ᠪᠥᠲᠥᠭᠡᠨ ᠪᠠᠶᠢᠭᠤᠯᠤᠯᠲᠠ ᠪᠠᠨ ᠴᠢᠩᠭᠠᠳᠬᠠᠵᠤ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠬᠠᠤᠯᠢ ᠶᠣᠰᠣᠭᠠᠷ ᠪᠠᠷ ᠬᠢᠨᠠᠨ ᠪᠣᠳᠣᠬᠤ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2025/1/2
    2024 ᠣᠨ ᠳᠤ᠂ ᠵᠢᠤ ᠶᠤᠸᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠨᠡᠶᠢᠲᠡ 15 ᠲᠥᠷᠥᠯ ᠵᠦᠢᠯ ᠤᠨ ᠬᠢᠨᠠᠨ ᠪᠤᠳᠤᠬᠤ ᠢ ᠪᠡᠶᠡᠯᠡᠭᠦᠯᠵᠦ᠂ ᠪᠠᠢᠴᠠᠭᠠᠨ ᠭᠠᠷᠭᠠᠭᠰᠠᠨᠭᠤᠤᠯ ᠠᠰᠠᠭᠤᠳᠠᠯ ᠤᠨ ᠵᠣᠭᠤᠰ ᠤᠨ ᠲᠤᠭ᠎ᠠ 26200 ᠲᠦᠮᠡᠨ ᠲᠥᠭᠦᠷᠢᠭ ᠲᠤ ᠬᠦᠷᠴᠤ᠂ ᠳᠡᠭᠡᠷ᠎ᠡ ᠵᠢᠯ ᠤᠨ ᠬᠢ ᠠᠴᠠ 23401 ᠲᠦᠮᠡᠨ ᠲᠥᠭᠦᠷᠢᠭ ᠨᠡᠮᠡᠭᠳᠡᠪᠡ᠂ ᠡᠭᠦᠨ ᠳᠤ ᠲᠣᠭᠲᠠᠭᠠᠯ ᠠᠴᠠ ᠵᠥᠷᠢᠴᠡᠭᠰᠡᠨ ᠵᠣᠭᠤᠰ ᠤᠨ ᠲᠤᠭ᠎ᠠ 5598 ᠲᠦᠮᠡᠨ ᠲᠥᠭᠦᠷᠢᠭ᠂ ᠬᠠᠮᠢᠶᠠᠷᠤᠯᠲᠠ ᠨᠢ ᠵᠢᠷᠤᠮᠵᠢᠯ ᠥᠬᠡᠶ ᠵᠣᠭᠤᠰ ᠤᠨ ᠲᠤᠭ᠎ᠠ ᠨᠢ 20602 ᠲᠦᠮᠡᠨ ᠲᠥᠭᠦᠷᠢᠭ ᠳᠤ ᠬᠦᠷᠴᠠᠢ᠃    79 ᠬᠢᠨᠠᠨ ᠪᠣᠳᠣᠬᠤ ᠰᠠᠨᠠᠭᠤᠯᠭ᠎ᠠ ᠶᠢ ᠭᠥᠯᠢᠶᠡᠨ ᠠᠪᠴᠤ᠂ 3 ᠬᠡᠷᠡᠭ ᠢ ᠰᠢᠯᠵᠢᠭᠦᠯᠦᠨ ᠬᠦᠷᠭᠡᠵᠦ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 338 ᠲᠦᠮᠡᠨ ᠲᠥᠭᠦᠷᠢᠭ ᠲᠤ ᠬᠦᠷᠴᠡᠶ᠃ ᠬᠢᠨᠠᠨ ᠪᠣᠳᠣᠵᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠠᠮᠢᠶ᠎ᠠ ᠪᠦᠬᠦᠢ ᠠᠰᠠᠭᠤᠳᠠᠯ ᠤᠨ ᠪᠡᠯᠡ ᠮᠥᠩᠭᠦ 26138 ᠲᠦᠮᠡᠨ ᠲᠥᠭᠦᠷᠢᠭ᠂ ᠡᠭᠦᠨ ᠳᠤ ᠡᠳ᠋ ᠤᠨ ᠵᠠᠰᠠᠭ ᠲᠤ 800 ᠲᠦᠮᠡᠨ ᠲᠥᠭᠦᠷᠢᠭ ᠲᠤᠰᠢᠶᠠᠵᠤ᠂ ᠤᠤᠯ ᠤᠨ ᠠᠷᠭ᠎ᠠ ᠵᠠᠮ ᠤᠨ ᠪᠡᠯᠡ ᠮᠥᠩᠭᠦ ᠶᠢ 4857 ᠲᠦᠮᠡᠨ ᠲᠥᠭᠦᠷᠢᠭ ᠪᠤᠴᠠᠭᠠᠵᠤ᠂ ᠨᠢᠭᠡᠨᠲᠡ ᠳᠠᠩᠰᠠ ᠰᠢᠯᠵᠢᠭᠦᠯᠦᠨ ᠰᠢᠢᠳᠪᠦᠷᠢᠯᠡᠭᠰᠡᠨ ᠪᠡᠯᠡ ᠮᠥᠩᠭᠦ 20481 ᠲᠦᠮᠡᠨ ᠲᠥᠭᠦᠷᠢᠭ ᠪᠠᠢᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 99.76% ᠳᠤ ᠬᠦᠷᠴᠡᠢ᠃    2025 ᠣᠨ ᠳᠤ᠂ ᠮᠠᠨ ᠤ ᠲᠣᠪᠴᠢᠶ᠎ᠠ ᠨᠢ ᠬᠢᠨᠠᠨ ᠪᠣᠳᠣᠬᠤ ᠪᠠᠶᠢᠭᠤᠯᠭ᠎ᠠ ᠶᠢᠨ ︽ᠬᠥᠮᠦᠨ᠂ ᠬᠠᠤᠯᠢ᠂ ᠮᠡᠷᠭᠡᠵᠢᠯ︾ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠷᠢ ᠲᠡᠩᠴᠡᠭᠰᠡᠨ ᠬᠢᠨᠠᠨ ᠪᠣᠳᠣᠬᠤ ᠡᠩᠨᠡᠭᠡ ᠶᠢ ᠪᠠᠢᠭᠤᠯᠵᠤ᠂ ᠬᠢᠨᠠᠨ ᠪᠣᠳᠣᠬᠤ ᠲᠤᠰᠢᠶᠠᠯ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠵᠦ᠂ ᠬᠢᠨᠠᠨ ᠪᠣᠳᠣᠬᠤ ᠶᠠᠰᠤ ᠴᠢᠨᠠᠷ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠎ᠡ᠃
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号