ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠪᠦᠬᠦ ᠣᠷᠣᠨ ᠤ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠨᠢᠭᠡᠴᠡ ᠶᠢᠨ ᠵᠠᠬᠢᠳᠠᠯ | ᠰᠤᠷᠪᠤᠯᠵᠢᠯᠠᠯ ᠤᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ | ︵ᠬᠤᠶᠠᠷ︶ ᠳᠡᠭᠡᠳᠦ ᠱᠠᠲᠤᠨ ᠤ ᠪᠠ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ | ᠣᠷᠳᠣᠨ ᠵᠢᠴᠢ ᠤᠳᠤᠷᠢᠳᠬᠤ ᠨᠥᠬᠦᠳ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ | ᠵᠦᠢᠯᠡᠰ ᠢ ᠳᠠᠭᠠᠭᠠᠨ ᠭᠦᠢᠴᠡᠳᠬᠡᠨ᠎ᠡ᠃ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ | ᠪᠠ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠠᠷᠠᠳ ᠣᠯᠠᠨ ᠤ ᠰᠠᠨᠠᠯ ᠰᠠᠨᠠᠭᠤᠯᠭ᠎ᠠ ᠶᠢ ᠴᠤᠭᠯᠠᠭᠤᠯᠬᠤ ᠬᠡᠷᠡᠭᠲᠡᠢ᠃ | ︵ᠭᠤᠷᠪᠠ︶ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠨᠢᠭᠡᠴᠡ ᠳᠤ ᠰᠢᠯᠵᠢᠭᠦᠯᠦᠨ ᠰᠢᠢᠳᠪᠦᠷᠢᠯᠡᠬᠦ᠂ | ᠲᠤᠰᠢᠶᠠᠨ ᠰᠢᠢᠳᠪᠦᠷᠢᠯᠡᠭᠦᠯᠬᠦ ᠵᠠᠬᠢᠳᠠᠯ ᠰᠤᠷᠪᠤᠯᠵᠢᠯᠠᠯ ᠤᠨ ᠵᠦᠢᠯᠡᠰ ᠢ ᠬᠠᠷᠢᠭᠤᠴᠠᠨ᠂ ᠵᠠᠬᠢᠳᠠᠯ ᠰᠤᠷᠪᠤᠯᠵᠢᠯᠠᠯ ᠤᠨ | ᠵᠦᠢᠯ ᠢ ᠰᠢᠢᠳᠪᠦᠷᠢᠯᠡᠬᠦ ᠪᠠ ᠵᠠᠬᠢᠳᠠᠯ ᠰᠤᠷᠪᠤᠯᠵᠢᠯᠠᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠰᠢᠮᠳᠠᠭᠤᠯᠤᠨ ᠪᠠᠶᠢᠴᠠᠭᠠᠬᠤ ᠬᠡᠷᠡᠭᠲᠡᠶ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ | ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠯ ᠤᠨ ᠵᠥᠢᠯᠡᠰ ᠢ ᠵᠣᠬᠢᠴᠠᠭᠤᠯᠤᠨ | ᠰᠢᠮᠳᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃ | ︵ᠲᠦᠷᠪᠡ︶ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠳᠦᠷᠢᠮ ᠢ | ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ | ᠪᠠᠶᠢᠳᠠᠯ ᠢ ᠵᠠᠳᠠᠯᠬᠤ᠂ ᠲᠤᠷᠰᠢᠯᠭ᠎ᠠ ᠬᠢᠳᠡᠯ ᠢᠶᠠᠨ ᠳ᠋ᠦᠩᠨᠡᠬᠦ ᠶᠢ ᠬᠠᠷᠢᠭᠤᠴᠠᠵᠤ᠂ ᠲᠤᠭᠤᠷᠢᠭ ᠤᠨ ᠨᠠᠮ ᠤᠨ ᠬᠤᠷᠢᠶ᠎ᠠ᠂ | ᠲᠤᠭᠤᠷᠢᠭ ᠤᠨ ᠵᠠᠰᠠᠭ ᠤᠨ ᠣᠷᠳᠣᠨ ᠳᠤ ᠬᠤᠯᠪᠣᠭᠳᠠᠯ ᠪᠥᠬᠦᠶ ᠰᠠᠨᠠᠯ ᠪᠠ ᠰᠠᠨᠠᠭᠤᠯᠭ᠎ᠠ ᠳᠤᠷᠠᠳᠤᠨ᠎ᠠ᠃ | ︵ᠲᠠᠪᠤ︶ ᠵᠠᠬᠢᠳᠠᠯ ᠰᠤᠷᠪᠤᠯᠵᠢᠯᠠᠯ ᠤᠨ ᠥᠭᠡᠷᠡᠴᠢᠯᠡᠯᠲᠡ ᠶᠢ ᠬᠠᠷᠢᠭᠤᠴᠠᠬᠤ ᠬᠡᠷᠡᠭᠲᠡᠶ᠃ ᠵᠠᠬᠢᠳᠠᠯ | ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ᠃ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ | ᠪᠢᠴᠢᠨ᠎ᠡ᠃ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ | ︵ᠵᠢᠷᠭᠤᠭ᠎ᠠ︶ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠡᠩᠨᠡᠭᠡᠨ ᠤ ᠪᠠᠶᠢᠭᠤᠯᠤᠯᠲᠠ ᠪᠠ | ᠪᠣᠯᠪᠠᠰᠤᠷᠠᠭᠤᠯᠤᠯ ᠤᠨ ᠠᠵᠢᠯ ᠢ ᠵᠢᠯᠣᠭᠤᠳᠬᠤ ᠶᠢ ᠬᠠᠷᠢᠭᠤᠴᠠᠨ᠎ᠠ᠃ | ︵ᠳᠤᠯᠤᠭ᠎ᠠ︶ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ | ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠬᠠᠮᠲᠤᠷᠠᠭᠰᠠᠨ ᠬᠤᠷᠠᠯ ᠤᠨ ᠲᠣᠭᠲᠠᠭᠠᠭᠰᠠᠨ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠨ᠎ᠠ᠃ | ︵ᠨᠠᠢᠮᠠ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠤᠬᠠᠭᠤᠯᠬᠤ᠂ ᠮᠡᠳᠡᠭᠡ ᠵᠠᠩᠭᠢ ᠨᠡᠶᠢᠲᠡᠯᠡᠬᠦ ᠪᠠ | ᠭᠠᠳᠠᠭᠠᠳᠤ ᠲᠠᠢ ᠰᠣᠯᠢᠯᠴᠠᠬᠤ ᠶᠢ ᠵᠣᠬᠢᠴᠠᠭᠤᠯᠤᠨ᠎ᠠ᠃ | ︵ᠶᠢᠰᠦ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠳᠤᠳᠤᠭᠠᠳᠤ ᠶᠢᠨ ᠪᠠᠶᠢᠭᠤᠯᠤᠮᠵᠢ | ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ | ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ | ᠬᠤᠷᠠᠯ ᠤᠨ ᠶᠠᠪᠤᠳᠠᠯ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ᠂ ᠡᠳ᠋ ᠬᠥᠷᠥᠩᠭᠡ ᠶᠢᠨ ᠬᠠᠮᠢᠶᠠᠷᠤᠯᠲᠠ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠠᠩᠰᠠ ᠡᠪᠬᠡᠮᠡᠯ᠂ | ᠡᠳ᠋ ᠤᠨ ᠶᠠᠪᠤᠳᠠᠯ ᠵᠡᠷᠭᠡ ᠠᠵᠢᠯ ᠢ ᠡᠭᠦᠷᠭᠡᠯᠡᠨ᠎ᠡ᠃ ᠨᠠᠮ ᠤᠨ ᠪᠠᠶᠢᠭᠤᠯᠤᠯᠲᠠ᠂ ᠤᠬᠠᠭᠤᠯᠭ᠎ᠠ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠠᠵᠢᠯ ᠠᠴᠠ ᠪᠠᠨ ᠠᠮᠠᠷᠠᠭᠰᠠᠳ ᠤᠨ | ᠬᠠᠮᠢᠶᠠᠷᠤᠯᠲᠠ᠂ ᠣᠶᠤᠨ ᠤ ᠪᠣᠯᠪᠠᠰᠤᠨ ᠤ ᠪᠠᠶᠢᠭᠤᠯᠤᠯᠲᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠵᠠᠬᠢᠳᠠᠯ | ᠰᠤᠷᠪᠤᠯᠵᠢᠯᠠᠭ᠎ᠠ ᠶᠢᠨ ᠥᠭᠡᠷᠡᠴᠢᠯᠡᠯᠲᠡ᠂ ᠣᠯᠠᠨ ᠲᠦᠮᠡᠨ ᠤ ᠪᠦᠯᠬᠦᠮ᠂ ᠶᠠᠳᠠᠭᠤ ᠶᠢ ᠲᠡᠳᠬᠦᠬᠦ᠂ ᠰᠦᠯᠵᠢᠶᠡᠨ ᠤ | ᠶᠠᠷᠢᠶ᠎ᠠ ᠬᠡᠯᠡᠯᠴᠡᠭᠡᠨ ᠤ ᠮᠡᠳᠡᠭᠡ ᠵᠠᠩᠭᠢ ᠵᠡᠷᠭᠡ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠯ ᠤᠨ ᠪᠠᠶᠢᠳᠠᠯ ᠢ | ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠵᠢᠯᠣᠭᠤᠳᠬᠤ ᠰᠠᠨᠠᠯ ᠳᠤᠷᠠᠳᠬᠤ ᠬᠡᠷᠡᠭᠲᠡᠢ᠃ ᠪᠦᠬᠦ ᠲᠠᠯ᠎ᠠ ᠶᠢᠨ | ᠵᠠᠬᠢᠳᠠᠯ ᠰᠤᠷᠪᠤᠯᠵᠢᠯᠠᠯ ᠤᠨ ᠲᠤᠬᠠᠶᠢᠯᠠᠭᠰᠠᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠵᠠᠬᠢᠶ᠎ᠠ | ᠰᠤᠷᠪᠤᠯᠵᠢᠯᠠᠭ᠎ᠠ ᠶᠢᠨ ᠠᠵᠢᠯ ᠢ ᠰᠠᠶᠢᠵᠢᠷᠠᠭᠤᠯᠤᠨ ᠴᠢᠩᠭᠠᠳᠬᠠᠬᠤ ᠰᠠᠨᠠᠯ ᠰᠠᠨᠠᠭᠤᠯᠭ᠎ᠠ ᠳᠤᠷᠠᠳᠴᠤ᠃ ᠲᠤᠭᠤᠷᠢᠭ ᠤᠨ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠡᠳᠦᠷ ᠲᠤᠲᠤᠮ ᠤᠨ | ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ ᠠᠵᠢᠯ ᠢ ᠡᠭᠦᠷᠭᠡᠯᠡᠨ᠎ᠡ᠃ | ︵ᠬᠤᠶᠠᠷ︶ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠤᠨ ᠭᠡᠷ᠃ ᠠᠷᠠᠳ ᠢᠷᠭᠡᠨ᠂ | ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠲᠣᠭᠤᠷᠢᠭ ᠲᠤ ᠢᠷᠡᠬᠦ᠂ ᠬᠤᠲᠠ ᠳᠤ ᠢᠷᠡᠵᠦ | ᠰᠤᠷᠪᠤᠯᠵᠢᠯᠠᠬᠤ ᠶᠢ ᠬᠦᠯᠢᠶᠡᠨ ᠠᠪᠬᠤ ᠠᠵᠢᠯ ᠢ ᠬᠠᠷᠢᠭᠤᠴᠠᠬᠤ ᠶᠢᠨ ᠬᠠᠮᠲᠤ ᠰᠤᠷᠪᠤᠯᠵᠢᠯᠠᠬᠤ ᠪᠠᠷ ᠢᠷᠡᠭᠰᠡᠨ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ ᠬᠦᠷᠭᠡᠬᠦ᠂ ᠲᠤᠰᠢᠶᠠᠨ ᠰᠢᠢᠳᠪᠦᠷᠢᠯᠡᠭᠦᠯᠬᠦ᠂ ᠰᠢᠮᠳᠠᠭᠤᠯᠤᠨ | ᠰᠢᠢᠳᠪᠦᠷᠢᠯᠡᠭᠦᠯᠬᠦ ᠠᠵᠢᠯ ᠢ ᠪᠡᠶᠡᠯᠡᠭᠦᠯᠬᠦ ᠬᠡᠷᠡᠭᠲᠡᠶ᠃ ᠤᠳᠤᠷᠢᠳᠬᠤ ᠨᠥᠬᠦᠳ ᠰᠤᠷᠪᠤᠯᠵᠢᠯᠠᠬᠤ ᠪᠠᠷ ᠢᠷᠡᠭᠰᠡᠨ | ᠵᠦᠢᠯᠡᠰ ᠢ ᠳᠠᠭᠠᠭᠠᠨ ᠠᠪᠴᠤ ᠬᠦᠢᠴᠡᠳᠬᠡᠨ᠎ᠠ᠃ ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ | ᠮᠥᠴᠢᠷ ᠤᠨ ᠳᠠᠮᠵᠢᠭᠤᠯᠤᠨ ᠬᠦᠷᠭᠡᠬᠦ᠂ ᠲᠤᠰᠢᠶᠠᠨ ᠰᠢᠢᠳᠪᠦᠷᠢᠯᠡᠭᠦᠯᠬᠦ ᠰᠤᠷᠪᠤᠯᠵᠢᠯᠠᠯ ᠬᠢᠬᠦ ᠵᠦᠢᠯᠡᠰ ᠢ ᠬᠠᠷᠢᠭᠤᠴᠠᠨ | ᠰᠢᠢᠳᠪᠦᠷᠢᠯᠡᠨ᠎ᠡ᠃ ᠬᠤᠲᠠ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ | ᠰᠤᠷᠪᠤᠯᠵᠢᠯᠠᠭᠰᠠᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠪᠠ᠃ ᠡᠯ᠎ᠡ ᠭᠠᠵᠠᠷ | ᠣᠷᠣᠨ᠂ ᠰᠠᠯᠠᠭ᠎ᠠ ᠮᠥᠴᠢᠷ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠠᠵᠢᠯ ᠢ ᠬᠠᠷᠢᠭᠤᠴᠠᠨ ᠵᠢᠯᠣᠭᠤᠳᠤᠨ᠎ᠠ᠃ | ᠲᠣᠭᠤᠷᠢᠭ ᠤᠨ ᠨᠠᠮ ᠵᠠᠰᠠᠭ ᠤᠨ ᠠᠯᠪᠠᠯᠠᠬᠤ ᠲᠣᠭᠤᠷᠢᠭ ᠤᠨ ᠰᠤᠷᠪᠤᠯᠵᠢᠯᠠᠭ᠎ᠠ ᠳᠤ ᠬᠤᠯᠪᠣᠭᠳᠠᠭᠰᠠᠨ ᠬᠥᠮᠦᠰ ᠢ | ᠵᠣᠬᠢᠶᠠᠨ ᠪᠠᠶᠢᠭᠤᠯᠤᠨ ᠵᠣᠬᠢᠴᠠᠭᠤᠯᠵᠤ ᠬᠥᠲᠥᠯᠥᠨ ᠵᠢᠯᠣᠭᠤᠳᠴᠤ ᠪᠠᠶᠢᠭᠠᠳ ᠲᠣᠭᠲᠠᠭᠰᠠᠨ ᠲᠠᠯᠠᠪᠤᠷ ᠲᠤ | ᠠᠰᠠᠭᠤᠳᠠᠯ ᠢ ᠲᠤᠰᠬᠠᠨ᠎ᠠ᠃ ᠰᠤᠷᠪᠤᠯᠵᠢᠯᠠᠭ᠎ᠠ ᠶᠢ ᠬᠦᠯᠢᠶᠡᠨ ᠠᠪᠬᠤ ᠲᠠᠯᠠᠪᠤᠷ ᠤᠨ ᠡᠮᠬᠢ ᠵᠢᠷᠤᠮ ᠢ | ᠵᠢᠷᠤᠮᠵᠢᠭᠤᠯᠬᠤ ᠶᠢ ᠬᠠᠷᠢᠭᠤᠴᠠᠨ᠎ᠠ᠃ ᠤᠳᠤᠷᠢᠳᠬᠤ ᠺᠠᠳ᠋ᠷ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠳᠣᠷᠣᠭᠰᠢ | ᠪᠠᠭᠤᠵᠤ ᠰᠤᠷᠪᠤᠯᠵᠢᠯᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠤᠨ ᠵᠢᠯᠣᠭᠤᠳᠬᠤ ᠶᠢ | ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠲᠤᠷᠠᠨ ᠰᠤᠷᠪᠤᠯᠵᠢᠯᠠᠯ ᠬᠦᠯᠢᠶᠡᠬᠦ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠵᠤ | ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠬᠠᠤᠯᠢ ᠶᠣᠰᠣᠭᠠᠷ ᠰᠢᠢᠳᠪᠦᠷᠢᠯᠡᠨ᠎ᠡ᠃ | ᠪᠦᠷᠢᠳᠬᠡᠨ ᠵᠠᠳᠠᠯᠬᠤ ᠠᠵᠢᠯ ᠤᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠤᠨ᠎ᠠ᠃ | ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠵᠢᠥ ᠶᠤᠸᠠᠨ ᠲᠣᠭᠤᠷᠢᠭ ᠤᠨ ᠴᠢᠬᠤᠯᠠ | ᠬᠤᠷᠠᠯ ᠵᠢᠴᠢ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠪᠠᠲᠤᠯᠠᠭ᠎ᠠ ᠶᠢᠨ | ᠠᠵᠢᠯ ᠢ ᠬᠠᠷᠢᠭᠤᠴᠠᠨ᠎ᠠ᠃ | ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠵᠠᠬᠢᠳᠠᠯ | ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠵᠤ᠂ ᠬᠠᠤᠯᠢ ᠶᠣᠰᠣᠭᠠᠷ ᠱᠠᠲᠤ ᠳᠠᠷᠠᠭᠠᠯᠠᠨ | ᠰᠤᠷᠪᠤᠯᠵᠢᠯᠠᠬᠤ᠂ ᠵᠠᠷᠭᠤ ᠰᠤᠷᠪᠤᠯᠵᠢᠯᠠᠭ᠎ᠠ ᠶᠢ ᠰᠠᠯᠭᠠᠬᠤ᠂ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ | ᠱᠠᠭᠠᠷᠳᠠᠯᠭ᠎ᠠ ᠶᠢ ᠬᠠᠤᠯᠢ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ᠂ ᠬᠠᠤᠯᠢᠴᠢ ᠶᠢᠨ ᠵᠠᠬᠢᠳᠠᠯ | ᠰᠤᠷᠪᠤᠯᠵᠢᠯᠠᠭ᠎ᠠ ᠳᠤ ᠣᠷᠣᠯᠴᠠᠬᠤ ᠵᠡᠷᠭᠡ ᠠᠵᠢᠯ ᠳᠤ ᠣᠷᠣᠯᠴᠠᠬᠤ ᠶᠢ ᠵᠣᠬᠢᠴᠠᠭᠤᠯᠤᠨ ᠠᠬᠢᠭᠤᠯᠤᠨ᠎ᠠ᠃ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠵᠤ᠂ | ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠣᠷᠣᠨ ᠤ ᠵᠠᠰᠠᠭ ᠤᠨ ᠣᠷᠳᠣᠨ ᠳᠤ ᠳᠠᠪᠳᠠᠨ | ᠪᠠᠶᠢᠴᠠᠭᠠᠯᠭᠠᠵᠤ ᠳᠠᠬᠢᠨ ᠬᠢᠨᠠᠭᠤᠯᠬᠤ ᠵᠠᠬᠢᠳᠠᠯ ᠰᠤᠷᠪᠤᠯᠵᠢᠯᠠᠯ ᠤᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠶᠢ | ᠬᠠᠷᠢᠭᠤᠴᠠᠨ᠎ᠠ᠃ ᠣᠷᠣᠨ ᠤ ᠵᠠᠰᠠᠭ ᠤᠨ ᠣᠷᠳᠣᠨ ᠤ ᠵᠠᠬᠢᠳᠠᠯ ᠰᠤᠷᠪᠤᠯᠵᠢᠯᠠᠯ ᠤᠨ ᠳᠠᠪᠳᠠᠨ ᠪᠠᠶᠢᠴᠠᠭᠠᠵᠤ ᠳᠠᠬᠢᠨ | ᠬᠢᠨᠠᠬᠤ ᠠᠵᠢᠯ ᠤᠨ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠳᠡᠭᠡᠳᠦ | ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠨ ᠰᠢᠢᠳᠪᠦᠷᠢᠯᠡᠭᠦᠯᠦᠭᠰᠡᠨ ᠬᠤᠯᠪᠣᠭᠳᠠᠯ | ᠪᠦᠬᠦᠢ ᠳᠠᠪᠳᠠᠨ ᠪᠠᠶᠢᠴᠠᠭᠠᠵᠤ ᠳᠠᠬᠢᠨ ᠬᠢᠨᠠᠬᠤ ᠵᠠᠬᠢᠳᠠᠯ ᠰᠣᠷᠪᠣᠯᠵᠢᠯᠠᠯ ᠤᠨ ᠵᠦᠢᠯᠡᠰ ᠢ ᠭᠦᠢᠴᠡᠳᠭᠡᠬᠦ ᠠᠵᠢᠯ ᠢ | ᠬᠠᠷᠢᠭᠤᠴᠠᠨ᠎ᠠ᠃ | ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠨᠢᠭᠡᠴᠢ ᠶᠢᠨ ᠲᠥᠪ᠂ ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠲᠠ ᠪᠣᠯᠤᠨ ᠵᠢᠥ ᠶᠤᠸᠠᠨ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠭᠰᠠᠨ᠂ ᠵᠠᠬᠢᠳᠠᠯ ᠰᠤᠷᠪᠤᠯᠵᠢᠯᠠᠯ ᠤᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ | ᠬᠠᠷᠢᠭᠤᠴᠠᠨ᠎ᠠ᠃ ᠪᠤᠳᠤᠯᠢᠶᠠᠨᠲᠠᠶ ᠲᠦᠪᠡᠭᠲᠡᠶ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠮᠳᠠᠭᠤᠯᠤᠨ ᠪᠠᠶᠢᠴᠠᠭᠠᠵᠤ | ᠰᠢᠮᠳᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃ ᠪᠦᠬᠦ ᠣᠷᠣᠨ ᠤ ᠪᠡᠭᠡᠵᠢᠩ ᠳᠤ ᠣᠴᠢᠬᠤ᠂ ᠣᠷᠣᠨ ᠳᠤ | ᠣᠴᠢᠬᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠵᠡᠷᠭᠡ ᠠᠵᠢᠯ ᠢ ᠬᠠᠷᠢᠭᠤᠴᠠᠨ᠎ᠠ᠃ ᠤᠳᠤᠷᠢᠳᠤᠯᠭ᠎ᠠ ᠬᠡᠷᠡᠭ | ᠳᠠᠭᠠᠭᠠᠴᠢᠯᠠᠬᠤ ᠠᠵᠢᠯ ᠢ ᠬᠠᠷᠢᠭᠤᠴᠠᠨ᠎ᠠ᠃ ᠬᠤᠲᠠ ᠶᠢᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠨᠥᠭᠡᠴᠡ | ᠮᠥᠩᠭᠦ᠂ ᠣᠨᠴᠠᠭᠠᠶ ᠬᠦᠴᠢᠷ ᠲᠦᠪᠡᠭᠲᠡᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠪᠠᠯᠠ ᠮᠥᠩᠭᠦ ᠶᠢ | ᠭᠤᠶᠤᠴᠢᠯᠠᠨ ᠮᠡᠳᠡᠭᠦᠯᠵᠦ ᠬᠡᠷᠡᠭᠯᠡᠬᠦ ᠶᠢ ᠬᠠᠷᠢᠭᠤᠴᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ | ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠠᠬᠢᠳᠠᠯ ᠰᠤᠷᠪᠤᠯᠵᠢᠯᠠᠯ ᠤᠨ ᠵᠥᠢᠯᠡᠰ ᠢ ᠵᠣᠬᠢᠴᠠᠭᠤᠯᠤᠨ | ᠰᠢᠮᠳᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠠᠯᠲᠠᠲᠤ | ᠬᠠᠮᠢᠶᠠᠷᠤᠯᠲᠠ ᠶᠢᠨ ᠬᠢᠨᠠᠨ ᠰᠢᠯᠭᠠᠬᠤ ᠶᠢ ᠡᠭᠦᠷᠭᠡᠯᠡᠨ᠎ᠡ᠃ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠵᠢᠭᠰᠠᠭᠠᠨ | ᠪᠠᠶᠢᠴᠠᠭᠠᠵᠤ ᠠᠷᠢᠯᠭᠠᠬᠤ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠠᠵᠢᠯ ᠢᠶᠠᠨ ᠬᠠᠯᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ | ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠰᠠᠬᠢᠯᠭ᠎ᠠ ᠪᠠᠲᠤ ᠠᠴᠠ ᠵᠥᠷᠢᠴᠡᠭᠰᠡᠨ ᠬᠠᠷᠢᠭᠤᠴᠠᠯᠭ᠎ᠠ ᠨᠡᠬᠡᠮᠵᠢᠯᠡᠬᠦ ᠰᠠᠨᠠᠯ | ᠰᠠᠨᠠᠭᠤᠯᠭ᠎ᠠ ᠶᠢ ᠳᠤᠷᠠᠳᠴᠠᠢ᠃ | ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠵᠠᠬᠢᠳᠠᠯ᠂ ᠰᠦᠯᠵᠢᠶ᠎ᠡ᠂ | ᠳ᠋ᠢᠶᠠᠩᠬᠤᠸᠠ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠳᠤᠷᠠᠳᠤᠭᠰᠠᠨ ᠵᠠᠬᠢᠳᠠᠯ ᠰᠤᠷᠪᠤᠯᠵᠢᠯᠠᠯ ᠤᠨ ᠵᠦᠢᠯ ᠢ | ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ | ᠪᠣᠯᠤᠨ ᠨᠢᠭᠡᠴᠡ ᠳᠤ ᠰᠢᠯᠵᠢᠭᠦᠯᠦᠨ ᠬᠦᠷᠭᠡᠬᠦ᠂ ᠲᠤᠰᠢᠶᠠᠨ ᠭᠦᠢᠴᠡᠳᠬᠡᠯᠭᠡᠬᠦ᠂ ᠰᠢᠮᠳᠠᠭᠤᠯᠤᠨ ᠰᠢᠢᠳᠪᠦᠷᠢᠯᠡᠭᠦᠯᠬᠦ | ᠬᠡᠷᠡᠭᠲᠡᠶ᠃ ᠳᠡᠭᠡᠳᠦ ᠱᠠᠲᠤ ᠪᠣᠯᠤᠨ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠤᠳᠤᠷᠢᠳᠬᠤ | ᠨᠥᠬᠦᠳ ᠤᠨ ᠴᠣᠬᠤᠯᠠᠪᠤᠷᠢᠯᠠᠭᠰᠠᠨ ᠵᠠᠬᠢᠳᠠᠯ ᠢᠯᠡᠭᠡᠬᠦ ᠶᠠᠪᠤᠳᠠᠯ ᠢ ᠳᠠᠭᠠᠭᠠᠨ ᠭᠦᠢᠴᠡᠳᠬᠡᠨ᠎ᠡ᠃ ᠳᠡᠭᠡᠳᠦ ᠱᠠᠲᠤᠨ ᠤ | ᠪᠠᠶᠢᠭᠤᠯᠤᠮᠵᠢ ᠶᠢᠨ ᠳᠠᠮᠵᠢᠭᠤᠯᠤᠨ ᠬᠦᠷᠭᠡᠬᠦ᠂ ᠲᠤᠰᠢᠶᠠᠨ ᠭᠦᠢᠴᠡᠳᠬᠡᠯᠭᠡᠬᠦ᠂ ᠰᠢᠮᠳᠠᠭᠤᠯᠤᠨ ᠭᠦᠢᠴᠡᠳᠬᠡᠯᠭᠡᠬᠦ | ᠵᠠᠬᠢᠳᠠᠯ᠂ ᠰᠦᠯᠵᠢᠶ᠎ᠡ᠂ ᠳ᠋ᠢᠶᠠᠩᠬᠤᠸᠠ ᠵᠦᠢᠯᠡᠰ ᠢ ᠳᠠᠭᠠᠭᠠᠨ ᠠᠪᠴᠤ ᠭᠦᠢᠴᠡᠳᠬᠡᠨ᠎ᠡ᠃ ᠢᠷᠡᠭᠦᠯᠦᠭᠰᠡᠨ ᠵᠠᠬᠢᠳᠠᠯ᠂ | ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠪᠦᠷᠢᠳᠬᠡᠨ ᠵᠠᠳᠠᠯᠬᠤ ᠶᠢᠨ ᠬᠠᠮᠲᠤ ᠰᠠᠨᠠᠯ ᠰᠠᠨᠠᠭᠤᠯᠭ᠎ᠠ | ᠳᠤᠷᠠᠳᠪᠠ᠃ ᠠᠷᠠᠳ ᠢᠷᠭᠡᠨ ᠪᠣᠯᠤᠨ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ | ᠳᠤᠷᠠᠳᠤᠭᠰᠠᠨ ᠰᠠᠨᠠᠯ ᠪᠣᠯᠤᠨ ᠰᠠᠨᠠᠭᠤᠯᠭ᠎ᠠ ᠶᠢ ᠴᠤᠭᠯᠠᠭᠤᠯᠵᠤ᠂ ᠰᠢᠢᠳᠪᠦᠷᠢᠯᠡᠵᠦ᠂ ᠰᠤᠳᠤᠯᠵᠤ᠂ ᠮᠡᠳᠡᠭᠦᠯᠵᠦ᠃ | ᠠᠷᠠᠳ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠨ ᠯᠠᠪᠯᠠᠬᠤ | ᠤᠲᠠᠰᠤᠨ ᠤ ᠠᠵᠢᠯ ᠢ ᠡᠭᠦᠷᠭᠡᠯᠡᠨ᠎ᠡ᠃ ᠪᠥᠬᠦ ᠣᠷᠣᠨ ᠤ ᠡᠯ᠎ᠡ ᠭᠠᠵᠠᠷ ᠣᠷᠣᠨ᠂ ᠰᠠᠯᠠᠭ᠎ᠠ ᠮᠥᠴᠢᠷ ᠪᠣᠯᠤᠨ | ᠨᠢᠭᠡᠴᠢ ᠶᠢᠨ ᠰᠤᠷᠪᠤᠯᠵᠢᠯᠠᠯ ᠢ ᠭᠥᠯᠢᠶᠡᠨ ᠠᠪᠬᠤ᠂ ᠳᠠᠬᠢᠨ ᠪᠠᠶᠢᠴᠠᠭᠠᠵᠤ ᠳᠠᠬᠢᠨ ᠬᠢᠨᠠᠬᠤ᠂ ᠰᠢᠮᠳᠠᠭᠤᠯᠤᠨ | ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠵᠠᠬᠢᠳᠠᠯ ᠭᠦᠢᠴᠡᠳᠬᠡᠬᠦ᠂ ᠰᠦᠯᠵᠢᠶ᠎ᠡ ᠪᠠ ᠤᠲᠠᠰᠤ ᠢᠷᠡᠭᠰᠡᠨ ᠵᠠᠬᠢᠳᠠᠯ | ᠰᠤᠷᠪᠤᠯᠵᠢᠯᠠᠯ ᠢ ᠭᠦᠢᠴᠡᠳᠬᠡᠬᠦ ᠠᠵᠢᠯ ᠢ ᠵᠢᠯᠣᠭᠤᠳᠤᠨ ᠪᠠᠶᠢᠴᠠᠭᠠᠪᠠ᠃ | ᠴᠢᠮᠡᠭᠡ ᠨᠡᠪᠲᠡᠷᠡᠯᠭᠡ᠄ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠰᠢᠷ᠎ᠠ ᠨᠣᠷ᠎ᠠ ᠵᠡᠭᠡᠯᠢ | ᠭᠤᠳᠤᠮᠵᠢ ᠶᠢᠨ ᠲᠠᠯᠠᠪᠠᠢ ᠶᠢᠨ ᠵᠡᠭᠡᠯᠢ ᠶᠢᠨ ᠨᠠᠮ ᠵᠠᠰᠠᠭ ᠤᠨ ᠲᠣᠮᠣ ᠠᠰᠠᠷ ᠤᠨ ᠪᠠᠷᠠᠭᠤᠨ ᠳᠡᠳ᠋ ᠠᠰᠠᠷ ᠤᠨ 111 | ᠠᠯᠪᠠᠨ ᠭᠡᠷ | ᠠᠵᠢᠯ ᠤᠨ ᠤᠲᠠᠰᠤ᠄ 0472 - 6938518 | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ | ᠬᠤᠶᠢᠨᠠᠬᠢ 14᠄ 30-17᠄ 30 | ᠬᠠᠷᠢᠭᠤᠴᠠᠯᠭ᠎ᠠ ᠡᠭᠦᠷᠭᠡᠯᠡᠭᠴᠢ᠄ ᠹᠧᠩ ᠶᠠᠨ ᠵᠠᠩ | | | | | | | | |