ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2025/1/24
    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃    ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠣᠷᠣᠨ ᠤ ᠴᠢᠳᠠᠪᠤᠷᠢᠲᠠᠨ ᠤ ᠠᠵᠢᠯ ᠤᠨ ᠪᠣᠳᠠᠲᠠᠶ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠳᠠᠪᠤᠷᠢᠲᠠᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠴᠢᠳᠠᠪᠤᠷᠢᠲᠠᠨ ᠤ ᠠᠵᠢᠯ ᠤᠨ ᠬᠤᠯᠪᠣᠭᠳᠠᠯ ᠪᠦᠬᠦᠢ ᠴᠢᠬᠤᠯᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠵᠤ ᠢᠷᠡᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠣᠷᠣᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠶᠡᠷᠦᠩᠬᠡᠶᠢᠯᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠶ ᠰᠢᠯᠵᠢᠯᠲᠡ ᠬᠢᠬᠦ᠂ ᠪᠦᠲᠦᠮᠵᠢᠲᠡᠶ ᠲᠣᠬᠢᠷᠠᠭᠤᠯᠬᠤ ᠶᠢ ᠠᠬᠢᠭᠤᠯᠤᠨ᠎ᠠ᠃    ︵ᠭᠤᠷᠪᠠ︶ ᠪᠦᠬᠦ ᠣᠷᠣᠨ ᠤ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠣᠯᠠᠨ ᠨᠡᠶᠢᠲᠡ ᠶᠢᠨ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠷᠬᠢᠯᠡᠭᠰᠡᠨ ᠠᠵᠢᠯ ᠤᠨ ᠬᠢᠷᠢ ᠭᠡᠮ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠬᠤᠲᠠ ᠬᠥᠳᠡᠭᠡ ᠶᠢᠨ ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢᠨ ᠠᠷᠭ᠎ᠠ ᠶᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃    ︵ᠲᠦᠷᠪᠡ︶ ᠬᠤᠲᠠ ᠬᠥᠳᠡᠭᠡ ᠶᠢ ᠬᠠᠮᠤᠷᠤᠭᠰᠠᠨ ᠣᠯᠠᠨ ᠳᠡᠰ ᠳᠠᠪᠬᠤᠷᠭ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠪᠦᠬᠦ ᠣᠷᠣᠨ ᠤ ᠨᠠᠰᠤᠵᠢᠯ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠦᠨᠳᠦᠰᠦᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ ᠰᠠᠭᠤᠷᠢ ᠮᠥᠩᠭᠦ ᠶᠢ ᠬᠠᠮᠢᠶᠠᠷᠬᠤ ᠪᠠ ᠬᠢᠨᠠᠯᠲᠠ ᠲᠠᠯᠪᠢᠬᠤ ᠳᠦᠷᠢᠮ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠪᠦᠬᠦ ᠣᠷᠣᠨ ᠤ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ᠂ ᠵᠢᠥ ᠶᠤᠸᠠᠨ ᠲᠣᠭᠤᠷᠢᠭ ᠤᠨ ᠱᠠᠭᠠᠷᠳᠠᠯᠭ᠎ᠠ ᠶᠣᠰᠣᠭᠠᠷ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ ᠲᠠᠪᠴᠠᠩ ᠢ ᠪᠠᠶᠢᠭᠤᠯᠤᠨ᠎ᠠ᠃    ︵ᠲᠠᠪᠤ︶ ᠪᠦᠬᠦ ᠣᠷᠣᠨ ᠤ ᠠᠵᠢᠯ ᠣᠯᠭᠤᠯᠲᠠ᠂ ᠠᠵᠢᠯ ᠠᠯᠳᠠᠯᠲᠠ ᠪᠠ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠢᠴᠢ ᠮᠡᠳᠡᠭᠡ ᠵᠠᠩᠭᠢ ᠶᠢ ᠬᠥᠲᠥᠯᠥᠨ ᠵᠢᠯᠣᠭᠤᠳᠬᠤ ᠶᠢ ᠬᠠᠷᠢᠭᠤᠴᠠᠵᠤ᠂ ᠠᠷᠭᠠᠴᠠᠬᠤ ᠪᠡᠯᠡᠳᠬᠡᠯ ᠲᠥᠰᠦᠯ ᠲᠣᠭᠲᠠᠭᠠᠨ᠂ ᠤᠷᠢᠳᠴᠢᠯᠠᠨ ᠰᠡᠷᠭᠡᠶᠢᠯᠡᠬᠦ᠂ ᠲᠣᠬᠢᠷᠠᠭᠤᠯᠬᠤ ᠪᠠ ᠡᠵᠡᠮᠳᠡᠬᠦ ᠶᠢ ᠬᠡᠷᠡᠭᠵᠢᠭᠦᠯᠵᠦ᠂ ᠠᠵᠢᠯ ᠣᠯᠭᠤᠬᠤ ᠪᠠᠶᠢᠳᠠᠯ ᠤᠨ ᠲᠣᠭᠲᠠᠭᠤᠨ ᠪᠠᠶᠢᠬᠤ ᠪᠠ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠪᠥᠭᠡᠳ ᠪᠦᠲᠦᠮᠵᠢᠲᠡᠶ ᠠᠵᠢᠯᠯᠠᠭᠠᠨ ᠢ ᠪᠠᠲᠤᠯᠠᠨ᠎ᠠ᠃    ︵ᠵᠢᠷᠭᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠳᠦᠷᠢᠮ ᠪᠣᠯᠤᠨ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠲᠠᠨ ᠠᠵᠢᠯᠴᠢᠨ ᠤ ᠠᠮᠠᠷᠠᠬᠤ ᠠᠮᠠᠷᠠᠯᠲᠠ᠂ ᠠᠮᠠᠷᠠᠯᠲᠠ ᠠᠪᠬᠤ ᠳᠦᠷᠢᠮ ᠪᠠ ᠬᠡᠦᠬᠡᠳ ᠠᠵᠢᠯᠴᠢᠨ᠂ ᠡᠮᠡᠭᠲᠡᠢ ᠠᠵᠢᠯᠴᠢᠨ ᠵᠢᠴᠢ ᠨᠠᠰᠤᠨ ᠳᠤ ᠦᠯᠦ ᠬᠦᠷᠦᠭᠰᠡᠳ ᠢ ᠬᠠᠤᠯᠢ ᠪᠤᠰᠤ ᠪᠠᠷ ᠬᠡᠷᠡᠭᠯᠡᠬᠦ ᠶᠢ ᠠᠷᠢᠯᠭᠠᠬᠤ ᠣᠨᠴᠣᠭᠤᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ ᠠᠰᠢᠭ ᠢᠶᠠᠨ ᠬᠠᠮᠠᠭᠠᠯᠠᠬᠤ ᠠᠵᠢᠯ ᠢ ᠵᠣᠬᠢᠴᠠᠭᠤᠯᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠠᠷᠠᠭᠤᠯᠵᠤ᠂ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠵᠢᠦ ᠶᠤᠸᠠᠨ ᠲᠣᠭᠤᠷᠢᠭ ᠤᠨ ᠵᠠᠷᠯᠢᠭ ᠢ ᠪᠠᠭᠤᠯᠭᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠥᠪᠬᠢᠨᠡᠭᠦᠯᠬᠦ ᠡᠭᠦᠷᠭᠡ ᠶᠢ ᠪᠡᠶᠡᠯᠡᠭᠦᠯᠬᠦ ᠶᠢ ᠬᠠᠷᠢᠭᠤᠴᠠᠨ᠎ᠠ᠃        ︵ᠳᠤᠯᠤᠭ᠎ᠠ︶ ᠪᠦᠬᠦ ᠣᠷᠣᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠣᠷᠣᠨ ᠤ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠲᠦᠷᠦᠭᠦᠯᠡᠨ ᠠᠬᠢᠭᠤᠯᠤᠨ᠎ᠠ᠃ ᠡᠯ᠎ᠡ ᠲᠥᠷᠥᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠳᠤ ᠬᠠᠮᠵᠢᠯᠴᠠᠨ ᠣᠷᠣᠯᠴᠠᠵᠤ᠂ ᠳᠡᠭᠡᠳᠦ ᠳᠡᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠨ ᠳᠡᠪᠰᠢᠭᠦᠯᠬᠦ᠂ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠠᠵᠢᠯ ᠢ ᠬᠠᠷᠢᠭᠤᠴᠠᠵᠤ᠂ ᠴᠢᠳᠠᠪᠤᠷᠢᠲᠠᠨ ᠨᠥᠭᠡᠴᠡᠯᠡᠬᠦ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠤᠨ ᠥᠷᠲᠡᠭᠡ ᠵᠡᠷᠭᠡ ᠲᠤᠰᠬᠠᠶ ᠮᠡᠷᠭᠡᠵᠢᠯ ᠤᠨ ᠠᠵᠢᠯᠲᠠᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠡᠷᠬᠢᠯᠡᠭᠰᠡᠨ ᠠᠵᠢᠯ ᠤᠨ ᠬᠢᠷᠢ ᠭᠡᠮ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃    ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠣᠷᠣᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ᠂ ᠢᠯᠡ ᠪᠠᠷ ᠤᠷᠢᠬᠤ᠂ ᠤᠷᠢᠵᠤ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠷᠤᠮᠵᠢᠭᠤᠯᠵᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠣᠯᠤᠨ ᠪᠠᠶᠢᠭᠤᠯᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃    ︵ᠶᠢᠰᠦ︶ ᠲᠤᠭᠤᠷᠢᠭ ᠤᠨ ᠨᠠᠮ ᠤᠨ ᠬᠤᠷᠢᠶᠠᠨ ᠤ ᠬᠠᠮᠢᠶᠠᠷᠴᠤ ᠪᠠᠶᠢᠭ᠎ᠠ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠤᠳᠤᠷᠢᠳᠤᠯᠭ᠎ᠠ᠂ ᠲᠤᠭᠤᠷᠢᠭ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠳᠤᠷᠢᠳᠬᠤ ᠬᠥᠮᠦᠰ ᠤᠨ ᠵᠠᠰᠠᠭ ᠵᠠᠬᠢᠷᠭᠠᠨ ᠤ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠭᠠᠷᠳᠠᠮ ᠢ ᠳᠠᠭᠠᠭᠠᠨ ᠭᠦᠢᠴᠡᠳᠬᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠣᠷᠣᠨ ᠤ ᠬᠥᠬᠢᠭᠦᠯᠦᠨ ᠱᠠᠩᠨᠠᠬᠤ ᠳᠦᠷᠢᠮ ᠢ ᠲᠣᠭᠲᠠᠭᠠᠵᠤ᠂ ᠪᠦᠬᠦ ᠣᠷᠣᠨ ᠤ ᠬᠥᠬᠢᠭᠦᠯᠦᠨ ᠱᠠᠩᠨᠠᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠪᠦᠬᠦ ᠣᠷᠣᠨ ᠤ ᠠᠳᠠᠯᠢᠳᠬᠠᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠪᠠᠷᠢᠮᠵᠢᠶ᠎ᠠ ᠳᠤ ᠬᠦᠷᠦᠭᠦᠯᠦᠨ ᠬᠥᠬᠢᠭᠦᠯᠦᠨ ᠰᠠᠶᠢᠰᠢᠶᠠᠬᠤ ᠵᠡᠷᠭᠡ ᠠᠵᠢᠯ ᠢ ᠡᠭᠦᠷᠭᠡᠯᠡᠵᠦ᠂ ᠡᠷᠬᠡ ᠣᠯᠭᠤᠭᠰᠠᠨ ᠳᠠᠭᠠᠭᠠᠨ ᠠᠪᠴᠤ ᠭᠦᠢᠴᠡᠳᠬᠡᠬᠦ ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠦᠭᠰᠡᠨ ᠣᠷᠣᠨ ᠤ ᠲᠡᠰ ᠤᠨ ᠬᠥᠬᠢᠭᠦᠯᠦᠨ ᠱᠠᠩᠨᠠᠬᠤ ᠠᠵᠢᠯᠯᠠᠭ᠎ᠠ ᠶᠢ ᠡᠭᠦᠷᠭᠡᠯᠡᠨ᠎ᠡ᠃    ︵ᠠᠷᠪᠠ︶ ᠪᠦᠬᠦ ᠣᠷᠣᠨ ᠤ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠭᠤᠯᠤᠯᠭ᠎ᠠ ᠪᠣᠯᠤᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠣᠷᠣᠨ ᠨᠤᠲᠤᠭ ᠤᠨ ᠴᠢᠨᠠᠷᠲᠠᠶ ᠨᠡᠮᠡᠭᠦᠷᠢ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠠᠵᠢᠯ ᠦᠢᠯᠡᠰ ᠤᠨ ᠨᠢᠭᠡᠴᠡ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠢ ᠲᠡᠭᠦᠯᠳᠡᠷᠵᠢᠭᠦᠯᠦᠨ᠂ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠪᠣᠯᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠠᠰᠠᠷᠠᠮᠵᠢ ᠪᠣᠯᠣᠨ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃    ︵ᠠᠷᠪᠠᠨ ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃    ︵ᠠᠷᠪᠠᠨ ᠬᠤᠶᠠᠷ︶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠭ᠎ᠠ ᠪᠦᠷᠢᠳᠬᠡᠯ ᠪᠠ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ᠃    ︵ᠠᠷᠪᠠᠨ ᠭᠤᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠳᠥᠷᠪᠡᠳᠦᠭᠡᠷ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠭᠠᠳᠠᠭᠰᠢ ᠭᠦᠢᠴᠡᠳᠬᠡᠬᠦ ᠵᠦᠢᠯᠡᠰ ᠢ ᠵᠢᠷᠤᠮᠵᠢᠭᠤᠯᠤᠨ ᠰᠢᠯᠢᠳᠡᠭᠵᠢᠭᠦᠯᠵᠦ᠂ ᠤᠯᠤᠰ ᠤᠨ ᠠᠵᠢᠯ ᠮᠡᠷᠭᠡᠵᠢᠯ ᠤᠨ ᠬᠢᠷᠢ ᠭᠡᠮ ᠤᠨ ᠳᠦᠷᠢᠮ ᠢ ᠨᠠᠶᠢᠳᠠᠪᠤᠷᠢᠵᠢᠭᠤᠯᠤᠨ᠂ ᠠᠵᠢᠯ ᠬᠡᠷᠡᠭ ᠤᠨ ᠳᠤᠮᠳᠠ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠣᠯᠭᠤᠬᠤ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠂ ᠮᠡᠳᠡᠭᠡ ᠵᠠᠩᠭᠢ ᠶᠢ ᠬᠠᠮᠲᠤ ᠳᠠᠭᠠᠨ ᠴᠢᠩᠭᠠᠳᠬᠠᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠬᠤᠶᠠᠷ᠂ ᠳᠤᠳᠤᠭᠠᠳᠤ ᠶᠢᠨ ᠪᠠᠶᠢᠭᠤᠯᠤᠮᠵᠢ    ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠪᠢᠴᠢᠭ ᠮᠠᠲ᠋ᠧᠷᠢᠶᠠᠯ ᠴᠠᠬᠢᠯᠭᠠᠨ᠂ ᠳᠦᠷᠢᠮ ᠤᠨ ᠪᠠᠶᠢᠭᠤᠯᠤᠯᠲᠠ᠂ ᠳᠠᠩᠰᠠ ᠡᠪᠬᠡᠮᠡᠯ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠰᠢᠮᠳᠠᠭᠤᠯᠤᠨ ᠪᠠᠶᠢᠴᠠᠭᠠᠬᠤ᠂ ᠶᠡᠷᠦᠩᠬᠡᠶᠢᠯᠡᠨ ᠵᠠᠰᠠᠬᠤ᠂ ᠪᠠᠶᠢᠭᠤᠯᠭ᠎ᠠ ᠶᠢᠨ ᠡᠳ᠋ ᠤᠨ ᠶᠠᠪᠤᠳᠠᠯ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠮᠡᠳᠡᠭᠡ ᠵᠠᠩᠭᠢᠵᠢᠯᠲᠠ᠂ ᠠᠯᠪᠠᠨ ᠠᠵᠢᠯ ᠤᠨ ᠠᠦ᠋ᠲ᠋ᠣᠴᠢᠯᠠᠯᠲᠠ ᠵᠡᠷᠭᠡ ᠠᠵᠢᠯ ᠢ ᠬᠠᠷᠢᠭᠤᠴᠠᠨ᠎ᠠ᠃    ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠲᠣᠪᠴᠢᠶ᠎ᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠭᠤᠷᠢᠭ ᠤᠨ ᠨᠠᠮ ᠤᠨ ᠬᠤᠷᠢᠶᠠᠨ ᠤ ᠬᠠᠮᠢᠶᠠᠷᠴᠤ ᠪᠠᠶᠢᠭ᠎ᠠ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠤᠳᠤᠷᠢᠳᠤᠯᠭ᠎ᠠ᠂ ᠲᠤᠭᠤᠷᠢᠭ ᠤᠨ ᠵᠠᠰᠠᠭ ᠤᠨ ᠣᠷᠳᠣᠨ ᠤ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠳᠤᠷᠢᠳᠬᠤ ᠬᠥᠮᠦᠰ ᠤᠨ ᠵᠠᠰᠠᠭ ᠵᠠᠬᠢᠷᠭᠠᠨ ᠤ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠭᠠᠷᠳᠠᠮ ᠢ ᠳᠠᠭᠠᠭᠠᠨ ᠭᠦᠢᠴᠡᠳᠬᠡᠨ᠎ᠡ᠃    ᠴᠢᠬᠤᠯᠠ ᠡᠬᠡ ᠪᠢᠴᠢᠭ ᠲᠤᠭᠤᠷᠪᠢᠬᠤ ᠠᠵᠢᠯ ᠢ ᠡᠭᠦᠷᠭᠡᠯᠡᠨ᠎ᠡ᠃ ᠲᠣᠪᠴᠢᠶ᠎ᠠ ᠶᠢᠨ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ ᠪᠣᠯᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠠᠵᠢᠯ ᠢ ᠬᠠᠷᠢᠭᠤᠴᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠵᠦᠢᠯᠡᠰ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠵᠣᠬᠢᠶᠠᠨ ᠪᠠᠶᠢᠭᠤᠯᠤᠨ ᠭᠦᠢᠴᠡᠳ᠋ᠬᠡᠨ᠎ᠡ᠃    ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠪᠠ ᠶᠡᠷᠦᠩᠬᠡᠶᠢᠯᠡᠭᠰᠡᠨ ᠴᠢᠨᠠᠷᠲᠠᠶ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠤᠰᠬᠠᠢ ᠮᠡᠷᠭᠡᠵᠢᠯᠲᠡᠨ ᠤ ᠠᠰᠠᠭᠤᠨ ᠯᠠᠪᠯᠠᠬᠤ ᠠᠵᠢᠯ ᠢ ᠵᠣᠬᠢᠴᠠᠭᠤᠯᠵᠤ᠃ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠳᠠᠭᠠᠭᠠᠨ ᠭᠦᠢᠴᠡᠳᠬᠡᠨ᠎ᠡ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠠᠤᠯᠢ ᠲᠦᠭᠡᠮᠡᠯᠵᠢᠭᠦᠯᠬᠦ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠬᠡᠷᠡᠭ ᠶᠠᠪᠤᠳᠠᠯ᠂ ᠮᠡᠳᠡᠭᠡ ᠵᠠᠩᠭᠢᠵᠢᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ᠂ ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠬᠠᠷᠢᠭᠤᠴᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢ ᠵᠢᠯᠣᠭᠤᠳᠴᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ︽ᠠᠵᠢᠯ ᠲᠥᠷᠥᠯ ᠤᠨ ᠰᠤᠷᠲᠠᠯ ᠤᠨ ᠬᠠᠯᠠᠮᠰᠢᠯ ᠤᠲᠠᠰᠤ︾ ᠶᠢ ᠵᠣᠬᠢᠶᠠᠨ ᠪᠠᠶᠢᠭᠤᠯᠬᠤ ᠠᠵᠢᠯ ᠢ ᠡᠭᠦᠷᠭᠡᠯᠡᠨ᠎ᠡ᠃ ᠲᠣᠰ ᠰᠠᠯᠠᠭ᠎ᠠ ᠮᠥᠴᠢᠷ ᠤᠨ ᠢᠶᠠᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ᠪᠦᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠬᠥᠭᠵᠢᠯᠲᠡ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠵᠢᠯᠣᠭᠤᠳᠤᠨ᠎ᠠ᠃ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ᠂ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠱᠠᠩᠨᠠᠯ ᠢ ᠬᠠᠷᠢᠭᠤᠴᠠᠨ᠎ᠠ︔ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠱᠠᠩᠨᠠᠨ᠎ᠠ᠃    ᠪᠦᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠤᠨ᠎ᠠ᠃ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠬᠤ ᠬᠡᠷᠡᠭᠲᠡᠶ᠃ ᠲᠤᠰ ᠰᠢᠰᠲ᠋ᠧᠮ ᠤᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠰᠢᠮᠳᠠᠭᠤᠯᠤᠨ ᠭᠦᠢᠴᠡᠳᠬᠡᠯᠭᠡᠬᠦ ᠬᠡᠷᠡᠭᠲᠡᠶ᠃ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠶᠡᠷᠦᠩᠬᠡᠶᠢᠯᠡᠨ ᠵᠠᠳᠠᠯᠤᠨ ᠰᠤᠳᠤᠯᠵᠤ᠂ ᠵᠥᠷᠢᠴᠡᠯ ᠤᠨ ᠳᠠᠯᠳᠠ ᠭᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠠ ᠠᠵᠢᠯ ᠢᠶᠠᠨ ᠰᠠᠶᠢᠵᠢᠷᠠᠭᠤᠯᠬᠤ ᠰᠠᠨᠠᠭᠤᠯᠭ᠎ᠠ ᠶᠢ ᠴᠠᠭ ᠲᠤᠬᠠᠶ ᠳᠤᠨᠢ ᠳᠤᠷᠠᠳᠬᠤ ᠬᠡᠷᠡᠭᠲᠡᠶ᠃    ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠨ᠎ᠠ᠃    ︵ᠬᠤᠶᠠᠷ︶ ᠠᠵᠢᠯᠲᠠᠨ ᠤ ᠶᠠᠪᠤᠳᠠᠯ ᠤᠨ ᠰᠲ᠋ᠣᠺ᠃ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠡᠬᠢ ᠪᠠᠶᠠᠯᠢᠭ ᠢ ᠨᠡᠭᠡᠭᠡᠬᠦ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠰᠢᠯᠢᠨ ᠳᠡᠪᠰᠢᠭᠦᠯᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠳᠠᠪᠤᠷᠢᠲᠠᠨ ᠤ ᠡᠬᠢ ᠪᠠᠶᠠᠯᠢᠭ ᠤᠨ ᠲᠤᠭ᠎ᠠ ᠪᠦᠷᠢᠳᠬᠡᠯ ᠤᠨ ᠠᠵᠢᠯ ᠢ ᠬᠢᠬᠦ ᠬᠡᠷᠡᠭᠲᠡᠶ᠃ ᠮᠡᠷᠭᠡᠵᠢᠯ ᠴᠢᠳᠠᠪᠦᠷᠢ ᠲᠠᠢ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠡᠷᠭᠡᠵᠢᠯ ᠴᠢᠳᠠᠪᠦᠷᠢ ᠲᠠᠢ ᠴᠢᠳᠠᠪᠤᠷᠢᠲᠠᠨ ᠵᠢᠴᠢ ᠳᠤᠲᠠᠭᠳᠠᠵᠤ ᠪᠠᠶᠢᠭ᠎ᠠ ᠮᠡᠷᠭᠡᠵᠢᠯ ᠴᠢᠳᠠᠪᠦᠷᠢ ᠶᠢᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠬᠤ᠂ ᠵᠠᠳᠠᠯᠤᠨ ᠨᠡᠶᠢᠳᠡᠯᠡᠬᠦ ᠶᠢ ᠡᠭᠦᠷᠭᠡᠯᠡᠨ᠎ᠡ᠃ ᠴᠡᠷᠢᠭ ᠢ ᠳᠠᠭᠠᠵᠤ ᠪᠠᠶᠢᠭ᠎ᠠ ᠭᠡᠷ ᠪᠦᠯᠢ ᠶᠢᠨ ᠬᠢᠨ ᠳᠤ ᠠᠵᠢᠯ ᠣᠯᠭᠤᠵᠤ ᠲᠥᠪᠬᠢᠨᠡᠭᠦᠯᠬᠦ ᠠᠵᠢᠯ ᠢ ᠬᠠᠷᠢᠭᠤᠴᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠪᠠ ᠠᠵᠢᠯ ᠮᠡᠷᠭᠡᠵᠢᠯ ᠤᠨ ᠵᠠᠭᠤᠴᠢ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠬᠤ᠂ ᠵᠠᠳᠠᠯᠬᠤ ᠪᠠ ᠨᠡᠶᠢᠲᠡᠯᠡᠬᠦ ᠠᠵᠢᠯ ᠢ ᠬᠠᠷᠢᠭᠤᠴᠠᠨ᠎ᠠ᠃    ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥᠯ ᠵᠦᠢᠯ ᠤᠨ ᠬᠠᠮᠢᠶᠠᠷᠤᠯᠲᠠ ᠦᠢᠯᠡᠴᠢᠯᠡᠭᠡᠨ ᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ ᠠᠬᠢᠭᠤᠯᠤᠨ᠎ᠠ᠃    ᠪᠦᠬᠦ ᠣᠷᠣᠨ ᠤ ᠲᠤᠰᠬᠠᠶ ᠮᠡᠷᠭᠡᠵᠢᠯ ᠤᠨ ᠠᠵᠢᠯᠲᠠᠨ ᠢ ᠶᠡᠷᠦᠩᠬᠡᠶᠢᠯᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠭᠦᠯᠡᠨ ᠠᠬᠢᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠪᠠ ᠬᠢᠨᠠᠨ ᠲᠣᠭᠲᠠᠭᠠᠬᠤ ᠠᠵᠢᠯ ᠢ ᠡᠭᠦᠷᠭᠡᠯᠡᠨ᠎ᠡ᠃ ᠲᠤᠰᠬᠠᠢ ᠮᠡᠷᠭᠡᠵᠢᠯ ᠤᠨ ᠠᠵᠢᠯ ᠡᠷᠬᠢᠯᠡᠬᠦ ᠬᠢᠷᠢ ᠬᠡᠮ ᠤᠨ ᠳᠦᠷᠢᠮ ᠢ ᠬᠡᠷᠡᠭᠵᠢᠭᠦᠯᠵᠦ᠃ ᠵᠠᠰᠠᠭ ᠤᠨ ᠣᠷᠳᠣᠨ ᠤ ᠣᠨᠴᠠ ᠨᠡᠮᠡᠭᠦᠷᠢ ᠬᠦᠷᠲᠡᠬᠦ ᠲᠤᠰᠬᠠᠶ ᠮᠡᠷᠭᠡᠵᠢᠯᠲᠡᠨ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢᠳᠡᠷ ᠵᠠᠯᠠᠭᠤ ᠲᠤᠰᠬᠠᠶ ᠮᠡᠷᠭᠡᠵᠢᠯᠲᠡᠨ ᠵᠡᠷᠭᠡ ᠳᠡᠭᠡᠳᠦ ᠳᠡᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ᠂ ᠪᠠᠲᠤᠯᠠᠨ ᠲᠠᠨᠢᠯᠴᠠᠭᠤᠯᠬᠤ᠂ ᠰᠢᠯᠢᠨ ᠳᠡᠪᠰᠢᠭᠦᠯᠬᠦ ᠪᠠ ᠬᠠᠮᠢᠶᠠᠷᠬᠤ ᠠᠵᠢᠯ ᠢ ᠡᠭᠦᠷᠭᠡᠯᠡᠨ᠎ᠡ᠃ ᠳ᠋ᠣᠺᠲ᠋ᠣᠷ ᠤᠨ ᠠᠵᠢᠯ ᠤᠨ ᠥᠷᠲᠡᠭᠡ ︵ᠨᠡᠭᠦᠳᠡᠯ ᠥᠷᠲᠡᠭᠡ︶ ᠪᠣᠯᠤᠨ ᠭᠠᠳᠠᠭᠠᠳᠤ ᠳᠤ ᠰᠤᠷᠤᠯᠴᠠᠭᠰᠠᠳ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ ᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ ᠶᠢᠨ ᠬᠠᠮᠲᠤ ᠵᠢᠯᠣᠭᠤᠳᠤᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠣᠷᠣᠨ ᠤ ᠴᠢᠳᠠᠪᠤᠷᠢᠲᠠᠨ ᠤ ᠨᠡᠭᠡᠭᠡᠯᠲᠡ ᠶᠢᠨ ᠲᠤᠰᠬᠠᠶ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃    ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠣᠷᠣᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠪᠣᠯᠤᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠵᠢᠴᠢ ᠪᠠᠶᠢᠭᠤᠯᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠠᠵᠢᠯ ᠦᠢᠯᠡᠰ ᠤᠨ ᠨᠢᠭᠡᠴᠢ ︵ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯ ᠢ ᠪᠠᠭᠲᠠᠭᠠᠨ᠎ᠠ︶ ᠶᠢᠨ ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠶᠢ ᠬᠢᠨᠠᠨ ᠬᠠᠷᠭᠤᠭᠤᠯᠤᠨ᠎ᠠ᠃ ᠡᠷᠬᠡ ᠮᠡᠳᠡᠯ ᠢᠶᠠᠷ ᠢᠶᠠᠨ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠪᠠ ᠳᠣᠯᠣᠳᠤᠭᠠᠷ ᠳᠡᠰ᠂ ᠨᠠᠢᠮᠠᠳᠤᠭᠠᠷ ᠳᠡᠰ ᠤᠨ ᠠᠵᠢᠯᠲᠠᠨ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠢ ᠳᠠᠩᠰᠠᠯᠠᠭᠤᠯᠬᠤ ᠵᠡᠷᠭᠡ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠢᠯᠡ ᠪᠠᠷ ᠡᠯᠰᠡᠬᠦ ᠠᠵᠢᠯ ᠳᠤ ᠣᠷᠣᠯᠴᠠᠨ᠎ᠠ᠃ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯᠲᠠᠨ ᠪᠣᠯᠤᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠴᠠᠭᠤᠯᠬᠤ᠂ ᠬᠠᠮᠢᠶᠠᠷᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢᠨ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠲᠤᠬᠠᠶᠢᠯᠠᠭᠰᠠᠨ ᠠᠵᠢᠯ ᠤᠨ ᠲᠤᠰᠬᠠᠢ ᠪᠣᠯᠪᠠᠰᠤᠷᠠᠯ ᠬᠦᠷᠲᠡᠭᠡᠬᠦ ᠬᠡᠷᠡᠭᠲᠡᠢ᠃ ᠠᠵᠢᠯ ᠦᠢᠯᠡᠰ ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯᠲᠠᠨ ︵ᠰᠢᠨ᠎ᠡ ᠪᠠᠷ ᠡᠯᠰᠡᠨ ᠬᠡᠷᠡᠭᠯᠡᠭᠰᠡᠨ ᠬᠥᠮᠦᠰ ᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ︶ ᠪᠣᠯᠪᠠᠰᠤᠷᠠᠭᠤᠯᠤᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠠᠵᠢᠯ ᠦᠢᠯᠡᠰ ᠤᠨ ᠨᠢᠭᠡᠴᠢ ︵ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯ ᠢ ᠪᠠᠭᠲᠠᠭᠠᠨ᠎ᠠ︶ ᠶᠢ ᠬᠢᠨᠠᠨ ᠰᠢᠯᠭᠠᠬᠤ᠂ ᠱᠠᠩᠨᠠᠵᠤ ᠲᠣᠷᠭᠠᠬᠤ ᠵᠡᠷᠭᠡ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠶᠠᠪᠤᠳᠠᠯ ᠢ ᠬᠠᠷᠢᠭᠤᠴᠠᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠥᠪᠬᠢᠨᠡᠭᠦᠯᠬᠦ ᠪᠠ ᠰᠢᠯᠵᠢᠭᠦᠯᠦᠨ ᠲᠣᠬᠢᠷᠠᠭᠤᠯᠬᠤ ᠠᠵᠢᠯ ᠢ ᠬᠠᠷᠢᠭᠤᠴᠠᠨ᠎ᠠ᠃    ︵ᠭᠤᠷᠪᠠ︶ ᠬᠥᠳᠡᠯᠮᠦᠷᠢ ᠶᠢᠨ ᠰᠲ᠋ᠣᠺ᠃ ᠬᠤᠲᠠ ᠬᠥᠳᠡᠭᠡ ᠶᠢᠨ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠲᠥᠷᠥ ᠶᠢᠨ ᠪᠣᠳᠣᠯᠭ᠎ᠠ ᠶᠢ ᠳᠣᠭᠤᠭᠰᠢᠯᠠᠭᠤᠯᠤᠨ ᠨᠠᠶᠢᠳᠠᠪᠤᠷᠢᠵᠢᠭᠤᠯᠵᠤ᠃ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠬᠢᠭᠡᠳ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠦᠢᠯᠡᠴᠢᠯᠡᠭᠡ ᠵᠢᠴᠢ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠵᠠᠭᠤᠴᠢ ︵ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ ᠬᠠᠷᠢᠭᠤᠴᠠᠨ᠎ᠠ︶ ᠪᠠᠶᠢᠭᠤᠯᠤᠮᠵᠢ᠂ ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠃    ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠠᠵᠢᠯ ᠤᠨ ᠣᠷᠣᠨ ᠨᠤᠲᠤᠭ ᠤᠨ ᠴᠢᠨᠠᠷᠲᠠᠶ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠭᠤᠤᠯᠳᠠᠯᠭ᠎ᠠ ᠲᠠᠢ ᠬᠦᠴᠢᠷ ᠠᠰᠠᠭᠤᠳᠠᠯ ᠪᠣᠯᠤᠨ ᠴᠢᠬᠤᠯᠠ ᠶᠡᠭᠡ ᠬᠡᠷᠡᠭ ᠢ ᠵᠢᠯᠣᠭᠤᠳᠤᠨ  ᠰᠢᠢᠳᠪᠦᠷᠢᠯᠡᠵᠦ ᠵᠢᠷᠤᠭᠯᠠᠨ ᠲᠥᠯᠥᠪᠯᠡᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠮᠡᠳᠡᠭᠡ ᠵᠠᠩᠭᠢ ᠶᠢᠨ ᠠᠵᠢᠯ ᠤᠨ ᠪᠠᠶᠢᠭᠤᠯᠤᠯᠲᠠ ᠶᠢ ᠵᠢᠯᠣᠭᠤᠳᠤᠨ᠎ᠠ᠃    ᠬᠦᠳᠡᠯᠮᠦᠷᠢ ᠶᠢᠨ ᠬᠠᠷᠢᠴᠠᠭᠠᠨ ᠤ ᠬᠠᠮᠢᠶ᠎ᠠ ᠪᠦᠬᠦᠢ ᠲᠦᠷᠦ ᠶᠢᠨ ᠪᠣᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ ᠶᠢᠨ ᠳᠦᠷᠢᠮ ᠢ ᠬᠡᠷᠡᠭᠵᠢᠭᠦᠯᠬᠦ ᠳᠦᠷᠢᠮᠵᠢᠯ ᠤᠨ ᠴᠢᠨᠠᠷᠲᠠᠢ ᠰᠠᠨᠠᠯ ᠢ ᠬᠡᠷᠡᠭᠵᠢᠭᠦᠯᠦᠨ᠎ᠡ᠃ ᠠᠮᠠᠷᠠᠵᠤ ᠠᠮᠠᠷᠠᠬᠤ ᠪᠠ ᠡᠮᠡᠭᠲᠡᠢ ᠠᠵᠢᠯᠲᠠᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠣᠨᠴᠠᠭᠠᠢ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠵᠦ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠴᠠᠯᠢᠩ ᠤᠨ ᠬᠤᠷᠸ᠎ᠠ ᠲᠣᠬᠢᠷᠠᠭᠤᠯᠭ᠎ᠠ ᠡᠵᠡᠮᠰᠢᠯ ᠪᠣᠯᠤᠨ ᠬᠡᠪ ᠤᠨ ᠨᠡᠮᠡᠭᠳᠡᠯ ᠤᠨ ᠲᠣᠭᠲᠠᠴᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠴᠠᠯᠢᠩ ᠤᠨ ᠬᠤᠷᠸ᠎ᠠ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠬᠤ ᠬᠡᠷᠡᠭᠲᠡᠶ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢᠨ ᠬᠠᠮᠢᠶᠠᠷᠤᠯᠲᠠ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠪᠦᠬᠦ ᠣᠷᠣᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠭᠤᠷᠪᠠᠨ ᠲᠠᠯ᠎ᠠ ᠶᠢᠨ ᠲᠣᠭᠲᠠᠴᠠ ᠶᠢᠨ ᠠᠯᠪᠠᠨ ᠭᠡᠷ ᠤᠨ ᠬᠠᠷᠢᠯᠴᠠᠵᠤ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ ᠬᠠᠮᠲᠤ ᠶᠢᠨ ᠭᠡᠷ᠎ᠡ ᠵᠢᠴᠢ ᠴᠠᠯᠢᠩ ᠢ ᠬᠠᠮᠲᠤ ᠪᠠᠷ ᠵᠥᠪᠳᠡᠯᠴᠡᠬᠦ ᠶᠢ ᠠᠬᠢᠭᠤᠯᠬᠤ ᠪᠠ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠬᠥᠳᠡᠯᠮᠦᠷᠢ ᠦᠢᠯᠡᠴᠢᠯᠡᠭᠡ ᠲᠣᠮᠢᠯᠠᠬᠤ ᠵᠠᠰᠠᠭ ᠵᠠᠬᠢᠷᠭᠠᠨ ᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃    ᠠᠮᠢᠳᠤᠯᠢᠭ ᠢᠶᠠᠷ ᠠᠵᠢᠯ ᠣᠯᠤᠭᠰᠠᠳ ᠡᠪᠡᠳᠴᠢᠨ ᠠᠴᠠ ᠪᠣᠯᠵᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠦᠯᠦ ᠬᠦᠷᠦᠭᠰᠡᠨ ᠢ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠵᠤ᠂ ᠠᠮᠢᠳᠤᠯᠢᠭ ᠢᠶᠠᠷ ᠠᠵᠢᠯ ᠣᠯᠤᠭᠰᠠᠳ ᠤᠨ ᠠᠵᠢᠯ ᠠᠴᠠ ᠪᠠᠭᠤᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠣᠯᠤᠨ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠤᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠭᠠᠵᠠᠷ ᠰᠢᠷᠣᠶ ᠲᠠᠲᠠᠪᠤᠷᠢᠯᠠᠬᠤ ᠲᠥᠰᠦᠯ ᠳᠠᠬᠢ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠤᠨ ᠨᠡᠶᠢᠭᠡᠮ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠬᠤᠯᠪᠣᠭᠳᠠᠯ ᠪᠦᠬᠦᠢ ᠬᠢᠨᠠᠬᠤ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠬᠥᠳᠡᠯᠮᠦᠷᠢ ᠶᠢᠨ ᠠᠵᠢᠯ ᠢ ᠪᠦᠷᠢᠳᠬᠡᠬᠦ᠂ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠎ᠠ᠃    ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠵᠢᠴᠢ ᠨᠥᠬᠦᠪᠥᠷᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ᠂ ᠦᠨᠡᠮᠰᠢᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ᠪᠦᠬᠦ ᠬᠤᠲᠠ ᠶᠢᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠳᠦᠷᠢᠮ ᠤᠨ ᠬᠡᠷᠡᠭᠵᠢᠭᠦᠯᠬᠦ ᠠᠷᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠤᠷᠢᠳᠴᠢᠯᠠᠨ ᠰᠡᠷᠭᠡᠶᠢᠯᠡᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠬᠦᠨᠳᠦ ᠶᠡᠭᠡ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠢ ᠵᠢᠯᠣᠭᠤᠳᠤᠨ  ᠰᠢᠢᠳᠪᠦᠷᠢᠯᠡᠨ᠎ᠡ᠃    ᠪᠦᠬᠦ ᠬᠤᠲᠠ ᠶᠢᠨ ᠬᠥᠳᠡᠯᠮᠦᠷᠢ ᠶᠢᠨ ᠬᠢᠨᠠᠨ ᠪᠠᠢᠴᠠᠭᠠᠬᠤ ᠠᠵᠢᠯ ᠤᠨ ᠳᠦᠷᠢᠮ ᠢ ᠲᠤᠤᠱᠯᠠᠭᠤᠯᠤᠨ ᠨᠠᠢᠳᠠᠪᠤᠷᠢᠵᠢᠭᠤᠯᠤᠶ᠎ᠠ᠃ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠢᠯᠣᠭᠤᠳᠴᠤ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠤᠯᠢ ᠠᠴᠠ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠪᠠ ᠰᠢᠪᠠᠳᠠᠨ ᠰᠢᠢᠳᠪᠦᠷᠢᠯᠡᠵᠦ᠂ ᠪᠥᠬᠦ ᠣᠷᠣᠨ ᠤ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃    ᠠᠵᠢᠯ ᠣᠯᠭᠤᠬᠤ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠵᠢᠯᠣᠭᠤᠳᠤᠨ ᠲᠣᠭᠲᠠᠭᠠᠵᠤ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠠᠵᠢᠯ ᠣᠯᠭᠤᠬᠤ ᠲᠥᠯᠥᠪᠵᠢᠭᠦᠯᠭᠡ᠂ ᠲᠥᠯᠥᠪᠯᠡᠭᠡ ᠪᠣᠯᠤᠨ ᠬᠥᠳᠡᠯᠮᠦᠷᠢᠯᠡᠭᠴᠢᠳ ᠲᠤ ᠭᠤᠤᠯᠴᠢ ᠪᠠᠷ ᠠᠵᠢᠯ ᠣᠯᠭᠤᠬᠤ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ᠂ ᠬᠥᠳᠡᠯᠮᠦᠷᠢ ᠬᠦᠴᠦᠨ ᠢ ᠣᠷᠣᠨ ᠠᠯᠤᠰᠯᠠᠨ ᠡᠮᠬᠢ ᠵᠢᠷᠤᠮ ᠲᠠᠢ ᠪᠠᠷ ᠰᠢᠯᠵᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠠᠵᠢᠯ ᠠᠯᠳᠠᠯᠲᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠪᠣᠯᠤᠨ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠳᠤ ᠠᠵᠢᠯᠲᠠᠨ ᠠᠵᠢᠯᠴᠢᠨ ᠢ ᠲᠥᠪᠬᠢᠨᠡᠭᠦᠯᠬᠦ ᠡᠷᠬᠡ ᠠᠰᠢᠭ ᠤᠨ ᠪᠠᠲᠤᠯᠠᠭ᠎ᠠ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ᠂ ᠣᠯᠭᠤᠮᠵᠢ ᠶᠢᠨ ᠲᠥᠷᠥᠯ ᠵᠦᠢᠯ ᠪᠣᠯᠤᠨ ᠣᠯᠭᠤᠬᠤ ᠪᠠᠷᠢᠮᠵᠢᠶ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠠᠵᠢᠯ ᠠᠯᠳᠠᠯᠲᠠ ᠶᠢ ᠰᠡᠷᠡᠮᠵᠢᠯᠡᠭᠦᠯᠬᠦ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠠᠵᠢᠯ ᠠᠯᠳᠠᠯᠲᠠ ᠶᠢᠨ ᠳᠠᠭᠠᠳᠬᠠᠯ ᠢ ᠭᠠᠷᠳᠠᠨ ᠬᠢᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠳᠥᠷᠪᠡ︶ ᠰᠠᠭᠤᠷᠢ ᠮᠥᠩᠭᠦᠨ ᠤ ᠰᠲ᠋ᠣᠺ᠃ ᠵᠢᠦ ᠶᠤᠸᠠᠨ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠭᠰᠠᠳ ᠤᠨ ᠰᠠᠭᠤᠷᠢ ᠮᠥᠩᠭᠦ ᠶᠢ ᠬᠢᠨᠠᠨ ᠪᠠᠶᠢᠴᠠᠭᠠᠬᠤ ᠲᠦᠷᠢᠮ ᠢ ᠲᠤᠭᠤᠷᠪᠢᠨ ᠲᠣᠭᠲᠠᠭᠠᠨ᠎ᠠ᠃ ᠦᠨᠳᠦᠰᠦᠨ ᠨᠠᠰᠤᠵᠢᠯ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ᠂ ᠠᠵᠢᠯ ᠣᠯᠭᠤᠯᠲᠠ ᠶᠢᠨ ᠲᠤᠰᠬᠠᠶ ᠪᠡᠯᠡ ᠮᠥᠩᠭᠦ᠂ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠰᠠᠭᠤᠷᠢ ᠮᠥᠩᠭᠦ ᠵᠡᠷᠭᠡ ᠪᠡᠯᠡ ᠮᠥᠩᠭᠦ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠦᠨ᠎ᠡ ᠃ ᠰᠠᠭᠤᠷᠢ ᠪᠡᠯᠡ ᠶᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠰᠢᠰᠲ᠋ᠧᠮ ᠢ ᠪᠠᠶᠢᠭᠤᠯᠤᠨ᠎ᠠ︔ ᠪᠠᠶᠢᠴᠠᠭᠠᠵᠤ ᠵᠠᠯᠠᠷᠠᠭᠤᠯᠬᠤ ᠰᠠᠭᠤᠷᠢ ︵ᠪᠡᠯᠡ︶︶ ᠮᠥᠩᠭᠦ ᠶᠢ ᠬᠠᠮᠢᠶᠠᠷᠬᠤ ᠪᠠ ᠬᠡᠷᠡᠭᠯᠡᠬᠦ ᠲᠠᠯ᠎ᠠ ᠪᠠᠷ ᠬᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ︔ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠭᠰᠠᠨ ᠪᠠᠶᠢᠳᠠᠯ ᠪᠣᠯᠤᠨ ᠣᠯᠭᠤᠮᠵᠢ ᠠᠪᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠪᠠ ᠨᠡᠶᠢᠭᠡᠮ ᠤᠨ ᠳᠠᠭᠠᠳᠬᠠᠯ ᠤᠨ ᠰᠦᠢᠳᠬᠡᠯ ᠮᠡᠳᠡᠭᠦᠯᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠲᠣᠪᠴᠢᠶ᠎ᠠ ᠶᠢᠨ ᠰᠢᠰᠲ᠋ᠧᠮ ᠤᠨ ᠡᠳ᠋ ᠤᠨ ᠶᠠᠪᠤᠳᠠᠯ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠲᠣᠪᠴᠢᠶ᠎ᠠ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠲᠥᠰᠦᠪ ᠤᠨ ᠪᠡᠯᠡ ᠮᠥᠩᠭᠦ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃    ︵ᠲᠠᠪᠤ︶ ᠴᠠᠯᠢᠩ ᠪᠠ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠬᠠᠮᠢᠶᠠᠷᠤᠯᠲᠠ ᠶᠢᠨ ᠲᠠᠰᠤᠭ᠃ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ᠂ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠣᠷᠣᠨ ᠤ ᠠᠯᠪᠠᠨ ᠪᠠᠶᠢᠭᠤᠯᠭ᠎ᠠ ᠪᠣᠯᠤᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠣᠷᠣᠨ ᠨᠤᠲᠤᠭ ᠤᠨ ᠴᠢᠨᠠᠷᠲᠠᠶ ᠨᠡᠮᠡᠭᠦᠷᠢ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ ᠨᠢᠭᠡᠴᠡ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠢ ᠲᠡᠭᠦᠯᠳᠡᠷᠵᠢᠭᠦᠯᠦᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠪᠣᠯᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠴᠠᠯᠢᠩ ᠢ ᠬᠢᠨᠠᠨ ᠲᠣᠭᠲᠠᠭᠠᠬᠤ ᠠᠵᠢᠯ ᠢ ᠡᠭᠦᠷᠭᠡᠯᠡᠨ᠎ᠡ᠃ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠠᠮᠠᠷᠠᠯᠲᠠ ᠶᠢᠨ ᠳᠦᠷᠢᠮ ᠢ ᠬᠡᠷᠡᠭᠵᠢᠭᠦᠯᠵᠦ᠃    ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠡᠪᠡᠳᠴᠢᠨ ᠠᠴᠠ ᠪᠣᠯᠤᠭᠰᠠᠨ ᠪᠤᠶᠤ ᠠᠵᠢᠯ ᠠᠴᠠ ᠪᠣᠯᠵᠤ ᠦᠬᠦᠭᠰᠡᠨ ᠠᠵᠢᠯᠲᠠᠨ ᠠᠵᠢᠯᠴᠢᠨ ᠤ ᠣᠷᠣᠰᠢᠭᠤᠯᠭ᠎ᠠ ᠶᠢᠨ ᠲᠤᠰᠠᠯᠠᠮᠵᠢ ᠶᠢᠨ ᠮᠥᠩᠭᠦ ᠪᠣᠯᠤᠨ ᠠᠰᠠᠷᠠᠮᠵᠢ ᠶᠢᠨ ᠮᠥᠩᠭᠦ ᠶᠢ ᠲᠤᠤᠱᠯᠠᠭᠤᠯᠤᠨ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠦᠭᠡᠳᠦᠶ ᠡᠪᠡᠳᠴᠢᠨ ᠠᠴᠠ ᠪᠣᠯᠤᠭᠰᠠᠨ ᠪᠤᠶᠤ ᠠᠵᠢᠯ ᠠᠴᠠ ᠪᠣᠯᠵᠤ ᠵᠡᠮᠳᠡᠭ ᠪᠣᠯᠤᠭᠰᠠᠨ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠡᠪᠡᠳᠴᠢᠨ ᠤ ᠨᠥᠬᠦᠪᠥᠷᠢ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠵᠢᠴᠢ ᠲᠡᠭᠦᠨ ᠤ ᠬᠡᠷ ᠪᠦᠯᠢ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠠᠵᠤ ᠠᠬᠤᠶᠢᠯᠠᠯ ᠤᠨ ᠣᠨᠴᠠᠭᠠᠶ ᠠᠵᠢᠯ ᠤᠨ ᠲᠥᠷᠥᠯ ᠢ ᠮᠠᠭᠠᠳᠯᠠᠨ ᠲᠣᠭᠲᠠᠭᠠᠵᠤ ᠭᠤᠶᠤᠴᠢᠯᠠᠨ ᠮᠡᠳᠡᠭᠦᠯᠬᠦ ᠪᠠ ᠬᠤᠲᠠ ᠪᠠᠯᠭᠠᠰᠤ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠠᠵᠢᠯᠲᠠᠨ ᠤ ᠠᠵᠢᠯ ᠠᠴᠠ ᠪᠠᠨ ᠪᠠᠭᠤᠬᠤ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠠᠵᠢᠯ ᠦᠢᠯᠡᠰ ᠤᠨ ᠠᠵᠢᠯᠲᠠᠨ ᠠᠵᠢᠯᠴᠢᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠢ ᠰᠦᠢᠳᠬᠡᠯ ᠲᠤᠰᠢᠶᠠᠭᠰᠠᠨ ᠤᠨ ᠵᠢᠯ ᠲᠠᠢ ᠠᠳᠠᠯᠢ ᠪᠠᠷ ᠦᠵᠡᠬᠦ ᠠᠵᠢᠯ ᠢ ᠬᠠᠷᠢᠭᠤᠴᠠᠨ᠎ᠠ᠃    ᠤᠯᠤᠰ ᠤᠨ ᠢᠷᠠᠭᠤ ᠠᠯᠳᠠᠷ ᠤᠨ ᠲᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠱᠠᠩᠨᠠᠨ ᠬᠥᠬᠢᠭᠦᠯᠬᠦ ᠲᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠵᠠᠰᠠᠭ ᠵᠠᠬᠢᠷᠭᠠᠨ ᠤ ᠱᠠᠩᠨᠠᠨ ᠬᠥᠬᠢᠭᠦᠯᠬᠦ ᠠᠵᠢᠯ ᠢ ᠵᠢᠯᠣᠭᠤᠳᠤᠨ ᠵᠣᠬᠢᠴᠠᠭᠤᠯᠵᠤ᠂ ᠵᠢᠦ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠬᠡᠷᠡᠭᠵᠢᠭᠦᠯᠦᠭᠰᠡᠨ ᠱᠠᠩᠨᠠᠨ ᠬᠥᠬᠢᠭᠦᠯᠬᠦ ᠠᠵᠢᠯᠯᠠᠭ᠎ᠠ ᠶᠢ ᠬᠢᠨᠠᠨ ᠬᠠᠷᠭᠤᠭᠤᠯᠪᠠ᠃    ︵ᠵᠢᠷᠭᠤᠭ᠎ᠠ︶ ᠳᠠᠩᠰᠠ ᠡᠪᠬᠡᠮᠡᠯ ᠤᠨ ᠭᠡᠷ᠃ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠠᠴᠠ ᠭᠠᠳᠠᠨᠠᠬᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠠᠯᠠᠭᠠᠨ ᠤ ᠳᠡᠰ ᠠᠴᠠ ᠳᠣᠷᠣᠭᠰᠢᠬᠢ ᠠᠵᠢᠯᠲᠠᠨ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠳᠤᠯᠤᠭ᠎ᠠ︶ ᠪᠣᠭᠤᠲᠣ ᠬᠤᠲᠠ ᠶᠢᠨ ᠵᠢᠦ ᠶᠤᠸᠠᠨ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠣᠭᠠᠨ ᠤ ᠬᠥᠨᠳᠡᠯᠡᠨ ᠠᠴᠠ ᠲᠠᠰᠤᠯᠬᠤ ᠬᠤᠷᠢᠶ᠎ᠠ᠃ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠤᠯᠪᠣᠭᠳᠠᠯ ᠪᠦᠬᠦᠢ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠢ ᠤᠬᠠᠭᠤᠯᠤᠨ᠎ᠠ᠃    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠬᠠᠤᠯᠢ︾᠂ ︽ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠡᠷᠡᠭ ᠰᠢᠢᠳᠪᠦᠷᠢᠯᠡᠬᠦ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠬᠠᠷᠢᠶ᠎ᠠ ᠣᠷᠣᠨ ᠤ ᠳᠣᠲᠣᠷ᠎ᠠ ᠭᠠᠷᠤᠭᠰᠠᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠨ᠎ᠠ︔    ᠣᠷᠣᠨ ᠪᠦᠰᠡ ᠶᠢᠨ ᠴᠢᠨᠠᠷᠲᠠᠶ ᠪᠠ ᠠᠵᠢᠯ ᠲᠥᠷᠥᠯ ᠤᠨ ᠴᠢᠨᠠᠷᠲᠠᠶ ᠬᠥᠳᠡᠯᠮᠦᠷᠢ ᠠᠵᠢᠯᠲᠠᠨ ᠤ ᠶᠠᠪᠤᠳᠠᠯ ᠤᠨ ᠵᠢᠭᠤᠷᠠᠯᠳᠤᠭᠠᠨ ᠢ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠥᠷᠨᠢᠭᠦᠯᠬᠦ ᠶᠢ ᠬᠠᠷᠢᠭᠤᠴᠠᠨ ᠵᠢᠯᠣᠭᠤᠳᠤᠨ᠎ᠠ︔    ᠬᠥᠨᠳᠡᠯᠡᠨ ᠠᠴᠠ ᠲᠠᠰᠤᠯᠬᠤ ᠬᠤᠷᠢᠶᠠᠨ ᠤ ᠠᠵᠢᠯᠲᠠᠨ ᠢ ᠪᠣᠯᠪᠠᠰᠤᠷᠠᠭᠤᠯᠬᠤ ᠪᠠ ᠰᠢᠯᠭᠠᠨ ᠬᠢᠨᠠᠬᠤ ᠠᠵᠢᠯ ᠢ ᠬᠠᠷᠢᠭᠤᠴᠠᠵᠤ᠂ ᠬᠥᠨᠳᠡᠯᠡᠨ ᠠᠴᠠ ᠲᠠᠰᠤᠯᠬᠤ ᠵᠢᠴᠢ ᠲᠤᠰᠠᠯᠠᠬᠤ ᠠᠵᠢᠯᠲᠠᠨ ᠤ ᠠᠵᠢᠯ ᠮᠡᠷᠭᠡᠵᠢᠯ ᠤᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ︔    ᠬᠥᠳᠡᠯᠮᠦᠷᠢ ᠠᠵᠢᠯᠲᠠᠨ ᠤ ᠶᠠᠪᠤᠳᠠᠯ ᠤᠨ ᠬᠥᠨᠳᠡᠯᠡᠨ ᠠᠴᠠ ᠲᠠᠰᠤᠯᠬᠤ ᠬᠡᠷᠡᠭ ᠤᠨ ᠪᠢᠴᠢᠭ ᠬᠠᠷ᠎ᠠ ᠬᠢᠭᠡᠳ ᠳᠠᠩᠰᠠ ᠡᠪᠬᠡᠮᠡᠯ ᠤᠨ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔    ᠬᠥᠨᠳᠡᠯᠡᠨ ᠠᠴᠠ ᠲᠠᠰᠤᠯᠬᠤ ᠬᠦᠷᠢᠶᠡᠯᠡᠩ ᠤᠨ ᠳᠣᠲᠣᠭᠠᠳᠤ ᠶᠢᠨ ᠬᠠᠮᠢᠶᠠᠷᠤᠯᠲᠠ ᠶᠢᠨ ᠠᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ︔    ᠳᠡᠭᠡᠳᠦ ᠱᠠᠲᠤᠨ ᠠᠴᠠ ᠲᠤᠰᠢᠶᠠᠭᠰᠠᠨ ᠪᠤᠰᠤᠳ ᠡᠭᠦᠷᠭᠡ ᠶᠢ ᠳᠠᠭᠠᠭᠠᠨ ᠠᠪᠴᠤ ᠭᠦᠢᠴᠡᠳᠭᠡᠨ᠎ᠡ᠃    ︵ᠨᠠᠢᠮᠠ︶ ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ᠃ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠠᠵᠢᠯᠲᠠᠨ ᠤ ᠳᠠᠩᠰᠠ ᠡᠪᠬᠡᠮᠡᠯ ᠢ ᠵᠢᠭᠡᠯᠡᠨ ᠦᠵᠡᠬᠦ᠂ ᠬᠦᠯᠢᠶᠡᠨ ᠠᠪᠬᠤ᠂ ᠬᠠᠮᠢᠶᠠᠷᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃    ᠡᠳᠦᠷ ᠲᠤᠲᠤᠮ ᠤᠨ ᠠᠵᠢᠯ᠂ ᠭᠠᠳᠠᠭᠠᠳᠤ ᠲᠠᠢ ᠬᠠᠷᠢᠯᠴᠠᠬᠤ᠂ ᠠᠯᠪᠠᠨ ᠪᠢᠴᠢᠭ ᠲᠤᠭᠤᠷᠪᠢᠬᠤ᠂ ᠳᠦᠷᠢᠮ ᠲᠣᠭᠲᠠᠭᠠᠯ ᠤᠨ ᠪᠠᠶᠢᠭᠤᠯᠤᠯᠲᠠ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠶᠡᠷᠦᠩᠬᠡᠶᠢᠯᠡᠨ ᠵᠠᠰᠠᠬᠤ ᠵᠢᠴᠢ ᠡᠯ᠎ᠡ ᠵᠦᠢᠯ ᠤᠨ ᠠᠵᠢᠯᠯᠠᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ︔ ᠣᠷᠣᠯᠠᠨ ᠬᠠᠮᠢᠶᠠᠷᠬᠤ ᠠᠵᠢᠯᠲᠠᠨ ᠤ ᠣᠷᠣᠰᠢᠭᠤᠯᠭ᠎ᠠ ᠶᠢᠨ ᠵᠠᠷᠤᠳᠠᠯ ᠤᠨ ᠠᠰᠠᠷᠠᠮᠵᠢ ᠶᠢᠨ ᠮᠥᠩᠭᠦ ᠶᠢ ᠭᠤᠶᠤᠴᠢᠯᠠᠨ ᠠᠪᠬᠤ ᠠᠵᠢᠯ ᠢ ᠬᠠᠷᠢᠭᠤᠴᠠᠨ᠎ᠠ︔ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠬᠦ ᠠᠵᠢᠯ ᠢ ᠬᠠᠷᠢᠭᠤᠴᠠᠨ᠎ᠠ᠃    ᠬᠠᠷᠢᠶᠠᠲᠤ ᠣᠷᠣᠨ ᠤ ᠳᠣᠲᠣᠷᠠᠬᠢ ᠡᠯ᠎ᠡ ᠬᠥᠮᠦᠨ ᠤ ᠬᠦᠴᠦᠨ ᠤ ᠡᠬᠢ ᠪᠠᠶᠠᠯᠢᠭ ᠤᠨ  ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠠᠵᠢᠯ︔ ᠴᠢᠳᠠᠪᠤᠷᠢᠲᠠᠨ ᠤ ᠠᠮᠤᠷ ᠠᠮᠤᠭᠤᠯᠠᠩ ᠠᠩᠬᠠᠨ ᠤ ᠬᠢᠨᠠᠯᠲᠠ ᠪᠠ ᠮᠡᠳᠡᠭᠦᠯᠦᠨ ᠬᠦᠷᠭᠡᠬᠦ ᠠᠵᠢᠯ︔ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠢ ᠨᠥᠭᠡᠴᠡᠯᠡᠬᠦ ᠠᠵᠢᠯ︔ ᠰᠤᠷᠭᠠᠭᠤᠯᠢ ᠠᠴᠠ ᠪᠠᠨ ᠰᠠᠯᠤᠭᠰᠠᠨ ᠤᠶᠤᠲᠠᠳ ᠲᠤ ᠠᠵᠢᠯ ᠣᠯᠭᠤᠬᠤ ᠳᠠᠳᠤᠯᠭ᠎ᠠ ᠶᠢᠨ ᠬᠠᠮᠢᠶ᠎ᠠ ᠪᠦᠬᠦᠢ ᠠᠵᠢᠯ᠃    ᠭᠤᠷᠪᠠ᠂ ᠳᠣᠣᠷ᠎ᠠ ᠨᠢ ᠪᠠᠶᠢᠭᠤᠯᠤᠭᠰᠠᠨ ᠪᠠᠶᠢᠭᠤᠯᠭ᠎ᠠ    ︵ᠨᠢᠭᠡ︶ ᠵᠢᠦ ᠶᠤᠸᠠᠨ ᠲᠣᠭᠤᠷᠢᠭ ᠤᠨ ᠠᠵᠢᠯ ᠣᠯᠭᠤᠯᠲᠡ ᠶᠢᠨ ᠦᠢᠯᠡᠴᠢᠯᠡᠭᠡᠨ ᠤ ᠲᠥᠪ᠃ ᠬᠤᠲᠠ ᠬᠥᠳᠡᠭᠡ ᠶᠢᠨ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠷᠢᠭᠤᠴᠠᠨ ᠨᠠᠶᠢᠳᠠᠪᠤᠷᠢᠵᠢᠭᠤᠯᠬᠤ ᠬᠡᠷᠡᠭᠲᠡᠶ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠴᠤᠭᠯᠠᠭᠤᠯᠤᠨ ᠵᠠᠳᠠᠯᠵᠤ ᠲᠥᠰᠦᠭᠡᠯᠡᠬᠦ ᠪᠠ ᠨᠡᠶᠢᠲᠡᠯᠡᠬᠦ ᠠᠵᠢᠯ ᠢ ᠥᠷᠨᠢᠭᠦᠯᠵᠦ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ ᠬᠡᠷᠡᠭᠲᠡᠶ᠃    ᠣᠷᠣᠨ ᠪᠦᠰᠡ ᠶᠢᠨ ᠬᠤᠭᠤᠷᠣᠨᠳᠣᠬᠢ ᠬᠥᠳᠡᠯᠮᠦᠷᠢ ᠬᠦᠴᠦᠨ ᠤ ᠰᠣᠯᠢᠯᠴᠠᠭ᠎ᠠ ᠶᠢ ᠡᠭᠦᠷᠭᠡᠯᠡᠵᠦ᠂ ᠬᠥᠳᠡᠭᠡ ᠲᠣᠰᠬᠤᠨ ᠤ ᠢᠯᠡᠭᠦᠴᠡ ᠬᠥᠳᠡᠯᠮᠦᠷᠢ ᠬᠦᠴᠦᠨ ᠤ ᠡᠮᠬᠢ ᠵᠢᠷᠤᠮ ᠲᠠᠢ ᠪᠠᠷ ᠰᠢᠯᠵᠢᠬᠦ ᠶᠢ ᠵᠣᠬᠢᠴᠠᠭᠤᠯᠤᠨ᠎ᠠ᠃    ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ᠂ ᠣᠯᠭᠤᠮᠵᠢ ᠶᠢ ᠬᠢᠨᠠᠨ ᠬᠠᠷᠭᠤᠭᠤᠯᠵᠤ ᠲᠠᠷᠬᠠᠭᠠᠬᠤ᠂ ᠠᠵᠤ ᠠᠬᠤᠶᠢᠯᠠᠯ ᠳᠤ ᠠᠵᠢᠯ ᠠᠯᠳᠠᠯᠲᠠ ᠶᠢᠨ ᠪᠠᠶᠢᠳᠠᠯ ᠢ ᠬᠢᠨᠠᠨ ᠬᠡᠮᠵᠢᠬᠦ ᠵᠢᠴᠢ ᠠᠵᠢᠯ ᠠᠯᠳᠠᠭᠰᠠᠳ ᠤᠨ ᠬᠠᠮᠢᠶᠠᠷᠤᠯᠲᠠ ᠶᠢᠨ ᠠᠵᠢᠯ ᠢ ᠬᠢᠬᠦ ᠬᠡᠷᠡᠭᠲᠡᠶ᠃    ᠵᠠᠬ᠎ᠠ ᠳᠡᠯᠭᠡᠭᠦᠷ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠣᠯᠤᠨ ᠠᠵᠢᠯ ᠡᠷᠢᠬᠦ ᠬᠥᠮᠦᠰ ᠤᠨ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠣᠰᠣᠭᠠᠷ᠂ ᠰᠦᠢᠳᠬᠡᠯ ᠬᠤᠷᠢᠶᠠᠬᠤ ᠦᠭᠡᠶ ᠪᠠᠷ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠦᠨ᠎ᠡ᠃    ᠪᠠᠭ᠎ᠠ ᠲᠣᠭᠠᠨ ᠤ ᠵᠢᠭᠡᠯᠡᠯᠭᠡ ᠶᠢᠨ ᠦᠢᠯᠡᠴᠢᠯᠡᠭᠡᠨ ᠪᠠ ᠠᠳᠠᠯ ᠦᠢᠯᠡᠰ ᠪᠣᠰᠬᠠᠬᠤ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠦᠨ᠎ᠡ᠃    ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠣᠯᠭᠤᠬᠤ ᠠᠵᠢᠯ ᠤᠨ ᠪᠠᠶᠢᠷᠢ ᠶᠢ ᠨᠡᠭᠡᠭᠡᠵᠦ᠂ ᠠᠵᠢᠯ ᠣᠯᠬᠤ ᠳᠤ ᠬᠦᠴᠢᠷᠲᠡᠶ ᠬᠥᠮᠦᠰ ᠢ ᠬᠢᠨᠠᠬᠤ᠂ ᠦᠨᠡᠮᠰᠢᠬᠦ ᠵᠢᠴᠢ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠬᠤ ᠠᠵᠢᠯ ᠳᠣᠲᠣᠭᠠᠳᠤ ᠶᠢᠨ ᠪᠠᠶᠢᠭᠤᠯᠤᠮᠵᠢ᠄ ᠶᠡᠷᠦᠩᠬᠡᠶᠢᠯᠡᠭᠰᠡᠨ ᠠᠯᠪᠠᠨ ᠬᠡᠷ᠂ ᠬᠢᠨᠠᠯᠲᠠ ᠲᠠᠯᠪᠢᠵᠤ ᠪᠠᠶᠢᠴᠠᠭᠠᠬᠤ ᠠᠯᠪᠠᠨ ᠬᠡᠷ᠂ ᠲᠥᠯᠥᠪᠯᠡᠭᠡᠲᠦ ᠡᠳ᠋ ᠤᠨ ᠶᠠᠪᠤᠳᠠᠯ ᠤᠨ ᠠᠯᠪᠠᠨ ᠬᠡᠷ᠂ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠤᠨ ᠠᠯᠪᠠᠨ ᠬᠡᠷ᠂ ᠠᠳᠠᠯ ᠦᠢᠯᠡᠰ ᠴᠣᠭᠴᠠᠯᠠᠬᠤ ᠶᠢ ᠵᠢᠯᠣᠭᠤᠳᠬᠤ ᠠᠯᠪᠠᠨ ᠬᠡᠷ᠂ ᠶᠡᠭᠡ ᠳᠡᠭᠡᠳᠦ ᠰᠤᠷᠭᠠᠭᠤᠯᠢ ᠶᠢᠨ ᠠᠯᠪᠠᠨ ᠬᠡᠷ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠠᠯᠪᠠᠨ ᠬᠡᠷ᠂ ᠠᠵᠢᠯ ᠣᠯᠭᠤᠯᠲᠠ ᠶᠢᠨ ᠠᠯᠪᠠᠨ ᠬᠡᠷ᠂ ᠠᠵᠢᠯ ᠠᠯᠳᠠᠭᠰᠠᠨ ᠪᠠ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠥᠪ ᠵᠡᠷᠭᠡ 10 ᠰᠠᠯᠠᠭ᠎ᠠ ᠲᠠᠰᠤᠭ᠃    ︵ᠬᠤᠶᠠᠷ︶ ᠵᠢᠦ ᠶᠤᠸᠠᠨ ᠲᠤᠬᠤᠷᠢᠭ ᠤᠨ ᠨᠡᠶᠢᠭᠡᠮ ᠤᠨ ᠳᠠᠬᠠᠳᠬᠠᠯ ᠤᠨ ᠦᠢᠯᠡᠰ ᠤᠨ ᠦᠶ᠋ᠯᠡᠴᠢᠯᠡᠭᠡᠨ ᠤ ᠲᠥᠪ᠃ ᠵᠢᠦ ᠶᠤᠸᠠᠨ ᠲᠣᠭᠤᠷᠢᠭ ᠤᠨ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ᠂ ᠰᠦᠢᠳᠬᠡᠯ ᠲᠤᠰᠢᠶᠠᠬᠤ ᠶᠢ ᠬᠢᠨᠠᠨ ᠲᠣᠭᠲᠠᠭᠠᠬᠤ᠂ ᠲᠠᠲᠠᠪᠤᠷᠢᠯᠠᠨ ᠲᠤᠰᠢᠶᠠᠬᠤ ᠲᠥᠯᠥᠪᠯᠡᠭᠡ ᠶᠢ ᠪᠠᠭᠤᠯᠭᠠᠬᠤ᠂ ᠪᠣᠳᠠᠲᠠᠶ ᠲᠤᠰᠢᠶᠠᠵᠤ ᠳᠠᠩᠰᠠ ᠬᠤᠪᠢᠶᠠᠷᠢᠯᠠᠬᠤ ᠶᠢ ᠡᠭᠦᠷᠭᠡᠯᠡᠨ᠎ᠡ᠃    ᠠᠵᠢᠯ ᠠᠯᠳᠠᠯᠲᠠ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ᠂ ᠰᠦᠢᠳᠬᠡᠯ ᠲᠤᠰᠢᠶᠠᠬᠤ ᠶᠢ ᠬᠢᠨᠠᠨ ᠲᠣᠭᠲᠠᠭᠠᠬᠤ᠂ ᠲᠠᠲᠠᠪᠤᠷᠢᠯᠠᠨ ᠲᠤᠰᠢᠶᠠᠬᠤ ᠲᠥᠯᠥᠪᠯᠡᠭᠡ ᠶᠢ ᠪᠠᠭᠤᠯᠭᠠᠨ᠎ᠠ᠃ ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠬᠠᠷᠢᠴᠠᠭ᠎ᠠ ᠶᠢ ᠨᠢ ᠬᠤᠪᠢᠷᠠᠭᠠᠬᠤ᠂ ᠰᠢᠯᠵᠢᠭᠦᠯᠬᠦ᠂ ᠦᠷᠭᠦᠯᠵᠢᠯᠡᠭᠦᠯᠬᠦ ᠵᠡᠷᠭᠡ ᠬᠠᠮᠢᠶᠠᠷᠤᠯᠲᠠ ᠶᠢᠨ ᠠᠵᠢᠯ    ᠵᠢᠥ ᠶᠤᠸᠠᠨ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠡᠳᠡᠭᠡ ᠵᠠᠩᠭᠢ ᠶᠢ ᠬᠠᠷᠭᠤᠭᠤᠯᠬᠤ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠵᠢᠴᠢ ᠨᠥᠭᠴᠢᠭᠰᠡᠳ ᠤᠨ ᠬᠡᠷ ᠪᠦᠯᠢ ᠶᠢᠨ ᠠᠵᠢᠯᠲᠠᠨ ᠤ ᠣᠯᠭᠤᠮᠵᠢ ᠶᠢ ᠪᠤᠳᠤᠵᠤ ᠲᠠᠷᠬᠠᠭᠠᠬᠤ᠂ ᠲᠣᠬᠢᠷᠠᠭᠤᠯᠤᠯᠲᠠ ᠬᠢᠬᠦ᠂ ᠲᠦᠷ ᠵᠣᠭᠰᠣᠭᠠᠬᠤ᠂ ᠰᠡᠷᠭᠦᠭᠡᠬᠦ᠂ ᠡᠴᠦᠰᠯᠡᠭᠦᠯᠬᠦ ᠵᠢᠴᠢ ᠠᠵᠢᠯ ᠠᠴᠠ ᠪᠠᠨ ᠪᠠᠭᠤᠵᠤ ᠠᠮᠠᠷᠠᠬᠤ ᠪᠠᠷ ᠭᠤᠶᠤᠴᠢᠯᠠᠨ ᠮᠡᠳᠡᠭᠦᠯᠦᠨ᠎ᠡ᠃    ᠵᠢᠥ ᠶᠤᠸᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠢ ᠭᠠᠷᠲᠠᠨ ᠭᠦᠢᠴᠡᠳᠬᠡᠬᠦ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠲᠣᠭᠲᠠᠭᠠᠯ ᠠᠴᠠ ᠵᠥᠷᠢᠴᠡᠨ ᠨᠡᠶᠢᠭᠡᠮ ᠤᠨ ᠳᠠᠭᠠᠳᠬᠠᠯ ᠤᠨ ᠣᠯᠭᠤᠮᠵᠢ ᠠᠪᠬᠤ᠂ ᠲᠣᠭᠲᠠᠭᠠᠯ ᠠᠴᠠ ᠵᠥᠷᠢᠴᠡᠨ ᠰᠠᠭᠤᠷᠢ ᠮᠥᠩᠭᠦ ᠶᠢ ᠨᠡᠭᠦᠯᠭᠡᠨ ᠬᠡᠷᠡᠭᠯᠡᠵᠦ ᠨᠡᠬᠡᠮᠵᠢᠯᠡᠨ ᠲᠤᠰᠢᠶᠠᠯᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠠᠮᠢᠶᠠᠷᠬᠤ᠂ ᠥᠭᠬᠦ᠂ ᠠᠵᠢᠯ ᠮᠡᠷᠭᠡᠵᠢᠯ ᠤᠨ ᠣᠨ ᠤ ᠮᠥᠩᠭᠦ ᠶᠢᠨ ᠰᠠᠭᠤᠷᠢ ᠮᠥᠩᠭᠦ ᠶᠢᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ᠂ ᠵᠠᠷᠤᠳᠠᠯ ᠢ ᠬᠢᠨᠠᠨ ᠲᠣᠭᠲᠠᠭᠠᠬᠤ ᠪᠠ ᠬᠠᠮᠢᠶᠠᠷᠬᠤ᠂ ᠪᠠᠯᠠ ᠣᠷᠣᠭᠤᠯᠤᠨ ᠡᠵᠡᠩᠨᠡᠬᠦ ᠶᠢ ᠬᠠᠷᠢᠭᠤᠴᠠᠨ᠎ᠠ᠃ ᠲᠣᠳᠣᠭᠠᠳᠣ ᠳᠠᠭᠠᠨ ᠪᠠᠶᠢᠭᠤᠯᠥᠠᠠᠰᠠᠨ ᠪᠠᠶᠢᠭᠤᠯᠥᠮᠵᠢ᠄ ᠶᠡᠷᠦᠩᠭᠡᠶᠢᠯᠡᠭᠰᠡᠨ ᠠᠯᠪᠠᠨ ᠭᠡᠷ᠂ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠨᠠᠰᠣᠵᠢᠯ ᠤᠨ ᠳᠠᠭᠠᠳᠬᠠᠯ ᠤᠨ ᠳᠠᠰᠤᠭ᠂ ᠰᠦᠢᠳᠭᠡᠯ ᠲᠣᠰᠢᠶᠡᠬᠤ ᠶᠢ ᠬᠢᠨᠡᠨ ᠲᠣᠠᠠᠳᠠᠭᠠᠬᠤ ᠳᠠᠰᠤᠭ᠂ ᠵᠠᠷᠣᠳᠡᠯ ᠢ ᠳᠡᠮᠳᠡᠭᠯᠡᠬᠦ ᠳᠠᠰᠤᠭ᠂ ᠣᠯᠭᠤᠮᠵᠢ ᠶᠢ ᠬᠢᠨᠡᠨ ᠪᠤᠳᠣᠬᠤ ᠳᠠᠰᠤᠭ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠳᠠᠰᠤᠭ᠂ ᠬᠠᠷᠭᠤᠭᠤᠯᠥᠨ ᠪᠤᠳᠣᠵᠦ ᠬᠢᠨᠡᠨ ᠪᠤᠳᠣᠬᠤ ᠳᠠᠰᠤᠭ᠂ ᠰᠠᠭᠤᠷᠢ ᠮᠦᠡᠭᠬᠦ ᠶᠢᠨ ᠡᠳ᠋ ᠤᠨ ᠶᠠᠪᠤᠳᠡᠯ ᠤᠨ ᠳᠠᠰᠤᠭ᠃    ︵ᠭᠤᠷᠪᠠ︶ ᠵᠢᠦ ᠶᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠠᠷᠢᠶ᠎ᠠ ᠣᠷᠣᠨ ᠤ ᠬᠡᠪᠴᠢᠶᠡᠨ ᠳᠣᠲᠣᠷᠠᠬᠢ ᠡᠯ᠎ᠡ ᠬᠥᠮᠦᠨ ᠬᠡᠷᠡᠭᠯᠡᠬᠦ ᠨᠢᠭᠡᠴᠡ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠢ ᠵᠢᠷᠤᠮᠯᠠᠵᠤ ᠪᠠᠶᠢᠴᠠᠭᠠᠭᠰᠠᠨ ᠪᠠᠶᠢᠳᠠᠯ ᠢ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠠᠯᠠᠷᠠᠭᠤᠯᠬᠤ ᠪᠠ ᠪᠠᠶᠢᠴᠠᠭᠠᠨ ᠰᠢᠢᠳᠪᠦᠷᠢᠯᠡᠵᠦ᠂ ᠬᠥᠳᠡᠯᠮᠦᠷᠢᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠭᠤᠤᠯ ᠡᠭᠦᠷᠭᠡ ᠬᠠᠷᠢᠭᠤᠴᠠᠯᠭ᠎ᠠ ᠨᠢ᠄    ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠢ ᠤᠬᠠᠭᠤᠯᠵᠤ᠂ ᠬᠥᠮᠦᠨ ᠬᠡᠷᠡᠭᠯᠡᠬᠦ ᠨᠢᠭᠡᠴᠡ ᠶᠢ ᠰᠢᠮᠳᠠᠭᠤᠯᠤᠨ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃    ᠬᠦᠮᠦᠨ ᠬᠡᠷᠡᠭᠯᠡᠬᠦ ᠨᠢᠭᠡᠴᠡ ᠶᠢᠨ ᠬᠥᠳᠡᠯᠮᠦᠷᠢ ᠶᠢᠨ ᠪᠠᠲᠤᠯᠠᠪᠤᠷᠢ ᠶᠢᠨ ᠬᠠᠤᠯᠢ ᠴᠠᠭᠠᠵᠠ᠂ ᠬᠠᠤᠯᠢ ᠳᠦᠷᠢᠮ ᠪᠠ ᠳᠦᠷᠢᠮ ᠲᠣᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠢ ᠪᠠᠶᠢᠴᠠᠭᠠᠵᠤ᠃    ᠬᠥᠳᠡᠯᠮᠦᠷᠢ ᠶᠢᠨ ᠪᠠᠲᠤᠯᠠᠪᠤᠷᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠳᠦᠷᠢᠮ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠵᠦ ᠵᠠᠷᠭᠤ ᠬᠢᠬᠦ ᠶᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃    ᠬᠥᠳᠡᠯᠮᠦᠷᠢ ᠶᠢᠨ ᠪᠠᠲᠤᠯᠠᠪᠤᠷᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠳᠦᠷᠢᠮ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠵᠠᠯᠠᠷᠠᠭᠤᠯᠬᠤ ᠪᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃    ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠦᠨ᠎ᠡ᠃    ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ᠬᠤᠯᠪᠣᠭᠠᠨ ᠤ ᠬᠠᠶ᠋ᠢᠭ᠄ ᠵᠢᠦ ᠶᠤᠸᠠᠨ ᠲᠣᠭᠤᠷᠢᠭ ᠤᠨ ᠨᠠᠮ ᠵᠠᠰᠠᠭ ᠤᠨ ᠠᠰᠠᠷ ᠤᠨ 7 ᠳᠠᠪᠬᠤᠷ    ᠠᠵᠢᠯ ᠤᠨ ᠤᠲᠠᠰᠤ᠄ 0472 - 7162112    ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ ᠬᠤᠶᠢᠨᠠᠬᠢ 14᠄ 30-17᠄ 30    ᠬᠠᠷᠢᠭᠤᠴᠠᠯᠭ᠎ᠠ ᠡᠭᠦᠷᠭᠡᠯᠡᠭᠴᠢ᠄ ᠪᠠᠶ ᠼᠦᠢ ᠰᠢᠶᠠ   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号