ᠵᠢᠦ ᠶᠤᠸᠠᠨ ᠲᠣᠭᠤᠷᠢᠭ ᠤᠨ ᠳᠠᠯᠠᠨ ᠪᠤᠯᠠᠭ ᠪᠠᠯᠭᠠᠰᠤ
ᠨᠡᠶᠢᠲᠡᠯᠡᠭᠰᠡᠨ ᠴᠠᠭ᠄
2025/1/23
    ᠨᠢᠭᠡ᠂ ᠭᠤᠣᠯ ᠡᠭᠦᠷᠭᠡ ᠬᠠᠷᠢᠭᠤᠴᠠᠯᠭ᠎ᠠ    ( ᠨᠢᠭᠡ ) ᠨᠠᠮ ᠤᠨ ᠬᠥᠳᠡᠭᠡ ᠲᠣᠰᠬᠤᠨ ᠳᠠᠬᠢ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠃    ( ᠬᠤᠶᠠᠷ ) ᠠᠵᠤ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠃    ( ᠭᠤᠷᠪᠠ ) ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠪᠣᠯᠤᠨ ᠠᠮᠢ ᠠᠬᠤᠶ ᠶᠢᠨ ᠬᠠᠮᠠᠭᠠᠯᠠᠯᠲᠠ ᠶᠢ ᠲᠦᠯᠬᠢᠨ ᠠᠬᠢᠭᠤᠯᠬᠤ ᠃    ( ᠲᠦᠷᠪᠡ ) ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠨ᠂ ᠨᠡᠶᠢᠭᠡᠮ ᠤᠨ ᠡᠮᠬᠢ ᠵᠢᠷᠤᠮ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠃    ( ᠲᠠᠪᠤ ) ᠨᠡᠶᠢᠭᠡᠮ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠃    ( ᠵᠢᠷᠭᠤᠭ᠎ᠠ ) ᠲᠠᠷᠢᠶᠠᠴᠢᠳ ᠲᠤ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠬᠥᠳᠡᠭᠡ ᠲᠣᠰᠬᠤᠨ ᠤ ᠦᠯᠡᠭᠦᠦ ᠬᠥᠳᠡᠯᠮᠦᠷᠢ ᠶᠢᠨ ᠬᠦᠴᠦᠨ ᠢ ᠬᠠᠪᠰᠤᠷᠴᠤ ᠰᠢᠯᠵᠢᠭᠦᠯᠬᠦ᠃    ( ᠳᠣᠯᠤᠭ᠎ᠠ ) ᠰᠣᠶᠣᠯ ᠡᠮᠴᠢᠯᠡᠭᠡ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠦᠷᠨᠢᠭᠦᠯᠬᠦ᠃    ( ᠨᠠᠢᠮᠠ ) ᠬᠥᠳᠡᠭᠡ ᠲᠣᠰᠬᠤᠨ ᠤ ᠨᠠᠰᠤᠵᠢᠯ ᠤᠨ ᠳᠠᠭᠠᠳᠬᠠᠯ ᠪᠣᠯᠤᠨ ᠬᠤᠷᠰᠢᠭᠰᠠᠨ ᠡᠮᠨᠡᠯᠭᠡ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠲᠦᠯᠬᠢᠨ ᠠᠬᠢᠭᠤᠯᠬᠤ ᠃    ( ᠶᠢᠰᠦ ) ᠭᠠᠴᠠᠭᠠᠨ ᠤ ᠠᠷᠠᠳ ᠤᠨ ᠵᠥᠪᠯᠡᠯ ᠤᠨ ᠠᠵᠢᠯ ᠳᠠᠬᠢ ᠵᠢᠯᠤᠭᠤᠳᠤᠯᠭ᠎ᠠ ᠪᠠᠨ ᠴᠢᠩᠭᠠᠳᠬᠠᠬᠤ ᠃    ᠬᠤᠶᠠᠷ᠂ ᠳᠣᠲᠣᠭᠠᠳᠤ ᠪᠠᠶᠢᠭᠤᠯᠤᠮᠵᠢ    ᠭᠤᠣᠯ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ 9 ᠳᠣᠲᠣᠭᠠᠳᠤ ᠪᠠᠶᠢᠭᠤᠯᠤᠮᠵᠢ ᠶᠢ ᠲᠣᠭᠲᠠᠭᠠᠨ᠎ᠠ    ( ᠨᠢᠭᠡ ) ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ    1. ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠣᠯᠤᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃    2. ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠬᠡ ᠪᠢᠴᠢᠭ ᠢ ᠲᠤᠭᠤᠷᠪᠢᠬᠤ᠂ ᠬᠢᠨᠠᠨ ᠬᠠᠷᠭᠤᠭᠤᠯᠬᠤ᠂ ᠳᠠᠷᠤᠮᠠᠯᠯᠠᠨ ᠲᠠᠷᠬᠠᠭᠠᠬᠤ ᠠᠵᠢᠯ ᠢ ᠬᠠᠷᠢᠭᠤᠴᠠᠨ᠎ᠠ᠃    3. ᠴᠢᠬᠤᠯᠠ ᠬᠤᠷᠠᠯ᠂ ᠠᠯᠪᠠᠨ ᠶᠠᠪᠤᠳᠠᠯ ᠤᠨ ᠠᠵᠢᠯᠯᠠᠭ᠎ᠠ ᠶᠢ ᠪᠡᠯᠡᠳᠬᠡᠬᠦ᠂ ᠵᠣᠬᠢᠶᠠᠨ ᠪᠠᠶᠢᠭᠤᠯᠬᠤ᠂ ᠦᠢᠯᠡᠴᠢᠯᠡᠬᠦ ᠠᠵᠢᠯ ᠢ ᠬᠠᠷᠢᠭᠤᠴᠠᠨ᠎ᠠ᠃    4. ᠲᠤᠰ ᠭᠠᠵᠠᠷ ᠣᠷᠣᠨ ᠤ ᠪᠠᠨ ᠴᠢᠬᠤᠯᠠ ᠮᠡᠳᠡᠭᠡ ᠵᠠᠩᠭᠢ᠂ ᠪᠠᠶᠢᠳᠠᠯ ᠤᠨ ᠬᠥᠳᠡᠯᠦᠯ ᠢ ᠴᠤᠭᠯᠠᠭᠤᠯᠬᠤ ᠪᠠ ᠵᠠᠳᠠᠯᠬᠤ᠂ ᠡᠮᠬᠢᠯᠡᠬᠦ ᠶᠢ ᠬᠠᠷᠢᠭᠤᠴᠠᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠨ᠎ᠠ᠃    5. ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠥᠷᠳᠡᠬᠦ᠂ ᠵᠢᠯᠣᠭᠤᠳᠬᠤ᠂ ᠰᠢᠮᠳᠠᠭᠤᠯᠤᠨ ᠪᠠᠶᠢᠴᠠᠭᠠᠬᠤ ᠵᠢᠴᠢ ᠭᠠᠵᠠᠷ ᠣᠷᠣᠨ ᠤ ᠥᠭᠡᠷᠡᠴᠢᠯᠡᠯᠲᠡ ᠶᠢᠨ ᠠᠵᠢᠯ ᠤᠨ ᠨᠠᠶᠢᠳᠠᠪᠤᠷᠢᠵᠢᠭᠤᠯᠤᠯᠲᠠ᠃    6. ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠠᠵᠢᠯ ᠢ ᠡᠭᠦᠷᠭᠡᠯᠡᠵᠦ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠠᠵᠢᠯ ᠢ ᠳᠠᠭᠠᠭᠠᠨ ᠡᠷᠬᠢᠯᠡᠨ᠎ᠡ᠃    7. ᠠᠳᠠᠯᠢ ᠱᠠᠲᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂《 ᠭᠤᠷᠪᠠᠨ ᠠᠵᠢᠯ 》 ᠢ ᠢᠯᠡ ᠪᠣᠯᠭᠠᠬᠤ ᠠᠵᠢᠯ ᠵᠢᠴᠢ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠬᠠᠮᠢᠶ᠎ᠠ ᠪᠥᠬᠦᠶ ᠠᠵᠢᠯ ᠢ ᠵᠣᠬᠢᠴᠠᠭᠤᠯᠤᠨ ᠨᠢᠭᠡᠳᠦᠯᠲᠡᠶ ᠲᠥᠯᠥᠪᠵᠢᠭᠦᠯᠦᠨ᠎ᠡ᠃    8. ᠠᠵᠢᠯᠲᠠᠨ ᠤ ᠶᠠᠪᠤᠳᠠᠯ᠂ ᠳᠠᠩᠰᠠ ᠡᠪᠬᠡᠮᠡᠯ ᠵᠢᠴᠢ ᠪᠠᠶᠢᠭᠤᠯᠭ᠎ᠠ ᠶᠢᠨ ᠡᠳ᠋ ᠤᠨ ᠶᠠᠪᠤᠳᠠᠯ ᠪᠠ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃    9. ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠠᠵᠢᠯ ᠢ ᠬᠠᠷᠢᠭᠤᠴᠠᠨ ᠪᠡᠶᠡᠯᠡᠭᠦᠯᠬᠦ ᠃    ( ᠬᠤᠶᠠᠷ ) ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ    1. ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠬᠠᠷᠢᠭᠤᠴᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠨ᠎ᠠ᠃    2. ᠤᠬᠠᠭᠤᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ᠎ᠡ᠃    3. ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠵᠡᠷᠭᠡ ᠠᠵᠢᠯ ᠢ ᠬᠠᠷᠢᠭᠤᠴᠠᠨ᠎ᠠ᠃    4. ᠭᠠᠵᠠᠷ ᠣᠷᠣᠨ ᠤ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ ᠵᠢᠴᠢ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠠᠳᠠᠯᠢ ᠱᠠᠲᠤᠨ ᠤ ᠨᠠᠮ ᠤᠨ ᠬᠤᠷᠢᠶ᠎ᠠ ᠵᠢᠴᠢ ᠳᠡᠭᠡᠳᠦ ᠱᠠᠲᠤᠨ ᠤ ᠨᠠᠮ ᠤᠨ ᠬᠤᠷᠢᠶᠠᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃    ( ᠭᠤᠷᠪᠠ ) ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ    1. ᠳᠡᠭᠡᠳᠦ ᠱᠠᠲᠤᠨ ᠤ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠳ ᠤᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃    2. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃    3. ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ᠃    4 .ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃    5. ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠵᠢᠯ ᠢ ᠬᠠᠷᠢᠭᠤᠴᠠᠨ᠎ᠠ᠃    6. ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ( ᠳᠥᠷᠪᠡ ) ᠨᠡᠶᠢᠭᠡᠮ ᠤᠨ ᠶᠠᠪᠤᠳᠠᠯ ᠤᠨ ᠶᠡᠷᠦᠩᠬᠡᠶᠢᠯᠡᠭᠰᠡᠨ ᠠᠯᠪᠠᠨ ᠭᠡᠷ    1. ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ ᠪᠡᠶ᠎ᠡ ᠶᠢᠨ ᠲᠠᠮᠢᠷ᠂ ᠰᠤᠷᠭᠠᠨ ᠬᠥᠮᠦᠵᠢᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠬᠥᠳᠡᠯᠮᠦᠷᠢ ᠠᠵᠢᠯ ᠣᠯᠭᠤᠬᠤ ᠂ ᠨᠡᠶᠢᠭᠡᠮ ᠤᠨ ᠪᠠᠲᠤᠯᠠᠭ᠎ᠠ᠂ ᠬᠥᠮᠦᠨ ᠠᠮᠠ ᠶᠢᠨ ᠬᠠᠮᠢᠶᠠᠷᠤᠯᠲᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃    2. ᠠᠷᠠᠳ ᠤᠨ ᠵᠡᠪᠰᠡᠭᠲᠦ ᠬᠦᠴᠦᠨ ᠤ ᠠᠵᠢᠯ ᠢ ᠬᠠᠷᠢᠭᠤᠴᠠᠨ᠎ᠠ᠃    ( ᠲᠠᠪᠤ ) ᠠᠮᠤᠷ ᠲᠠᠶᠢᠪᠤᠩ ᠣᠨ ᠪᠥᠳᠥᠭᠡᠨ ᠪᠠᠶᠢᠭᠤᠯᠤᠯᠲᠠ ᠶᠢᠨ ᠠᠯᠪᠠᠨ ᠭᠡᠷ    1. ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃    2. ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ᠃    3. ᠲᠤᠤᠷᠴᠢᠯᠠᠯᠳᠠ ᠶᠢᠨ ᠠᠵᠢᠯ ᠢ ᠬᠠᠷᠢᠭᠤᠴᠠᠨ᠎ᠠ᠃    4. ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ( ᠵᠢᠷᠭᠤᠭ᠎ᠠ ) ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ    1. ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠪᠣᠯᠤᠨ ᠠᠶᠦᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃    2. ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ᠃    3. ᠰᠤᠮᠤ ᠪᠠᠯᠭᠠᠰᠤᠨ ᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠰᠦᠪ ᠤᠨ ᠬᠢᠨᠠᠨ ᠬᠠᠷᠭᠤᠭᠤᠯᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ᠃    4. ᠬᠠᠷᠢᠶ᠎ᠠ ᠣᠷᠣᠨ ᠤ ᠳᠣᠲᠣᠷᠠᠬᠢ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠬᠠᠷᠢᠶ᠎ᠠ ᠣᠷᠣᠨ ᠤ ᠳᠣᠲᠣᠷᠠᠬᠢ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠬᠤᠷᠢᠶᠠᠯᠠᠯ ᠤᠨ ᠲᠥᠯᠥᠪᠵᠢᠭᠦᠯᠭᠡ ᠶᠢ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠠ᠃    5. ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠭᠤᠴᠢᠨ ᠰᠠᠭᠤᠭᠠᠯᠢ ᠬᠤᠷᠢᠶᠠᠯᠠᠯ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃    6 .ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ( ᠳᠣᠯᠤᠭ᠎ᠠ ) ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ    1. ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ᠃    2. ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ᠪᠣᠯᠤᠨ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭᠲᠠᠶ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃    3. ᠴᠡᠷᠢᠭ ᠤᠨ ᠠᠯᠪᠠᠨ ᠠᠴᠠ ᠪᠠᠭᠤᠭᠰᠠᠳ ᠤᠨ ᠶᠡᠷᠦᠩᠬᠡᠶᠢᠯᠡᠭᠰᠡᠨ ᠦᠢᠯᠡᠴᠢᠯᠡᠭᠡ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠵᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃    4. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠢ ᠬᠠᠮᠵᠢᠨ ᠦᠨᠳᠦᠰᠦᠨ ᠱᠠᠲᠤᠨ ᠤ ᠪᠤᠰᠤᠳ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃    5. ᠨᠠᠮ ᠤᠨ ᠦᠨᠳᠦᠰᠦᠨ ᠱᠠᠲᠤᠨ ᠤ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠢ ᠬᠠᠮᠵᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠠ᠃    6. ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ( ᠨᠠᠢᠮᠠ ) ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ    1. ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶᠡᠨ ᠤ ᠮᠡᠷᠭᠡᠵᠢᠯ ᠣᠷᠣᠭᠤᠯᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃    2. ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠬᠠᠷᠢᠭᠤᠴᠠᠨ᠎ᠠ᠃    3. ᠲᠠᠷᠢᠶᠠᠴᠢᠨ ᠮᠠᠯᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃    4. ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠂ ᠠᠮᠢᠲᠠᠨ ᠤ ᠬᠢᠵᠢᠭ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃    5. ᠬᠥᠳᠡᠭᠡ ᠲᠣᠰᠬᠤᠨ ᠤ ᠪᠡᠯᠡ ᠮᠥᠩᠭᠦ᠂ ᠡᠳ᠋ ᠬᠦᠷᠦᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃    6. ᠭᠠᠵᠠᠷ ᠣᠷᠣᠨ ᠤ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢᠨ ᠨᠢᠭᠲᠠᠯᠠᠨ ᠪᠣᠳᠣᠬᠤ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃    7. ᠲᠠᠷᠢᠶᠠᠴᠢᠳ ᠲᠤ ᠠᠰᠢᠭ ᠬᠦᠷᠲᠡᠭᠡᠬᠦ᠂ ᠮᠠᠯᠴᠢᠳ ᠲᠤ ᠠᠰᠢᠭ ᠬᠦᠷᠲᠡᠭᠡᠬᠦ ᠰᠠᠭᠤᠷᠢ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠵᠤ᠂ ᠠᠷᠠᠳ ᠲᠤ ᠠᠰᠢᠭ ᠬᠦᠷᠲᠡᠭᠡᠬᠦ《 ᠪᠦᠬᠦᠨ ᠳᠤ ᠲᠣᠬᠢᠷᠠᠬᠤ ᠺᠠᠷᠲ 》 ᠤᠨ ᠮᠡᠳᠡᠭᠡ ᠵᠠᠩᠭᠢ ᠶᠢᠨ  ᠰᠢᠰᠲ᠋ᠧᠮ ᠢ ᠰᠢᠨᠡᠳᠬᠡᠨ᠎ᠡ᠃    8. ᠠᠷᠠᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠡᠯᠡ ᠮᠥᠩᠭᠦ ᠳᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠬᠢᠨ᠎ᠡ᠃    9. ᠭᠠᠵᠠᠷ ᠣᠷᠣᠨ ᠤ ᠲᠥᠰᠦᠪ ᠢ ᠬᠡᠷᠡᠭᠵᠢᠭᠦᠯᠬᠦ ᠪᠠ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠠᠷᠢᠭᠤᠴᠠᠨ ᠬᠠᠮᠢᠶᠠᠷᠴᠤ᠂ ᠡᠯ᠎ᠡ ᠲᠥᠷᠥᠯ ᠤᠨ ᠲᠤᠰᠬᠠᠶ ᠵᠦᠢᠯ ᠤᠨ ᠪᠡᠯᠡ ᠮᠥᠩᠭᠦ ᠶᠢ ᠪᠦᠬᠦ ᠶᠠᠪᠤᠴᠠ ᠳᠤ ᠬᠢᠨᠠᠨ ᠬᠠᠮᠢᠶᠠᠷᠤᠨ᠎ᠠ᠃    10. ᠮᠠᠯᠴᠢᠨ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠶᠢ ᠪᠦᠲᠦᠭᠡᠨ ᠪᠠᠶᠢᠭᠤᠯᠬᠤ ᠪᠠ ᠠᠵᠢᠯᠯᠠᠭᠤᠯᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    11. ᠬᠠᠷᠢᠶ᠎ᠠ ᠣᠷᠣᠨ ᠤ ᠳᠣᠲᠣᠷᠠᠬᠢ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠬᠠᠷᠢᠭᠤᠴᠠᠨ᠎ᠠ᠃    12. ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ( ᠶᠢᠰᠦ ) ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ    1. ᠰᠤᠮᠤ ᠪᠠᠯᠭᠠᠰᠤᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠤᠮᠤ ᠪᠠᠯᠭᠠᠰᠤᠨ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠪᠠ ᠣᠷᠣᠨ ᠤ ᠬᠠᠷᠢᠶ᠎ᠠ ᠰᠠᠯᠠᠭ᠎ᠠ ᠮᠥᠴᠢᠷ ᠤᠨ ᠰᠤᠮᠤ ᠪᠠᠯᠭᠠᠰᠤᠨ ᠳᠤ ᠨᠠᠶᠢᠳᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃    2. ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ᠂ ᠳᠤᠷ᠎ᠠ ᠪᠠᠷ ᠢᠶᠠᠨ ᠮᠠᠯᠲᠠᠬᠤ ᠵᠡᠷᠭᠡ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ᠃    3. ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠵᠡᠷᠭᠡ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ᠃    4. ᠪᠠᠯᠭᠠᠰᠤᠨ ᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠵᠢᠴᠢ ᠬᠥᠳᠡᠭᠡ ᠲᠣᠰᠬᠤᠨ ᠤ ᠭᠤᠤᠯ ᠵᠠᠮ ᠤᠨ ᠬᠤᠶᠠᠷ ᠲᠠᠯ᠎ᠠ ᠶᠢ ᠳᠤᠷ᠎ᠠ ᠪᠠᠷ ᠵᠣᠭᠰᠣᠭᠠᠵᠤ ᠳᠤᠷ᠎ᠠ ᠪᠠᠷ ᠲᠠᠯᠪᠢᠬᠤ᠂ ᠵᠠᠮ ᠡᠵᠡᠯᠡᠨ ᠡᠵᠡᠩᠨᠡᠬᠦ ᠵᠡᠷᠭᠡ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ᠃    5. ᠲᠤᠰ ᠵᠠᠰᠠᠭ ᠵᠠᠬᠢᠷᠭᠠᠨ ᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠭᠡᠷ ᠤᠨ ᠭᠠᠳᠠᠨᠠᠬᠢ ᠵᠠᠷ ᠮᠡᠳᠡᠭᠡ᠂ ᠳᠡᠯᠭᠡᠭᠦᠷ ᠤᠨ ᠫᠠᠶᠢᠰᠠ ᠢᠯᠡᠷᠬᠡᠶᠢᠯᠡᠯ ᠵᠡᠷᠭᠡ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ᠃    6. ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠢ ᠬᠠᠮᠵᠢᠨ ᠥᠷᠨᠢᠭᠦᠯᠦᠨ᠎ᠡ᠃    7. ᠣᠶᠢᠲᠤ ᠭᠠᠵᠠᠷ ᠤᠨ ᠭᠤᠤᠯ ᠤᠨ ᠵᠠᠮ ᠤᠨ ᠡᠳᠦᠷ ᠲᠤᠲᠤᠮ ᠤᠨ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ᠃    8. ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ᠂ ᠴᠡᠴᠡᠷᠯᠢᠭ ᠤᠨ ᠨᠣᠭᠤᠭᠠᠷᠠᠭᠤᠯᠤᠯᠲᠠ᠂  ᠬᠤᠷᠢᠶᠠᠯᠠᠯ ᠤᠨ ᠠᠳᠠᠯ ᠠᠬᠤᠶ ᠵᠡᠷᠭᠡ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ᠃    9. ᠠᠳᠠᠯᠢ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ᠵᠠᠬᠢᠳᠠᠯ ᠨᠡᠪᠲᠡᠷᠡᠬᠦ ᠬᠠᠶ᠋ᠢᠭ : ᠪᠦᠦ ᠬᠠ ᠵᠠᠰᠠᠮᠠᠯ ᠵᠠᠮ ᠪᠣᠯᠤᠨ ᠵᠤᠤ ᠨᠠᠨ ᠤ ᠶᠡᠭᠡ ᠵᠠᠮ ᠤᠨ ᠠᠭᠤᠯᠵᠠᠷ ᠵᠠᠮ ᠠᠴᠠ ᠪᠠᠷᠠᠭᠤᠨᠰᠢ 1 ᠺᠢᠯᠣᠮᠧᠲᠷ    ᠠᠵᠢᠯ ᠤᠨ ᠤᠲᠠᠰᠤ : 0472 - 6939813    ᠠᠵᠢᠯᠯᠠᠬᠤ ᠴᠠᠭ : ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ( ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ ) ᠤ ᠦᠳᠡ ᠶᠢᠨ ᠡᠮᠦᠨ᠎ᠡ 8:30 -- 12:00᠂ ᠦᠳᠡ ᠶᠢᠨ ᠬᠤᠢᠨ᠎ᠠ 14:30 -- 17:30    ᠬᠠᠷᠢᠭᠤᠴᠠᠯᠭᠠᠲᠠᠨ : ᠵᠠᠩ ᠶᠦᠨ ᠱᠧᠩ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号