠᠩᠭᠠᠵᠤ᠂ ᠲᠡᠳᠡᠨ ᠢ ᠬᠠᠪᠰᠤᠷᠤᠨ ᠠᠮᠢᠳᠤᠷᠠᠯ ᠤᠨ ᠳᠠᠬᠢᠨ ᠢᠲᠡᠭᠡᠯ ᠢ ᠪᠣᠢ ᠪᠣᠯᠭᠠᠵᠤ᠂ ᠲᠡᠳᠡᠨ ᠤ ᠨᠠᠩ ᠦᠭᠡᠲᠡᠷᠬᠡᠭ᠂ ᠢᠳᠡᠪᠬᠢᠲᠡᠢ ᠣᠪᠣᠷ ᠢᠶᠠᠷ ᠠᠮᠢᠳᠤᠷᠠᠯ ᠤᠨ ᠥᠷᠢᠰᠥᠯᠳᠦᠭᠡᠨ ᠳᠤ ᠬᠠᠨᠳᠤᠬᠤ ᠶᠢ ᠵᠣᠷᠢᠭᠵᠢᠭᠤᠯᠪᠠ᠃
111111.jpg
    ᠲᠡᠷᠡ ᠨᠢᠭᠡᠨ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠲᠠᠢ ᠶᠠᠷᠢᠯᠴᠠᠬᠤ ᠳᠠᠭᠠᠨ᠄ ︽ᠰᠠᠶ᠋ᠢᠬᠠᠨ ᠪᠤᠴᠠᠵᠤ ᠢᠷᠡᠭᠰᠡᠨ ᠦᠶ᠎ᠡ ᠳᠤ᠂ ᠪᠢ ᠥᠪᠡᠷ ᠤᠨ ᠪᠡᠶ᠎ᠡ ᠢᠶᠠᠨ ᠨᠡᠶᠢᠭᠡᠮ ᠡᠴᠡᠰᠠᠯᠵᠤ᠂ ᠠᠵᠢᠯ ᠡᠷᠢᠬᠦ ᠳᠤ ᠤᠯᠠᠨ ᠬᠦᠴᠢᠷ ᠲᠤᠯᠭᠠᠷᠠᠵᠤ᠂ ᠰᠡᠳᠬᠢᠯ ᠳᠣᠲᠣᠷ᠎ᠠ ᠣᠨᠴᠠᠭᠠᠢ ᠲᠥᠭᠡᠷᠢᠯᠳᠦᠵᠦ ᠪᠠᠢᠯ᠎ᠠ᠃ ᠭᠡᠪᠡᠴᠦ ᠬᠠᠤᠯᠢ ᠴᠠᠭᠠᠵᠠ ᠶᠢᠨ ᠭᠠᠵᠠᠷ ᠤᠨ ᠠᠵᠢᠯᠲᠠᠳ ᠮᠢᠨᠤ ᠪᠠᠢᠲᠠᠯ ᠳᠤ ᠦᠷᠭᠦᠯᠵᠢ ᠰᠡᠳᠬᠢᠯ ᠲᠠᠯᠪᠢᠵᠤ᠂ ᠨᠠᠳᠠ ᠠᠷᠭ᠎ᠠ ᠤᠬᠠᠭᠠᠨ ᠭᠠᠷᠭᠠᠭᠰᠠᠭᠠᠷ ᠢᠷᠡᠭᠰᠡᠨ ᠶᠤᠮ᠂ ᠣᠳᠣ ᠪᠢ ᠢᠷᠡᠭᠡᠳᠦᠢ ᠶᠢᠨ ᠠᠮᠢᠳᠤᠷᠠᠯ ᠳᠤ ᠪᠠᠨ ᠢᠲᠡᠭᠡᠯ ᠲᠠᠢ ᠪᠣᠯᠤᠭᠰᠠᠨ︾ ᠭᠡᠵᠤ ᠰᠡᠳᠬᠢᠯ ᠳᠣᠭᠳᠣᠯᠤᠨ ᠶᠠᠷᠢᠪᠠ᠃ ᠪᠡᠶ᠎ᠡ ᠮᠠᠬᠠᠪᠣᠳ ᠤᠨ ᠰᠢᠯᠲᠠᠭᠠᠨ ᠠᠴᠠ ᠪᠣᠯᠵᠤ ᠬᠥᠳᠡᠯᠵᠦ ᠪᠠᠷᠢᠬᠤ ᠳᠤ ᠳᠥᠭᠦᠮ ᠦᠭᠡᠢ ᠬᠠᠪᠰᠤᠷᠤᠨ ᠲᠡᠳᠬᠦᠬᠦ ᠡᠲᠡᠭᠡᠳ ᠲᠤ᠂ ᠠᠵᠢᠯᠲᠠᠳ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠵᠦ᠂ ᠲᠡᠳᠡᠨ ᠳᠤ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠠᠶᠢᠯᠪᠤᠷᠢᠯᠠᠨ ᠥᠭᠴᠦ᠂ ᠲᠡᠳᠡᠨ ᠢ ᠬᠠᠪᠰᠤᠷᠤᠨ ᠪᠣᠳᠠᠲᠠᠢ ᠠᠮᠢᠳᠤᠷᠠᠯ ᠤᠨ ᠳᠤᠮᠳᠠ ᠲᠤᠯᠭᠠᠷᠠᠭᠰᠠᠨ ᠬᠠᠤᠯᠢ ᠴᠠᠭᠠᠵᠠ ᠶᠢᠨ ᠠᠰᠠᠭᠤᠳᠠᠯ ᠢ ᠰᠢᠢᠳᠪᠦᠷᠢᠯᠡᠵᠦ ᠥᠭᠪᠡ᠃ ᠬᠦᠴᠢᠷᠳᠡᠯ ᠳᠤ ᠲᠤᠯᠭᠠᠷᠠᠪᠠᠯ ᠴᠠᠭ ᠲᠤᠬᠠᠢ ᠲᠤᠨᠢ ᠬᠠᠤᠯᠢ ᠴᠠᠭᠠᠵᠠ ᠶᠢᠨ ᠭᠠᠵᠠᠷ ᠲᠠᠢ ᠬᠠᠷᠢᠯᠴᠠᠵᠤ ᠪᠣᠯᠤᠨ᠎ᠠ ᠭᠡᠵᠦ ᠲᠡᠳᠡᠨ ᠳᠤ ᠬᠡᠯᠡᠵᠦ ᠥᠭᠪᠡ᠃    ᠲᠣᠰ ᠤᠳᠠᠭᠠᠨ ᠤ ᠰᠢᠨ᠎ᠡ ᠵᠢᠯ ᠤᠨ ᠲᠣᠬᠤᠨᠢᠭᠤᠯᠵᠤ ᠬᠠᠪᠰᠤᠷᠤᠨ ᠲᠡᠳᠬᠦᠬᠦ ᠠᠵᠢᠯᠯᠠᠭ᠎ᠠ ᠨᠢ ᠭᠠᠭᠴᠠ ᠪᠣᠳᠠᠰ ᠤᠨ ᠲᠠᠯ᠎ᠠ ᠪᠠᠷ ᠬᠦᠴᠢᠷᠳᠡᠯᠲᠡᠶ ᠭᠡᠷ ᠬᠤᠷᠢᠶᠠᠯᠠᠯ ᠤᠨ ᠵᠠᠰᠠᠨ ᠵᠠᠯᠠᠷᠠᠭᠤᠯᠬᠤ ᠡᠲᠡᠭᠡᠳ ᠪᠠ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠲᠤ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠣᠶᠤᠨ ᠰᠠᠨᠠᠭᠠᠨ ᠤ ᠲᠠᠯ᠎ᠠ ᠪᠠᠷ ᠲᠡᠳᠡᠨ ᠢ ᠵᠣᠷᠢᠭᠵᠢᠭᠤᠯᠤᠨ ᠳᠡᠮᠵᠢᠵᠦ ᠥᠭᠭᠦᠭᠰᠡᠨ ᠪᠠᠶᠢᠨ᠎ᠠ᠃ ᠡᠨᠡ ᠬᠦ ᠠᠷᠭ᠎ᠠ ᠬᠡᠮᠵᠢᠶ᠎ᠡ ᠨᠢ ᠭᠡᠷ ᠬᠤᠷᠢᠶᠠᠯᠠᠯ ᠤᠨ ᠵᠠᠰᠠᠨ ᠬᠥᠮᠥᠵᠢᠭᠦᠯᠬᠦ ᠬᠥᠮᠥᠰ ᠤᠨ ᠵᠠᠯᠠᠷᠠᠭᠤᠯᠬᠤ ᠶᠢ ᠬᠦᠯᠢᠶᠡᠬᠦ ᠤᠬᠠᠮᠰᠠᠷᠲᠤ ᠴᠢᠨᠠᠷ ᠪᠠ ᠢᠳᠡᠪᠬᠢᠵᠢᠯ ᠢ ᠴᠢᠩᠭᠠᠷᠠᠭᠤᠯᠵᠤ᠂ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠬᠤ ᠶᠢ ᠠᠬᠢᠭᠤᠯᠬᠤ ᠬᠥᠮᠥᠰ ᠤᠨ ᠨᠡᠶᠢᠭᠡᠮ ᠳᠤ ᠨᠡᠩ ᠰᠠᠶᠢᠲᠤᠷ ᠠᠭᠤᠰᠤᠯᠴᠠᠬᠤ ᠶᠢ ᠠᠬᠢᠭᠤᠯᠵᠤ᠂ ᠬᠠᠷᠢᠶ᠎ᠠ ᠣᠷᠣᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃ ᠢᠷᠡᠭᠡᠳᠦᠶ ᠶᠢᠨ ᠠᠵᠢᠯ ᠤᠨ ᠳᠤᠮᠳᠠ᠂ ᠳᠠᠯᠠᠨ ᠪᠤᠯᠠᠭ ᠪᠠᠯᠭᠠᠰᠤᠨ ᠤ ᠬᠠᠤᠯᠢ ᠴᠠᠭᠠᠵᠠ ᠶᠢᠨ ᠰᠠᠯᠪᠣᠷᠢ ᠨᠢ ᠬᠦᠴᠢᠷᠳᠡᠯᠲᠡᠶ ᠭᠡᠷ ᠬᠤᠷᠢᠶᠠᠯᠠᠯ ᠤᠨ ᠵᠠᠰᠠᠨ ᠵᠠᠯᠠᠷᠠᠭᠤᠯᠬᠤ ᠡᠲᠡᠭᠡᠳ ᠪᠠ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠬᠥᠮᠦᠰ ᠢ ᠦᠷᠭᠦᠯᠵᠢᠯᠡᠨ ᠠᠩᠬᠠᠷᠴᠤ᠂ ᠬᠠᠪᠰᠤᠷᠤᠨ ᠲᠡᠳᠬᠦᠬᠦ ᠠᠷᠭ᠎ᠠ ᠬᠡᠯᠪᠡᠷᠢ ᠶᠢ ᠲᠠᠰᠤᠷᠠᠯᠲᠠ ᠥᠬᠡᠶ ᠬᠠᠶᠢᠨ ᠰᠦᠪᠡᠭᠴᠢᠯᠡᠬᠦ ᠪᠠ ᠰᠢᠨᠡᠴᠢᠯᠡᠵᠦ᠂ ᠲᠡᠳᠡᠨ ᠳᠤ ᠨᠠᠩ ᠣᠯᠠᠨ ᠦᠨᠡᠨ ᠬᠦ ᠪᠦᠲᠦᠮᠵᠢᠲᠡᠶ ᠬᠠᠪᠰᠤᠷᠤᠯᠭ᠎ᠠ ᠬᠠᠩᠭᠠᠬᠤ ᠪᠣᠯᠤᠨ᠎ᠠ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号