ᠵᠢᠦ ᠶᠤᠸᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2025/1/24
   ᠨᠢᠭᠡ᠂ ᠭᠤᠣᠯ ᠡᠭᠦᠷᠭᠡ ᠬᠠᠷᠢᠭᠤᠴᠠᠯᠭ᠎ᠠ    ( ᠨᠢᠭᠡ ) ᠪᠥᠬᠦ ᠲᠤᠭᠤᠷᠢᠭ ᠤᠨ ᠵᠠᠰᠠᠭ ᠣᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠯᠲᠠ᠂ ᠳᠥᠭᠦᠮᠵᠢᠯᠲᠡ ᠶᠢ ᠬᠠᠷᠢᠭᠤᠴᠠᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠂ ᠨᠢᠭᠡᠳᠦᠯᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠵᠡᠷᠭᠡ ᠰᠠᠭᠤᠷᠢ ᠨᠠᠷᠢᠨ ᠬᠠᠭᠤᠳᠠᠰᠤ ᠶᠢ ᠪᠠᠷᠢᠮᠵᠢᠶᠠᠵᠢᠭᠤᠯᠬᠤ ᠪᠠ ᠬᠠᠮᠢᠶ᠎ᠠ ᠪᠥᠬᠦᠶ ᠲᠦᠷᠢᠮ ᠤᠨ ᠪᠠᠶᠢᠭᠤᠯᠤᠯᠲᠠ ᠶᠢᠨ ᠠᠵᠢᠯ ᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃ ᠪᠦᠬᠦ ᠲᠤᠭᠤᠷᠢᠭ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠤᠯᠪᠣᠭᠳᠠᠯ ᠪᠦᠬᠦᠢ ᠠᠵᠢᠯ ᠢ ᠲᠥᠯᠥᠪᠵᠢᠭᠦᠯᠦᠨ ᠵᠢᠯᠣᠭᠤᠳᠴᠤ᠂《 ᠢᠨᠲ᠋ᠧᠷᠨ᠋ᠷᠲ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ 》 ᠤ ᠵᠣᠬᠢᠶᠠᠨ ᠪᠠᠶᠢᠭᠤᠯᠤᠨ ᠬᠠᠮᠢᠶᠠᠷᠬᠤ ᠠᠵᠢᠯ ᠢ ᠡᠭᠦᠷᠭᠡᠯᠡᠨ᠂ ᠪᠦᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃   ( ᠬᠤᠶᠠᠷ ) ᠪᠥᠬᠦ ᠲᠤᠭᠤᠷᠢᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠨ ᠪᠢᠴᠢᠬᠦ ᠶᠢᠨ ᠬᠠᠮᠲᠤ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠪᠦᠬᠦ ᠲᠤᠭᠤᠷᠢᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠠᠵᠢᠯ ᠢ ᠬᠠᠷᠢᠭᠤᠴᠠᠨ᠎ᠠ᠃   ( ᠭᠤᠷᠪᠠ ) ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ᠃ ᠲᠤᠭᠤᠷᠢᠭ ᠤᠨ ᠲᠤᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠨᠢᠭᠡᠴᠡ ᠶᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠥᠷᠨᠢᠭᠦᠯᠦᠨ᠎ᠡ᠃ ᠲᠤᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠤ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃   ( ᠳᠥᠷᠪᠡ ) ᠪᠥᠬᠦ ᠲᠤᠭᠤᠷᠢᠭ ᠤᠨ ᠳ᠋ᠠᠶᠢᠲ᠋ᠠ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠪᠠᠷ ᠭᠥᠷᠳᠡᠬᠦ ᠪᠠ ᠨᠡᠭᠡᠭᠡᠨ ᠬᠥᠭᠵᠢᠭᠦᠯᠵᠦ ᠠᠰᠢᠭᠯᠠᠬᠤ ᠶᠢ ᠠᠬᠢᠭᠤᠯᠵᠤ᠂ ᠳ᠋ᠠᠶᠢᠲ᠋ᠠ ᠶᠢᠨ ᠴᠢᠬᠤᠯᠠ ᠬᠦᠴᠦᠨ ᠵᠦᠢᠯ ᠤᠨ ᠥᠮᠴᠢᠯᠡᠬᠦ ᠡᠷᠬᠡ᠂ ᠭᠦᠢᠯᠭᠡᠭᠡ᠂ ᠬᠤᠪᠢᠶᠠᠷᠢᠯᠠᠯᠲᠠ᠂ ᠵᠠᠰᠠᠯᠲᠠ ᠵᠡᠷᠭᠡ ᠳ᠋ᠠᠶᠢᠲ᠋ᠠ ᠶᠢᠨ ᠰᠠᠭᠤᠷᠢ ᠲᠦᠷᠢᠮ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠳ᠋ᠠᠶᠢᠲ᠋ᠠ ᠶᠢᠨ ᠴᠢᠬᠤᠯᠠ ᠬᠦᠴᠦᠨ ᠵᠦᠢᠯ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠵᠢᠯᠣᠭᠤᠳᠴᠤ᠂ ᠳ᠋ᠠᠶᠢᠲ᠋ᠠ ᠶᠢᠨ ᠲᠣᠭᠲᠠᠭᠠᠯ ᠳᠤ ᠨᠡᠶᠢᠴᠡᠵᠦ ᠥᠨᠳᠥᠷ ᠪᠦᠲᠦᠮᠵᠢᠲᠡᠶ ᠪᠠᠷ ᠭᠦᠢᠯᠭᠡᠭᠡᠨ ᠬᠡᠷᠡᠭᠯᠡᠬᠦ ᠶᠢ ᠠᠬᠢᠭᠤᠯᠤᠨ᠎ᠠ᠃ ᠳ᠋ᠠᠶᠢᠲ᠋ᠠ ᠶᠢᠨ ᠴᠢᠬᠤᠯᠠ ᠬᠦᠴᠦᠨ ᠵᠦᠢᠯ ᠤᠨ ᠵᠠᠬ᠎ᠠ ᠳᠡᠯᠭᠡᠭᠦᠷ ᠢ ᠪᠤᠶᠢᠵᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠳ᠋ᠠᠶᠢᠲ᠋ᠠ ᠶᠢᠨ ᠠᠷᠠᠯᠵᠢᠶᠠᠨ ᠤ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠠᠬᠢᠭᠤᠯᠤᠨ᠎ᠠ᠃ ᠳ᠋ᠠᠶᠢᠲ᠋ᠠ ᠶᠢᠨ ᠡᠬᠢ ᠪᠠᠶᠠᠯᠢᠭ ᠢ ᠲᠥᠷᠥᠯ ᠬᠤᠪᠢᠶᠠᠨ ᠲᠠᠰ ᠬᠤᠪᠢᠶᠠᠨ ᠬᠠᠮᠢᠶᠠᠷᠬᠤ ᠶᠢ ᠵᠣᠬᠢᠴᠠᠭᠤᠯᠤᠨ ᠠᠬᠢᠭᠤᠯᠵᠤ᠂ ᠣᠯᠠᠨ ᠨᠡᠶᠢᠲᠡ ᠶᠢᠨ ᠳ᠋ᠠᠶᠢᠲ᠋ᠠ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠤᠨ ᠠᠵᠢᠯ ᠲᠥᠷᠥᠯ ᠠᠯᠤᠰᠯᠠᠨ ᠰᠠᠯᠠᠭ᠎ᠠ ᠮᠥᠴᠢᠷ ᠠᠯᠤᠰᠯᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠪᠦᠬᠦ ᠲᠤᠭᠤᠷᠢᠭ ᠤᠨ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ᠬᠤᠶᠠᠷ᠂ ᠳᠣᠲᠣᠭᠠᠳᠤ ᠪᠠᠶᠢᠭᠤᠯᠤᠮᠵᠢ    ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠨᠡᠶᠢᠲᠡ 3 ᠳᠣᠲᠣᠭᠠᠳᠤ ᠪᠠᠶᠢᠭᠤᠯᠤᠮᠵᠢ ᠪᠣᠶ :   ( ᠨᠢᠭᠡ )  ᠶᠡᠷᠦᠩᠬᠡᠶᠢᠯᠡᠭᠰᠡᠨ ᠠᠯᠪᠠᠨ ᠬᠡᠷ ( ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠯᠪᠠᠨ ᠬᠡᠷ ) ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠴᠠᠬᠢᠯᠭᠠᠨ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ᠂ ᠰᠢᠮᠳᠠᠭᠤᠯᠤᠨ ᠪᠠᠶᠢᠴᠠᠭᠠᠬᠤ᠂ ᠳᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠯ᠂ ᠰᠣᠨᠢᠨ ᠮᠡᠳᠡᠭᠡᠨ ᠤ ᠤᠬᠠᠭᠤᠯᠭ᠎ᠠ᠂ ᠬᠦᠯᠢᠶᠡᠨ ᠠᠪᠬᠤ᠂ ᠠᠷᠤ ᠲᠠᠯ᠎ᠠ ᠶᠢᠨ ᠦᠢᠯᠡᠴᠢᠯᠡᠭᠡᠨ᠂ ᠡᠳ᠋ ᠤᠨ ᠶᠠᠪᠤᠳᠠᠯ ᠤᠨ ᠬᠢᠨᠠᠨ ᠪᠣᠳᠣᠯᠲᠠ᠂ ᠤᠯᠤᠰ ᠤᠨ ᠥᠮᠴᠢᠯᠡᠯᠲᠦ ᠶᠢᠨ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ᠂ ᠫᠤᠷᠲ᠋ᠧᠯ ᠰᠦᠯᠵᠢᠶ᠎ᠡ ᠵᠢᠴᠢ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠠᠵᠢᠯᠯᠠᠭᠠᠨ ᠤ ᠬᠠᠮᠢᠶᠠᠷᠤᠯᠲᠠ ᠪᠠ ᠠᠭᠤᠯᠭ᠎ᠠ ᠶᠢ ᠪᠠᠲᠤᠯᠠᠬᠤ ᠠᠵᠢᠯ ᠢ ᠡᠭᠦᠷᠭᠡᠯᠡᠨ᠎ᠡ᠃ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ ᠶᠢ ᠬᠠᠷᠢᠭᠤᠴᠠᠵᠤ᠂ ᠪᠦᠬᠦ ᠲᠠᠯ᠎ᠠ ᠶᠢᠨ ᠴᠢᠨᠠᠷᠲᠠᠶ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠤᠯᠤᠯᠭ᠎ᠠ ᠶᠢᠨ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠨ᠎ᠠ᠃ ᠬᠠᠷᠢᠶ᠎ᠠ ᠨᠢᠭᠡᠴᠡ ᠶᠢᠨ ᠡᠳ᠋ ᠤᠨ ᠶᠠᠪᠤᠳᠠᠯ ᠤᠨ ᠠᠵᠢᠯ ᠢ ᠵᠢᠯᠣᠭᠤᠳᠤᠨ᠎ᠠ᠃ ᠪᠠᠶᠢᠭᠤᠯᠤᠯᠭ᠎ᠠ ᠬᠢᠭᠡᠳ ᠬᠠᠷᠢᠶ᠎ᠠ ᠨᠢᠭᠡᠴᠡ ᠶᠢᠨ ᠺᠠᠲ᠋ᠧᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠪᠣᠯᠤᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠠᠵᠢᠯ ᠢ ᠡᠭᠦᠷᠭᠡᠯᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠪᠥᠬᠦ ᠲᠤᠭᠤᠷᠢᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠠᠬᠢᠭᠤᠯᠬᠤ ᠶᠢ ᠬᠠᠷᠢᠭᠤᠴᠠᠵᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠲᠥᠯᠥᠪᠵᠢᠭᠦᠯᠭᠡ ᠲᠥᠯᠥᠪᠯᠡᠭᠡ᠂ ᠲᠦᠷᠢᠮ ᠠᠷᠭ᠎ᠠ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠴᠢᠬᠤᠯᠠ ᠶᠡᠭᠡ ᠵᠦᠢᠯᠡᠰ ᠢ ᠬᠠᠷᠢᠭᠤᠴᠠᠨ ᠵᠣᠬᠢᠴᠠᠭᠤᠯᠵᠤ᠂ ᠪᠥᠬᠦ ᠲᠤᠭᠤᠷᠢᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃   ( ᠬᠤᠶᠠᠷ ) ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ᠲᠣᠮᠣ ᠳ᠋ᠠᠶᠢᠲ᠋ᠠ ᠶᠢᠨ ᠪᠥᠲᠥᠭᠡᠨ ᠪᠠᠶᠢᠭᠤᠯᠤᠯᠲᠠ ᠶᠢᠨ ᠲᠠᠰᠤᠭ᠃ ᠪᠦᠬᠦ ᠲᠤᠭᠤᠷᠢᠭ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠬᠠᠮᠲᠤ ᠳᠠᠭᠠᠨ ᠡᠳ᠋ᠯᠡᠬᠦ ᠪᠠ ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠬᠤ ᠠᠵᠢᠯ ᠢ ᠡᠭᠦᠷᠭᠡᠯᠡᠨ᠎ᠡ᠃ ᠳ᠋ᠠᠶᠢᠲ᠋ᠠ ᠶᠢᠨ ᠰᠠᠭᠤᠷᠢ ᠳᠦᠷᠢᠮ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠳ᠋ᠠᠶᠢᠲ᠋ᠠ ᠶᠢᠨ ᠴᠢᠬᠤᠯᠠ ᠬᠦᠴᠦᠨ ᠵᠦᠢᠯ ᠤᠨ ᠵᠠᠬ᠎ᠠ ᠳᠡᠯᠭᠡᠭᠦᠷ ᠢ ᠪᠤᠶᠢᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠤᠨ ᠠᠵᠢᠯ ᠲᠥᠷᠥᠯ ᠠᠯᠤᠰᠯᠠᠨ ᠰᠠᠯᠠᠭ᠎ᠠ ᠮᠥᠴᠢᠷ ᠠᠯᠤᠰᠯᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠎ᠠ᠃ ᠬᠠᠮᠢᠶ᠎ᠠ ᠪᠥᠬᠦᠶ ᠳ᠋ᠠᠶᠢᠲ᠋ᠠ ᠶᠢᠨ ᠠᠮᠤᠷ ᠲᠦᠪᠰᠢᠨ ᠤ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠦᠯᠵᠢᠶᠡᠨ ᠤ ᠳ᠋ᠠᠶᠢᠲ᠋ᠠ ᠶᠢᠨ ᠬᠢᠯᠢ ᠠᠯᠤᠰᠯᠠᠭᠰᠠᠨ  ᠭᠦᠢᠯᠭᠡᠭᠡᠨ ᠤ ᠠᠮᠤᠷ ᠲᠦᠪᠰᠢᠨ ᠢ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠠᠵᠢᠯ ᠢ ᠬᠠᠮᠵᠢᠯᠴᠠᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠱᠠᠭᠠᠷᠳᠠᠯᠭ᠎ᠠ ᠶᠣᠰᠣᠭᠠᠷ ᠲᠣᠭᠠᠴᠢᠯᠠᠭᠰᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠪᠥᠬᠦ ᠲᠤᠭᠤᠷᠢᠭ ᠤᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ᠂ ᠲᠥᠯᠥᠪᠵᠢᠭᠦᠯᠵᠦ᠂ ᠵᠣᠬᠢᠴᠠᠭᠤᠯᠵᠤ ᠵᠢᠯᠣᠭᠤᠳᠤᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠲᠣᠰ ᠱᠠᠲᠤᠨ ᠤ ᠨᠢᠭᠤᠴᠠ ᠳᠤ ᠥᠯᠥ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠪᠥᠬᠦ ᠲᠤᠭᠤᠷᠢᠭ ᠤᠨ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ ᠲᠣᠭᠠᠴᠢᠯᠠᠭᠰᠠᠨ ᠵᠠᠰᠠᠭ ᠤᠨ ᠣᠷᠳᠣᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠶᠢ ᠬᠠᠷᠢᠭᠤᠴᠠᠨ᠎ᠠ᠃ ᠪᠦᠬᠦ ᠲᠤᠭᠤᠷᠢᠭ ᠤᠨ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠲᠥᠯᠥᠪᠯᠡᠭᠡ᠂  ᠲᠦᠬᠦᠷᠵᠢᠭᠦᠯᠬᠦ ᠠᠷᠭ᠎ᠠ ᠬᠡᠮᠵᠢᠶ᠎ᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠪᠦᠬᠦ ᠲᠤᠭᠤᠷᠢᠭ ᠤᠨ ᠲᠣᠭᠠᠴᠢᠯᠠᠭᠰᠠᠨ ᠲᠥᠷᠥᠯ ᠵᠦᠢᠯ ᠤᠨ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢ ᠲᠣᠬᠢᠷᠠᠭᠤᠯᠬᠤ ᠰᠠᠨᠠᠭᠤᠯᠭ᠎ᠠ ᠶᠢ ᠬᠠᠷᠢᠭᠤᠴᠠᠨ ᠳᠤᠷᠠᠳᠤᠨ᠎ᠠ᠃ ᠲᠣᠭᠠᠴᠢᠯᠠᠭᠰᠠᠨ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠬᠦ᠂ ᠪᠠᠶᠢᠳᠠᠯ ᠢ ᠵᠠᠳᠠᠯᠬᠤ ᠠᠵᠢᠯ ᠢ ᠡᠭᠦᠷᠭᠡᠯᠡᠨ᠎ᠡ᠃ ᠲᠣᠭᠠᠨ ᠤ ᠰᠠᠭᠤᠷᠢ ᠪᠡᠯᠡᠳᠬᠡᠮᠵᠢ ᠶᠢᠨ ᠪᠠᠶᠢᠷᠢᠰᠢᠭᠤᠯᠤᠯ ᠤᠨ ᠲᠥᠯᠥᠪᠵᠢᠭᠦᠯᠭᠡ ᠶᠢ ᠬᠠᠷᠢᠭᠤᠴᠠᠨ ᠲᠤᠭᠤᠷᠪᠢᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠳ᠋ᠠᠶᠢᠲ᠋ᠠ ᠶᠢᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢᠨ ᠠᠵᠢᠯ ᠢ ᠬᠠᠷᠢᠭᠤᠴᠠᠨ᠎ᠠ᠃ ᠲᠣᠭᠠᠴᠢᠯᠠᠭᠰᠠᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠵᠠᠰᠠᠯᠲᠠ ᠶᠢᠨ ᠮᠡᠳᠡᠭᠡ ᠵᠠᠩᠭᠢᠵᠢᠯᠲᠠ ᠶᠢ ᠵᠣᠬᠢᠴᠠᠭᠤᠯᠤᠨ ᠠᠬᠢᠭᠤᠯᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠣᠭᠠᠴᠢᠯᠠᠭᠰᠠᠨ ᠨᠡᠶᠢᠭᠡᠮ ᠤᠨ ᠬᠠᠮᠢᠶ᠎ᠠ ᠪᠦᠬᠦᠢ ᠲᠣᠣᠷ ᠰᠦᠯᠵᠢᠶ᠎ᠡ ᠪᠣᠯᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠬᠤ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠪᠥᠬᠦ ᠲᠤᠭᠤᠷᠢᠭ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠯᠠᠭᠠᠨ ᠢ ᠪᠠᠷᠢᠮᠵᠢᠶᠠᠵᠢᠭᠤᠯᠬᠤ᠂ ᠦᠢᠯᠡᠴᠢᠯᠡᠭᠡᠨ ᠤ ᠬᠠᠩᠭᠠᠯᠭ᠎ᠠ ᠶᠢ ᠵᠢᠷᠤᠮᠵᠢᠭᠤᠯᠬᠤ᠂ ᠠᠵᠤ ᠠᠬᠤᠶᠢᠯᠠᠯ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠲᠥᠬᠦᠮ ᠪᠣᠯᠭᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠪᠦᠬᠦ ᠲᠤᠭᠤᠷᠢᠭ ᠤᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ( ᠥᠷᠲᠡᠭᠡ )  ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠣᠯᠤᠨ ᠠᠵᠢᠯᠯᠠᠭᠠᠨ ᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠪᠦᠬᠦ ᠲᠤᠭᠤᠷᠢᠭ ᠤᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠤᠨ᠎ᠠ᠃ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠵᠡᠷᠭᠡ ᠰᠠᠭᠤᠷᠢ ᠨᠠᠷᠢᠨ ᠬᠠᠭᠤᠳᠠᠰᠤ ᠶᠢ ᠪᠠᠷᠢᠮᠵᠢᠶᠠᠵᠢᠭᠤᠯᠬᠤ ᠪᠠ ᠬᠠᠮᠢᠶ᠎ᠠ ᠪᠥᠬᠦᠶ ᠲᠦᠷᠢᠮ ᠤᠨ ᠪᠠᠶᠢᠭᠤᠯᠤᠯᠲᠠ ᠶᠢᠨ ᠠᠵᠢᠯ ᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃      ( ᠭᠤᠷᠪᠠ ) ᠡᠯᠧᠺᠲᠷᠣᠨ ᠵᠠᠰᠠᠭ ᠤᠨ ᠶᠠᠪᠤᠳᠠᠯ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠰᠤᠭ᠃ ᠪᠦᠬᠦ ᠲᠤᠭᠤᠷᠢᠭ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠠᠮᠤᠷ ᠲᠦᠪᠰᠢᠨ ᠪᠠ《 ᠢᠨᠲ᠋ᠧᠷᠨ᠋ᠷᠲ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡᠨ 》ᠵᠡᠷᠭᠡ ᠠᠵᠢᠯ ᠢ ᠡᠭᠦᠷᠭᠡᠯᠡᠨ᠎ᠡ᠃ ᠪᠦᠬᠦ ᠲᠤᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠦᠯᠬᠢᠨ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠪᠦᠬᠦ ᠲᠤᠭᠤᠷᠢᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠪᠠ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠬᠠᠷᠢᠭᠤᠴᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠡᠷᠡᠭᠦᠯ ᠢᠶᠠᠷ ᠬᠥᠭᠵᠢᠭᠦᠯᠬᠦ ᠵᠡᠷᠭᠡ ᠠᠵᠢᠯ ᠢ ᠡᠭᠦᠷᠭᠡᠯᠡᠨ᠎ᠡ᠃ ᠪᠦᠬᠦ ᠲᠤᠭᠤᠷᠢᠭ ᠤᠨ ᠵᠠᠰᠠᠭ ᠣᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠪᠠ《 ᠰᠠᠶᠢᠨ ᠮᠠᠭᠤ ᠶᠢᠨ ᠦᠨᠡᠯᠡᠯᠲᠡ 》 ᠶᠢᠨ ᠠᠵᠢᠯ ᠢ ᠡᠭᠦᠷᠭᠡᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠣᠨ ᠶᠠᠪᠤᠳᠠᠯ ᠤᠨ ᠦᠢᠯᠡᠴᠢᠯᠡᠭᠡ ᠶᠢ ᠭᠦᠨᠵᠡᠭᠡᠢ ᠠᠭᠤᠰᠤᠯᠴᠠᠭᠤᠯᠤᠨ᠂ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠤᠨ᠎ᠠ᠃      ᠵᠠᠬᠢᠳᠠᠯ ᠨᠡᠪᠲᠡᠷᠡᠬᠦ ᠬᠠᠶ᠋ᠢᠭ : ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ‍ᠤᠨ‌‍ᠰᠢᠷ᠎ᠠ ᠨᠣᠷ᠎ᠠ ᠵᠡᠭᠡᠯᠢ ᠭᠤᠳᠤᠮᠵᠢ ᠶᠢᠨ ᠲᠠᠯᠠᠪᠠᠶ ᠵᠡᠭᠡᠯᠢ ᠶᠢᠨ ᠨᠠᠮ ᠵᠠᠰᠠᠭ ᠤᠨ ᠲᠣᠮᠣ ᠠᠰᠠᠷ ᠤᠨ ᠨᠢᠭᠡᠳᠦᠭᠡᠷ ᠳᠠᠪᠬᠤᠷᠭ᠎ᠠ      ᠠᠵᠢᠯ ᠤᠨ ᠤᠲᠠᠰᠤ : 0472 - 6980345     ᠠᠵᠢᠯᠯᠠᠬᠤ ᠴᠠᠭ : ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ( ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ )  ᠤ ᠦᠳᠡ ᠶᠢᠨ ᠡᠮᠦᠨ᠎ᠡ 8:30 -- 12:00᠂ ᠦᠳᠡ ᠶᠢᠨ ᠬᠤᠶᠢᠨ᠎ᠠ 14:30 -- 17:30     ᠬᠠᠷᠢᠭᠤᠴᠠᠯᠭᠠᠲᠠᠨ : ᠵᠠᠩ ᠪᠢᠩ ᠨᠠ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号