ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠤᠸᠠᠩ ᠶᠢᠨ ᠭᠡᠷ ᠬᠤᠷᠢᠶᠠᠯᠠᠯ ᠲᠤ ᠭᠦᠨᠵᠡᠭᠡᠶᠢᠷᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/2
    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠨ ᠠᠮᠢᠳᠤᠯᠢᠭ ᠪᠦᠲᠦᠮᠵᠢᠲᠡᠢ ᠪᠠᠶᠢᠬᠤ ᠶᠢ ᠤᠯᠠᠮ ᠨᠢᠭᠡ ᠠᠯᠬᠤᠮ ᠠᠬᠢᠭᠤᠯᠤᠨ᠂ ᠡᠯ᠎ᠡ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 27 ᠤ ᠡᠳᠦᠷ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠱᠠᠾᠧ ᠵᠡᠭᠡᠯᠢ ᠭᠤᠳᠤᠮᠵᠢ ᠶᠢᠨ ᠬᠤᠸᠠᠩᠵᠢᠨ ᠭᠡᠷ ᠬᠤᠷᠢᠶᠠᠯᠠᠯ ᠲᠤ ᠬᠦᠷᠴᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠬᠠᠮᠲᠤ ᠪᠠᠷ ᠰᠢᠨ᠎ᠡ ᠵᠢᠯ ᠤᠨ ᠪᠠᠶᠠᠷ ᠤᠨ ᠠᠵᠢᠯᠯᠠᠭ᠎ᠠ ᠥᠷᠨᠢᠭᠦᠯᠪᠡ᠃
1111.jpg
    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠱᠧᠨ ᠳ᠋ᠠᠨ ᠥᠷᠭᠡᠨ ᠣᠯᠠᠨ ᠰᠠᠭᠤᠭᠠᠯᠢ ᠠᠷᠠᠳ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠪᠥᠬᠦ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠡᠰᠡᠭ ᠨᠠᠮ ᠤᠨ ᠭᠡᠰᠢᠭᠦᠨ ᠺᠠᠳ᠋ᠷᠴᠤᠳ ᠠᠵᠢᠯᠯᠠᠭ᠎ᠠ ᠳᠤ ᠣᠷᠣᠯᠴᠠᠭᠰᠠᠨ ᠰᠠᠭᠤᠭᠠᠯᠢ ᠠᠷᠠᠳ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠴᠠᠭ ᠤᠯᠠᠷᠢᠯ ᠤᠨ ᠪᠢᠴᠢᠭ ᠪᠠ ᠤᠬᠠᠭᠤᠯᠭ᠎ᠠ ᠶᠢᠨ ᠮᠠᠲ᠋ᠧᠷᠢᠶᠠᠯ ᠢ ᠨᠠᠮᠠᠨ ᠬᠦᠷᠭᠡᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠥᠭᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠣᠶ ᠪᠣᠯᠭᠠᠬᠤ ᠶᠢ ᠬᠥᠲᠥᠯᠥᠨ ᠵᠢᠯᠣᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠪᠠ᠃
222222222222222222222.jpg
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号