ᠵᠢᠦ ᠶᠤᠸᠠᠨ ᠲᠣᠭᠤᠷᠢᠭ ᠤᠨ ᠠᠭᠠᠷᠤᠲᠠᠢ ᠰᠤᠮᠤ
ᠨᠡᠶᠢᠲᠡᠯᠡᠭᠰᠡᠨ ᠴᠠᠭ᠄
2025/1/24
    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠮᠠᠯᠵᠢᠬᠤ ᠣᠷᠣᠨ ᠳᠤ ᠨᠠᠮ ᠤᠨ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠶ᠃    ︵ᠬᠤᠶᠠᠷ︶ ᠠᠵᠤ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠶ᠃    ︵ᠭᠤᠷᠪᠠ︶ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠪᠠ ᠠᠮᠢ ᠠᠬᠤᠶ ᠶᠢᠨ ᠬᠠᠮᠠᠭᠠᠯᠠᠯᠲᠠ ᠶᠢ ᠲᠦᠯᠬᠢᠨ ᠠᠬᠢᠭᠤᠯᠤᠨ᠎ᠠ᠃    ︵ᠲᠦᠷᠪᠡ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠵᠤ᠂ ᠨᠡᠶᠢᠭᠡᠮ ᠤᠨ ᠡᠮᠬᠢ ᠳᠢᠭᠯᠢᠮ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃    ︵ᠲᠠᠪᠤ︶ ᠨᠡᠶᠢᠭᠡᠮ ᠤᠨ ᠡᠳ᠋ ᠤᠨ ᠵᠠᠰᠠᠭ ᠤᠨ ᠵᠣᠬᠢᠶᠠᠨ ᠪᠠᠶᠢᠭᠤᠯᠤᠯᠲᠠ ᠪᠣᠯᠤᠨ ᠮᠠᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠃    ︵ᠵᠢᠷᠭᠤᠭ᠎ᠠ︶ ᠮᠠᠯᠴᠢᠳ ᠲᠤ ᠮᠡᠳᠡᠭᠡ ᠵᠠᠩᠭᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠬᠠᠩᠭᠠᠵᠤ᠂ ᠮᠠᠯᠵᠢᠬᠤ ᠣᠷᠣᠨ ᠤ ᠨᠡᠮᠡᠭᠦᠦ ᠬᠥᠳᠡᠯᠮᠦᠷᠢ ᠶᠢᠨ ᠬᠦᠴᠦᠨ ᠢ ᠬᠠᠪᠰᠤᠷᠤᠨ ᠰᠢᠯᠵᠢᠭᠦᠯᠦᠨ᠎ᠡ᠃    ︵ᠳᠤᠯᠤᠭ᠎ᠠ︶ ᠰᠣᠶᠣᠯ ᠡᠮᠴᠢᠯᠡᠭᠡ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ ᠥᠷᠨᠢᠭᠦᠯᠦᠨ᠎ᠡ᠃    ︵ᠨᠠᠢᠮᠠ︶ ᠮᠠᠯᠵᠢᠬᠤ ᠣᠷᠣᠨ ᠤ ᠨᠠᠰᠤᠵᠢᠯ ᠤᠨ ᠳᠠᠭᠠᠳᠬᠠᠯ ᠪᠣᠯᠤᠨ ᠬᠤᠷᠰᠢᠭᠰᠠᠨ ᠡᠮ ᠡᠮᠨᠡᠯᠭᠡ ᠵᠡᠷᠭᠡ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠠᠬᠢᠭᠤᠯᠵᠤ᠃    ︵ᠶᠢᠰᠦ︶ ᠭᠠᠴᠠᠬᠠᠨ ᠤ ᠵᠥᠪᠯᠡᠯ ᠳᠤ ᠵᠢᠯᠣᠭᠤᠳᠬᠤ ᠪᠠᠨ ᠴᠢᠩᠭᠠᠳᠬᠠᠬᠤ᠃    ᠬᠤᠶᠠᠷ᠂ ᠳᠤᠳᠤᠭᠠᠳᠤ ᠶᠢᠨ ᠪᠠᠶᠢᠭᠤᠯᠤᠮᠵᠢ    ᠭᠤᠤᠯ ᠳᠤᠰᠢᠶᠠᠯ ᠬᠠᠷᠢᠭᠤᠴᠠᠯᠭ᠎ᠠ ᠶᠢ ᠦᠨᠳᠦᠰᠦᠯᠡᠨ 8 ᠳᠤᠳᠤᠭᠠᠳᠤ ᠶᠢᠨ ᠪᠠᠶᠢᠭᠤᠯᠤᠮᠵᠢ ᠳᠤᠭᠳᠠᠭᠠᠪᠠ    ︵ᠨᠢᠭᠡ︶ ᠨᠠᠮ ᠵᠠᠰᠠᠭ ᠤᠨ ᠶᠡᠷᠥᠩᠬᠡᠶᠢᠯᠡᠭᠰᠡᠨ ᠠᠯᠪᠠᠨ ᠭᠡᠷ    ᠭᠤᠣᠯ ᠡᠭᠦᠷᠭᠡ ᠬᠠᠷᠢᠭᠤᠴᠠᠯᠭ᠎ᠠ᠄ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠬᠡ ᠪᠢᠴᠢᠭ ᠢ ᠲᠤᠭᠤᠷᠪᠢᠬᠤ᠂ ᠬᠢᠨᠠᠨ ᠬᠠᠷᠭᠤᠭᠤᠯᠬᠤ᠂ ᠳᠠᠷᠤᠮᠠᠯᠯᠠᠨ ᠲᠠᠷᠬᠠᠭᠠᠬᠤ ᠶᠢ ᠬᠠᠷᠢᠭᠤᠴᠠᠨ᠎ᠠ︔ ᠴᠢᠬᠤᠯᠠ ᠬᠤᠷᠠᠯ᠂ ᠠᠯᠪᠠᠨ ᠶᠠᠪᠤᠳᠠᠯ ᠤᠨ ᠠᠵᠢᠯᠯᠠᠭ᠎ᠠ ᠶᠢ ᠪᠡᠯᠡᠳᠬᠡᠬᠦ᠂ ᠵᠣᠬᠢᠶᠠᠨ ᠪᠠᠶᠢᠭᠤᠯᠬᠤ᠂ ᠦᠢᠯᠡᠴᠢᠯᠡᠬᠦ ᠠᠵᠢᠯ ᠢ ᠬᠠᠷᠢᠭᠤᠴᠠᠨ᠎ᠠ︔ ᠴᠢᠬᠤᠯᠠ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ᠂ ᠡᠮᠬᠢᠯᠡᠬᠦ᠂ ᠲᠢᠭᠯᠡᠬᠦ ᠪᠠ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠶᠢ ᠬᠠᠷᠢᠭᠤᠴᠠᠨ᠎ᠠ︔ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠥᠷᠳᠡᠬᠦ᠂ ᠵᠢᠯᠣᠭᠤᠳᠬᠤ᠂ ᠰᠢᠮᠳᠠᠭᠤᠯᠤᠨ ᠪᠠᠶᠢᠴᠠᠭᠠᠬᠤ ᠵᠢᠴᠢ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠠᠳᠠᠯᠢ ᠱᠠᠲᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠠᠷᠠᠳ ᠤᠨ ᠰᠠᠨᠠᠭᠤᠯᠭ᠎ᠠ ᠡᠯᠰᠡᠬᠦ ᠠᠵᠢᠯ ᠢ ᠬᠠᠷᠢᠭᠤᠴᠠᠨ᠎ᠠ︔ ᠡᠯᠧᠺᠲᠷᠣᠨ ᠵᠠᠰᠠᠭ ᠤᠨ ᠶᠠᠪᠤᠳᠠᠯ ᠵᠢᠴᠢ ᠪᠠᠶᠢᠭᠤᠯᠭ᠎ᠠ ᠶᠢᠨ ᠡᠳ᠋ ᠤᠨ ᠶᠠᠪᠤᠳᠠᠯ ᠪᠠ ᠪᠠᠶᠢᠭᠤᠯᠭ᠎ᠠ ᠶᠢᠨ ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃    ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠢᠭᠤᠯᠤᠯᠲᠠ ᠶᠢᠨ ᠠᠯᠪᠠᠨ ᠭᠡᠷ    ᠭᠤᠣᠯ ᠡᠭᠦᠷᠭᠡ ᠬᠠᠷᠢᠭᠤᠴᠠᠯᠭ᠎ᠠ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠬᠠᠷᠢᠭᠤᠴᠠᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ︔ ᠤᠬᠠᠭᠤᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠢᠴᠢ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠨᠠᠰᠤᠲᠠᠶᠢᠴᠤᠳ ᠤᠨ ᠵᠥᠪᠯᠡᠯ ᠤᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠬᠥᠮᠦᠨ ᠠᠮᠠ ᠶᠢᠨ ᠬᠠᠮᠢᠶᠠᠷᠤᠯᠲᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ︔ ᠠᠷᠠᠳ ᠤᠨ ᠵᠡᠪᠰᠡᠭᠲᠦ ᠬᠦᠴᠦᠨ ᠤ ᠠᠵᠢᠯ ᠢ ᠬᠠᠷᠢᠭᠤᠴᠠᠨ᠎ᠠ︔ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠨᠠᠮ ᠤᠨ ᠬᠤᠷᠢᠶᠠᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ᠎ᠠ᠃    ︵ᠭᠤᠷᠪᠠ︶ ᠨᠡᠶᠢᠭᠡᠮ ᠤᠨ ᠵᠠᠰᠠᠯᠲᠠ ᠶᠢᠨ ᠠᠯᠪᠠᠨ ᠭᠡᠷ ︵ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠯᠪᠠᠨ ᠭᠡᠷ ᠤᠨ ᠫᠠᠶᠢᠰᠠ︶    ᠭᠤᠣᠯ ᠡᠭᠦᠷᠭᠡ ᠬᠠᠷᠢᠭᠤᠴᠠᠯᠭ᠎ᠠ᠄ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠥᠬᠦᠶ ᠠᠮᠤᠷ ᠲᠦᠪᠰᠢᠨ ᠤ ᠰᠠᠶᠢᠨ ᠨᠥᠬᠦᠴᠡᠯᠳᠦᠯ ᠢ ᠪᠡᠶᠡᠯᠡᠭᠦᠯᠦᠨ᠎ᠡ︔ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠵᠤ᠂ ᠠᠶᠤᠯ ᠦᠭᠡᠢ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠭᠠᠯ ᠤᠨᠲᠠᠷᠠᠭᠠᠬᠤ ᠠᠮᠤᠷ ᠲᠦᠪᠰᠢᠨ᠂ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠬᠠᠮᠵᠢᠨ ᠰᠠᠶᠢᠲᠤᠷ ᠬᠢᠨ᠎ᠡ︔ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠠᠬᠢᠭᠤᠯᠤᠨ᠎ᠠ︔ ᠦᠨᠳᠦᠰᠦᠨ ᠱᠠᠲᠤᠨ ᠤ ᠵᠠᠰᠠᠯᠲᠠ ᠪᠠ ᠲᠣᠣᠷᠵᠢᠯ ᠤᠨ ᠠᠵᠢᠯ ᠢ ᠬᠠᠷᠢᠭᠤᠴᠠᠨ᠎ᠠ︔ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ︔ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠬᠠᠷᠢᠭᠤᠴᠠᠨ᠎ᠠ︔ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃    ︵ᠲᠦᠷᠪᠡ︶ ᠠᠵᠤ ᠠᠬᠤᠢ ᠶᠢᠨ ᠬᠥᠭᠵᠢᠯᠲᠡ ᠪᠠ ᠪᠦᠲᠦᠭᠡᠨ ᠪᠠᠢᠭᠤᠯᠤᠯᠲᠠ ᠶᠢᠨ ᠠᠯᠪᠠᠨ ᠭᠡᠷ    ᠭᠤᠣᠯ ᠡᠭᠦᠷᠭᠡ ᠬᠠᠷᠢᠭᠤᠴᠠᠯᠭ᠎ᠠ᠄ ᠳᠡᠭᠡᠳᠦ ᠱᠠᠲᠤᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠷᠢᠶ᠎ᠠ ᠣᠷᠣᠨ ᠤ ᠳᠣᠲᠣᠷᠠᠬᠢ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠣᠯᠤᠨ ᠬᠠᠷᠢᠶ᠎ᠠ ᠣᠷᠣᠨ ᠤ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠵᠢᠵᠢᠭ ᠲᠣᠭᠤᠷᠢᠭ ᠤᠨ ᠲᠥᠯᠥᠪᠵᠢᠭᠦᠯᠭᠡ ᠶᠢ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠠ︔ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠭᠤᠴᠢᠨ ᠵᠢᠵᠢᠭ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠠ︔ ᠭᠠᠵᠠᠷ ᠰᠢᠷᠣᠶ᠂ ᠭᠡᠷ ᠪᠠᠶᠢᠰᠢᠩ ᠲᠠᠲᠠᠪᠤᠷᠢᠯᠠᠬᠤ ᠪᠠ ᠨᠥᠬᠦᠪᠥᠷᠢ ᠥᠭᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠥᠪᠡᠷᠲᠡᠭᠡᠨ ᠪᠠᠷᠢᠭᠰᠠᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠢᠴᠢ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠬᠠᠷᠢᠭᠤᠴᠠᠨ ᠰᠠᠶᠢᠲᠤᠷ ᠬᠢᠨ᠎ᠠ︔ ᠲᠠᠷᠢᠶᠠᠨ ᠭᠠᠵᠠᠷ ᠤᠨ ᠬᠡᠷᠡᠭᠴᠡᠭᠡ ᠶᠢᠨ ᠬᠠᠮᠢᠶᠠᠷᠤᠯᠲᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠡᠯᠡᠳᠬᠡᠮᠵᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ᠎ᠠ︔ ᠭᠤᠣᠯ ︵ᠨᠠᠭᠤᠷ︶ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ᠂ ᠣᠶ ᠰᠢᠭᠤᠶ ︵ᠡᠪᠡᠰᠦ︶ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠬᠠᠷᠢᠭᠤᠴᠠᠨ ᠨᠠᠶᠢᠳᠠᠪᠤᠷᠢᠵᠢᠭᠤᠯᠤᠨ᠎ᠠ︔ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠠᠮᠢᠳᠤᠷᠠᠯ ᠳᠤ ᠬᠡᠷᠡᠭᠯᠡᠬᠦ ᠤᠰᠤ ᠴᠠᠬᠢᠯᠭᠠᠨ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠲᠤᠭ᠎ᠠ ᠪᠦᠷᠢᠳᠬᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ ᠪᠡᠶᠡᠯᠡᠭᠦᠯᠦᠨ᠎ᠡ᠃       ︵ᠲᠠᠪᠤ︶ ᠠᠭᠠᠷᠤᠲᠠᠢ ᠰᠤᠮᠤ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠫᠠᠶᠢᠰᠠ︶    ᠭᠤᠤᠯ ᠡᠭᠦᠷᠭᠡ ᠬᠠᠷᠢᠭᠤᠴᠠᠯᠭ᠎ᠠ᠄ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠪᠠ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠴᠡᠷᠢᠭ ᠠᠴᠠ ᠬᠠᠯᠠᠭᠳᠠᠭᠰᠠᠳ ᠤᠨ ᠶᠡᠷᠦᠩᠬᠡᠶᠢᠯᠡᠭᠰᠡᠨ ᠦᠢᠯᠡᠴᠢᠯᠡᠭᠡ᠂ ᠡᠷᠬᠡ ᠠᠰᠢᠭ ᠤᠨ ᠪᠠᠲᠤᠯᠠᠭ᠎ᠠ ᠵᠡᠷᠭᠡ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠵᠦ᠂ ᠴᠡᠷᠢᠭ ᠢ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠢ ᠬᠠᠮᠵᠢᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠬᠥᠮᠦᠨ ᠠᠮᠠ ᠶᠢᠨ ᠬᠠᠮᠢᠶᠠᠷᠤᠯᠲᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ᠂ ᠠᠷᠠᠳ ᠤᠨ ᠵᠡᠪᠰᠡᠭᠲᠦ ᠬᠦᠴᠦᠨ ᠤ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ︵ᠵᠢᠷᠭᠤᠭ᠎ᠠ︶ ᠠᠭᠠᠷᠤᠲᠠᠢ ᠰᠤᠮᠤᠨ ᠤ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ    ᠭᠤᠣᠯ ᠡᠭᠦᠷᠭᠡ ᠬᠠᠷᠢᠭᠤᠴᠠᠯᠭ᠎ᠠ᠄ ᠰᠤᠮᠤ ᠶᠢᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠰᠤᠮᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠪᠠ ᠲᠣᠭᠤᠷᠢᠭ ᠤᠨ ᠬᠠᠷᠢᠶ᠎ᠠ ᠰᠠᠯᠠᠭ᠎ᠠ ᠮᠥᠴᠢᠷ ᠲᠤ ᠨᠠᠶᠢᠳᠠᠵᠤ ᠰᠤᠮᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ︔ ᠳᠤᠷ᠎ᠠ ᠪᠠᠷ ᠢᠶᠠᠨ ᠪᠠᠶᠢᠭᠤᠯᠬᠤ᠂ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ᠂ ᠳᠤᠷ᠎ᠠ ᠪᠠᠷ ᠢᠶᠠᠨ ᠮᠠᠯᠲᠠᠵᠤ ᠳᠤᠷ᠎ᠠ ᠪᠠᠷ ᠢᠶᠠᠨ ᠮᠠᠯᠲᠠᠬᠤ ᠵᠡᠷᠭᠡ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠵᠡᠷᠭᠡ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ︔ ᠰᠤᠮᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠵᠢᠴᠢ ᠬᠥᠳᠡᠭᠡ ᠲᠣᠰᠬᠤᠨ ᠤ ᠭᠤᠤᠯ ᠵᠠᠮ ᠤᠨ ᠬᠤᠶᠠᠷ ᠬᠠᠵᠠᠭᠤ ᠶᠢᠨ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠵᠠᠮ ᠡᠵᠡᠯᠡᠨ ᠡᠵᠡᠩᠨᠡᠬᠦ ᠵᠡᠷᠭᠡ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ︔ ᠣᠶᠢᠲᠤ ᠭᠠᠵᠠᠷ ᠡᠪᠡᠰᠦ ᠪᠡᠯᠴᠢᠭᠡᠷ ᠪᠠ ᠭᠤᠣᠯ ᠤᠨ ᠵᠠᠮ ᠤᠨ ᠡᠳᠦᠷ ᠲᠤᠲᠤᠮ ᠤᠨ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ᠃    ︵ᠳᠤᠯᠤᠭ᠎ᠠ︶ ᠠᠭᠠᠷᠤᠲᠠᠢ ᠰᠤᠮᠤ ᠶᠢᠨ ᠶᠡᠷᠦᠩᠬᠡᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ    ᠭᠤᠤᠯ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠨ ᠳᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ︔ ᠬᠥᠳᠡᠭᠡ ᠲᠣᠰᠬᠤᠨ ᠤ ︽ᠪᠡᠯᠡ ᠮᠥᠩᠭᠦ᠂ ᠡᠳ᠋ ᠬᠥᠷᠥᠩᠭᠡ᠂ ᠰᠠᠭᠤᠷᠢ ᠮᠡᠳᠡᠭᠡ ᠵᠠᠩᠭᠢ ᠶᠢ ᠨᠢᠭᠲᠠᠯᠠᠨ ᠪᠤᠳᠤᠵᠤ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠰᠠᠭᠤᠷᠢ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠵᠤ᠂ ᠠᠷᠠᠳ ᠲᠤ ᠠᠰᠢᠭ ᠬᠦᠷᠲᠡᠭᠡᠬᠦ ︽ᠪᠦᠷᠢᠨ ᠴᠢᠳᠠᠮᠵᠢᠲᠤ ᠺᠠᠷᠲ︾ ᠤᠨ ᠮᠡᠳᠡᠭᠡ ᠵᠠᠩᠭᠢ ᠶᠢᠨ ᠰᠢᠰᠲ᠋ᠧᠮ ᠢ ᠰᠢᠨᠡᠳᠬᠡᠬᠦ ᠶᠢ ᠬᠠᠷᠢᠭᠤᠴᠠᠨ᠎ᠠ︔ ᠲᠥᠰᠦᠪ ᠢ ᠬᠡᠷᠡᠭᠵᠢᠭᠦᠯᠦᠭᠰᠡᠨ ᠪᠠ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠠᠮᠢᠶᠠᠷᠬᠤ ᠶᠢ ᠬᠠᠷᠢᠭᠤᠴᠠᠨ᠎ᠠ︔ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ︵ᠨᠠᠢᠮᠠ︶ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠯᠪᠠᠨ ᠭᠡᠷ    ᠭᠤᠣᠯ ᠡᠭᠦᠷᠭᠡ ᠬᠠᠷᠢᠭᠤᠴᠠᠯᠭ᠎ᠠ᠄ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠡᠳᠦᠷ ᠲᠤᠳᠤᠮ ᠤᠨ ᠠᠵᠢᠯ ᠢ ᠬᠠᠷᠢᠭᠤᠴᠠᠨ ᠡᠭᠦᠷᠭᠡᠯᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ︔ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ ᠪᠡᠶᠡᠯᠡᠭᠦᠯᠦᠨ᠎ᠡ᠃    ᠬᠤᠯᠪᠣᠭᠠᠨ ᠤ ᠬᠠᠶ᠋ᠢᠭ᠄ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠹᠠᠨ ᠷᠦᠩ ᠵᠠᠮ ᠬᠢᠭᠡᠳ ᠴᠡᠷᠢᠭ ᠠᠷᠠᠳ ᠤᠨ ᠵᠠᠮ ᠤᠨ ᠠᠭᠤᠯᠵᠠᠷ ᠤᠨ ᠪᠠᠷᠠᠭᠤᠨ ᠡᠮᠦᠨ᠎ᠡ ᠥᠨᠴᠥᠭ ᠬᠤᠤ ᠳ᠋ᠧ ᠾᠧᠩ ᠢᠳᠡᠭᠡᠨ ᠤ ᠺᠣᠮᠫᠠᠨᠢ ᠶᠢᠨ ᠵᠢᠰᠢᠭᠦᠤ ᠡᠰᠡᠷᠭᠦ ᠲᠠᠯ᠎ᠠ    ᠠᠵᠢᠯ ᠤᠨ ᠤᠲᠠᠰᠤ᠄ 0472 - 6868018    ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ ᠬᠤᠶᠢᠨᠠᠬᠢ 14᠄ 30-17᠄ 30    ᠬᠠᠷᠢᠭᠤᠴᠠᠯᠭ᠎ᠠ ᠡᠭᠦᠷᠭᠡᠯᠡᠭᠴᠢ   ᠴᠢ ᠵᠢᠶᠦ᠋ᠨ ᠵᠢᠶᠧ  
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号