ᠨᠢᠭᠡ᠂ ᠭᠤᠣᠯ ᠡᠭᠦᠷᠭᠡ ᠬᠠᠷᠢᠭᠤᠴᠠᠯᠭ᠎ᠠ | ᠬᠤᠷᠢᠨᠭᠡᠷ ᠪᠠᠯᠭᠠᠰᠤᠨ ᠤ ᠨᠠᠮ ᠤᠨ ᠬᠤᠷᠢᠶ᠎ᠠ ᠪᠣᠯ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ | ᠮᠥᠨ᠂ ᠲᠣᠰ ᠪᠠᠯᠭᠠᠰᠤᠨ ᠤ ᠤᠯᠤᠰ ᠲᠥᠷᠥ᠂ ᠠᠵᠤ ᠠᠬᠤᠶ᠂ ᠰᠣᠶᠣᠯ᠂ ᠨᠡᠶᠢᠭᠡᠮ᠂ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠳᠤ ᠪᠥᠬᠦ ᠲᠠᠯ᠎ᠠ ᠶᠢᠨ ᠤᠳᠤᠷᠢᠳᠤᠯᠭ᠎ᠠ ᠶᠢ ᠬᠡᠷᠡᠭᠵᠢᠭᠦᠯᠵᠦ᠂ ᠲᠣᠰ ᠪᠠᠯᠭᠠᠰᠤᠨ ᠤ | ᠨᠠᠮ ᠤᠨ ᠪᠠᠶᠢᠭᠤᠯᠤᠯᠲᠠ ᠳᠤ ᠪᠥᠬᠦ ᠲᠠᠯ᠎ᠠ ᠪᠠᠷ ᠬᠠᠷᠢᠭᠤᠴᠠᠨ᠎ᠠ᠃ ᠬᠤᠷᠢᠨᠭᠡᠷ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠪᠣᠯ ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠠᠶᠢᠵᠤ᠂ ᠲᠤᠰ ᠬᠠᠷᠢᠶ᠎ᠠ ᠣᠷᠣᠨ ᠤ ᠪᠠᠨ | ᠤᠯᠠᠨ ᠨᠡᠶᠢᠲᠡ ᠶᠢᠨ ᠦᠢᠯᠡᠴᠢᠯᠡᠭᠡ ᠪᠠ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ | ᠶᠣᠰᠣᠭᠠᠷ ᠭᠦᠢᠴᠡᠳᠬᠡᠨ᠎ᠡ᠃ | ᠬᠤᠶᠠᠷ᠂ ᠳᠤᠳᠤᠭᠠᠳᠤ ᠶᠢᠨ ᠪᠠᠶᠢᠭᠤᠯᠤᠮᠵᠢ | ᠭᠤᠣᠯ ᠲᠤᠰᠢᠶᠠᠯ ᠬᠠᠷᠢᠭᠤᠴᠠᠯᠭ᠎ᠠ ᠶᠢ ᠦᠨᠳᠦᠰᠦᠯᠡᠨ᠂ 9 ᠨᠠᠮ ᠵᠠᠰᠠᠭ ᠤᠨ ᠪᠠᠶᠢᠭᠤᠯᠤᠮᠵᠢ ᠲᠣᠬᠢᠷᠠᠭᠤᠯᠪᠠ | ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ᠄ | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ | ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠬᠡ | ᠪᠢᠴᠢᠭ ᠢ ᠲᠤᠭᠤᠷᠪᠢᠬᠤ᠂ ᠬᠢᠨᠠᠨ ᠬᠠᠷᠭᠤᠭᠤᠯᠬᠤ᠂ ᠳᠠᠷᠤᠮᠠᠯᠯᠠᠨ ᠲᠠᠷᠬᠠᠭᠠᠬᠤ ᠶᠢ ᠬᠠᠷᠢᠭᠤᠴᠠᠨ᠎ᠠ︔ ᠴᠢᠬᠤᠯᠠ | ᠬᠤᠷᠠᠯ᠂ ᠠᠯᠪᠠᠨ ᠶᠠᠪᠤᠳᠠᠯ ᠤᠨ ᠠᠵᠢᠯᠯᠠᠭ᠎ᠠ ᠶᠢ ᠪᠡᠯᠡᠳᠬᠡᠬᠦ᠂ ᠵᠣᠬᠢᠶᠠᠨ ᠪᠠᠶᠢᠭᠤᠯᠬᠤ᠂ ᠦᠢᠯᠡᠴᠢᠯᠡᠬᠦ ᠠᠵᠢᠯ ᠢ | ᠬᠠᠷᠢᠭᠤᠴᠠᠨ᠎ᠠ︔ ᠴᠢᠬᠤᠯᠠ ᠮᠡᠳᠡᠭᠡ ᠵᠠᠩᠭᠢ ᠶᠢ ᠴᠤᠭᠯᠠᠭᠤᠯᠤᠨ ᠵᠠᠳᠠᠯᠬᠤ᠂ ᠡᠮᠬᠢᠳᠬᠡᠬᠦ᠂ ᠨᠠᠮ ᠤᠨ ᠬᠤᠷᠢᠶ᠎ᠠ᠂ | ᠵᠠᠰᠠᠭ ᠤᠨ ᠣᠷᠳᠣᠨ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠶᠢ ᠬᠠᠷᠢᠭᠤᠴᠠᠨ᠎ᠠ︔ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠥᠷᠳᠡᠬᠦ᠂ ᠵᠢᠯᠣᠭᠤᠳᠬᠤ᠂ | ᠰᠢᠮᠳᠠᠭᠤᠯᠤᠨ ᠪᠠᠶᠢᠴᠠᠭᠠᠬᠤ ᠵᠢᠴᠢ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠠᠵᠢᠯ ᠤᠨ | ᠲᠣᠬᠢᠷᠠᠭᠤᠯᠤᠯᠲᠠ ᠶᠢ ᠬᠠᠷᠢᠭᠤᠴᠠᠨ᠎ᠠ︔ ᠠᠳᠠᠯᠢ ᠱᠠᠲᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢᠨ ᠠᠵᠢᠯ ᠢ ᠭᠦᠢᠴᠡᠳᠬᠡᠬᠦ ᠶᠢ ᠬᠠᠷᠢᠭᠤᠴᠠᠵᠤ᠂ ︽ᠭᠤᠷᠪᠠᠨ ᠶᠠᠪᠤᠳᠠᠯ︾ ᠢ ᠢᠯᠡ | ᠪᠣᠯᠭᠠᠬᠤ ᠠᠵᠢᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ︔ ᠠᠷᠠᠳ ᠤᠨ ᠰᠠᠨᠠᠭᠤᠯᠭ᠎ᠠ ᠡᠯᠰᠡᠬᠦ ᠠᠵᠢᠯ ᠢ ᠬᠠᠷᠢᠭᠤᠴᠠᠨ᠎ᠠ︔ ᠵᠠᠰᠠᠭ ᠤᠨ ᠶᠠᠪᠤᠳᠠᠯ ᠤᠨ | ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ᠂ ᠤᠯᠤᠰ ᠤᠨ | ᠠᠮᠤᠷ ᠲᠦᠪᠰᠢᠨ ᠬᠢᠭᠡᠳ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠠᠵᠢᠯ ᠢ ᠬᠠᠷᠢᠭᠤᠴᠠᠨ᠎ᠠ︔ ᠪᠠᠯᠭᠠᠰᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ | ᠪᠤᠰᠤᠳ ᠠᠵᠢᠯ ᠢ ᠬᠠᠷᠢᠭᠤᠴᠠᠨ᠎ᠠ᠃ | ︵ᠬᠤᠶᠠᠷ︶ ᠨᠠᠮ ᠤᠨ ᠪᠠᠶᠢᠭᠤᠯᠣᠯᠲᠠ ᠶᠢᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ᠄ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠬᠠᠷᠢᠭᠤᠴᠠᠵᠤ᠂ ᠦᠨᠳᠦᠰᠦᠨ ᠱᠠᠲᠤᠨ ᠤ | ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠬᠠᠷᠢᠭᠤᠴᠠᠨ᠎ᠠ︔ ᠤᠬᠠᠭᠤᠯᠭ᠎ᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠵᠤ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ︔ ᠨᠢᠭᠡᠳᠦᠮᠡᠯ ᠹᠷᠣᠨᠲ᠂ | ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ︔ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ | ᠵᠢᠴᠢ ᠡᠮᠡᠭᠲᠡᠶᠢᠴᠦᠳ ᠤᠨ ᠬᠤᠯᠪᠣᠭ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠪᠠᠯᠭᠠᠰᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ | ᠪᠤᠰᠤᠳ ᠠᠵᠢᠯ ᠢ ᠬᠠᠷᠢᠭᠤᠴᠠᠨ ᠪᠡᠶᠡᠯᠡᠭᠦᠯᠦᠨ᠎ᠡ᠃ | ︵ᠭᠤᠷᠪᠠ︶ ᠨᠡᠶᠢᠭᠡᠮ ᠤᠨ ᠵᠠᠰᠠᠯᠲᠠ ᠶᠢᠨ ᠠᠯᠪᠠᠨ ᠭᠡᠷ ︵ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠯᠪᠠᠨ ᠭᠡᠷ ᠤᠨ ᠫᠠᠶᠢᠰᠠ ᠡᠯᠭᠦᠬᠦ︶︶ ︽ᠵᠠ︾ ᠭᠡᠳ ᠭᠤᠤᠯ ᠡᠭᠦᠷᠭᠡ ᠬᠠᠷᠢᠭᠤᠴᠠᠯᠭ᠎ᠠ᠄ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠥᠬᠦᠶ ᠠᠮᠤᠷ ᠲᠦᠪᠰᠢᠨ ᠤ ᠰᠠᠶᠢᠨ | ᠨᠥᠬᠦᠴᠡᠯᠳᠦᠯ ᠢ ᠪᠡᠶᠡᠯᠡᠭᠦᠯᠦᠨ᠎ᠡ︔ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯ ᠦᠭᠡᠢ | ᠦᠢᠯᠡᠳᠪᠦᠷᠢᠯᠡᠯ ᠤᠨ ᠠᠵᠢᠯ ᠢ ᠬᠠᠷᠢᠭᠤᠴᠠᠵᠤ᠂ ᠠᠶᠤᠯ ᠦᠭᠡᠢ ᠦᠢᠯᠡᠳᠪᠦᠷᠢᠯᠡᠯ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ᠂ ᠭᠠᠯ ᠤᠨᠲᠠᠷᠠᠭᠠᠬᠤ ᠠᠮᠤᠷ ᠲᠦᠪᠰᠢᠨ᠂ ᠭᠠᠮᠰᠢᠭ ᠢ ᠪᠠᠭᠠᠰᠬᠠᠵᠤ ᠭᠠᠮᠰᠢᠭ ᠠᠴᠠ | ᠠᠪᠤᠷᠠᠬᠤ ᠵᠡᠷᠭᠡ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠨ᠎ᠡ︔ | ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠠᠵᠢᠯ ᠢ ᠬᠠᠷᠢᠭᠤᠴᠠᠨ᠎ᠠ︔ ᠦᠨᠳᠦᠰᠦᠨ ᠱᠠᠲᠤᠨ ᠤ ᠵᠠᠰᠠᠯᠲᠠ ᠪᠠ ᠲᠣᠣᠷᠵᠢᠯ ᠤᠨ ᠠᠵᠢᠯ ᠢ ᠬᠠᠷᠢᠭᠤᠴᠠᠨ᠎ᠠ︔ | 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ | ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ | ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ | ᠪᠡᠶᠡᠯᠡᠭᠦᠯᠦᠨ᠎ᠡ᠃ | ︵ᠳᠥᠷᠪᠡ︶ ᠠᠵᠤ ᠠᠬᠤᠶ ᠶᠢᠨ ᠬᠥᠭᠵᠢᠯᠲᠡ ᠪᠣᠯᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ ᠪᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢᠨ ᠠᠵᠢᠯ ᠢ ᠬᠠᠷᠢᠭᠤᠴᠠᠨ᠎ᠠ︔ ᠬᠠᠭᠤᠴᠢᠨ ᠵᠢᠵᠢᠭ ᠲᠣᠭᠤᠷᠢᠭ ᠢ ᠴᠡᠭᠴᠡᠯᠡᠨ ᠵᠠᠰᠠᠬᠤ᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ︔ | ᠬᠠᠷᠢᠶ᠎ᠠ ᠣᠷᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠪᠠ ᠬᠠᠷᠢᠶ᠎ᠠ | ᠣᠷᠣᠨ ᠤ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠵᠢᠵᠢᠭ ᠲᠣᠭᠤᠷᠢᠭ ᠢ | ᠲᠥᠯᠥᠪᠵᠢᠭᠦᠯᠵᠦ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ︔ ᠪᠠᠯᠭᠠᠰᠤᠨ ᠤ ᠵᠣᠬᠢᠶᠠᠨ | ᠪᠠᠶᠢᠭᠤᠯᠵᠤ ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠰᠦᠪ ᠢ ᠬᠢᠨᠠᠬᠤ ᠰᠤᠷᠭᠠᠭᠤᠯᠢ | ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ ᠠᠵᠤ ᠦᠢᠯᠡᠰ ᠤᠨ | ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ | ᠲᠤᠭ᠎ᠠ ᠪᠦᠷᠢᠳᠬᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠠᠵᠤ ᠠᠬᠤᠶ ᠶᠢᠨ ᠬᠥᠭᠵᠢᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠬᠦ ᠶᠢ ᠬᠠᠷᠢᠭᠤᠴᠠᠵᠤ᠂ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠮᠠᠶ᠋ᠢᠭ ᠢ | ᠬᠤᠪᠢᠷᠠᠭᠤᠯᠵᠤ᠂ ᠠᠵᠤ ᠠᠬᠤᠶ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ | ᠲᠠᠷᠢᠶᠠᠯᠠᠩ ᠤᠨ ᠤᠰᠤᠨ ᠠᠰᠢᠭᠯᠠᠯᠲᠠ᠂ ᠬᠥᠷᠥᠰᠥ ᠰᠢᠷᠣᠶ ᠶᠢ ᠬᠠᠮᠠᠭᠠᠯᠠᠬᠤ᠂ ᠭᠠᠵᠠᠷ ᠳᠣᠤᠷᠠᠬᠢ ᠤᠰᠤ ᠶᠢ | ᠬᠠᠮᠠᠭᠠᠯᠠᠬᠤ ᠪᠠ ᠬᠠᠮᠢᠶᠠᠷᠬᠤ᠂ ᠠᠮᠢᠳᠤᠷᠠᠯ ᠳᠤ ᠬᠡᠷᠡᠭᠯᠡᠬᠦ ᠤᠰᠤ ᠴᠠᠬᠢᠯᠭᠠᠨ ᠬᠡᠷᠡᠭᠯᠡᠬᠦ ᠵᠡᠷᠭᠡ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠥᠪᠡᠷᠲᠡᠭᠡᠨ ᠪᠠᠷᠢᠭᠰᠠᠨ ᠭᠡᠷ | ᠪᠠᠶᠢᠰᠢᠩ ᠤᠨ ᠬᠠᠮᠢᠶᠠᠷᠤᠯᠲᠠ ᠵᠢᠴᠢ ᠠᠮᠤᠷ ᠲᠦᠪᠰᠢᠨ ᠤ ᠪᠠᠶᠢᠴᠠᠭᠠᠯᠲᠠ ᠶᠢ ᠬᠠᠷᠢᠭᠤᠴᠠᠨ᠎ᠠ︔ ᠬᠠᠷᠢᠶ᠎ᠠ ᠣᠷᠣᠨ ᠤ | ᠳᠣᠲᠣᠷᠠᠬᠢ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ | ᠠᠵᠢᠯ ᠢ ᠬᠠᠷᠢᠭᠤᠴᠠᠨ᠎ᠠ︔ ᠨᠤᠲᠤᠭ ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ ᠪᠠ | ᠠᠰᠢᠭᠯᠠᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃︶ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ︔ | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ | ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ ᠪᠡᠶᠡᠯᠡᠭᠦᠯᠦᠨ᠎ᠡ᠃ | ︵ᠲᠠᠪᠤ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ᠄ ᠠᠷᠠᠳ ᠤᠨ | ᠶᠠᠪᠤᠳᠠᠯ᠂ ᠡᠷᠡᠭᠦᠯ ᠬᠠᠮᠠᠭᠠᠯᠠᠯ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠰᠤᠷᠭᠠᠨ ᠬᠥᠮᠦᠵᠢᠯ᠂ ᠰᠢᠨᠵᠢᠯᠡᠬᠦ | ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠡᠶᠢᠭᠡᠮ ᠤᠨ | ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ | ᠨᠠᠰᠤᠲᠠᠶᠢᠴᠤᠳ ᠤᠨ ᠵᠥᠪᠯᠡᠯ᠂ ᠬᠥᠮᠦᠨ ᠠᠮᠠ ᠶᠢᠨ ᠬᠠᠮᠢᠶᠠᠷᠤᠯᠲᠠ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ | ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ︔ ᠠᠷᠠᠳ ᠤᠨ ᠵᠡᠪᠰᠡᠭᠲᠦ ᠬᠦᠴᠦᠨ ᠤ ᠠᠵᠢᠯ ᠢ | ᠬᠠᠷᠢᠭᠤᠴᠠᠨ᠎ᠠ︔ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ | ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ ᠪᠡᠶᠡᠯᠡᠭᠦᠯᠦᠨ᠎ᠡ᠃ | ︵ᠵᠢᠷᠭᠤᠭ᠎ᠠ︶ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ᠄ | ᠬᠥᠳᠡᠭᠡ ᠲᠣᠰᠬᠤᠨ ᠤ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠠᠵᠢᠯ ᠢ ᠬᠠᠷᠢᠭᠤᠴᠠᠨ᠎ᠠ︔ ᠲᠥᠰᠦᠪ ᠤᠨ ᠣᠷᠣᠯᠭ᠎ᠠ ᠵᠠᠷᠤᠯᠭ᠎ᠠ ᠶᠢ ᠵᠣᠬᠢᠶᠠᠨ ᠪᠠᠶᠢᠭᠤᠯᠬᠤ᠂ ᠡᠳ᠋ ᠤᠨ ᠵᠠᠰᠠᠭ ᠤᠨ | ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠠᠷᠠᠳ ᠲᠤ ᠠᠰᠢᠭ ᠬᠦᠷᠲᠡᠭᠡᠬᠦ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ︔ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠲᠥᠰᠦᠪ᠂ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠮᠡᠳᠡᠭᠦᠯᠬᠦ ᠶᠢᠨ ᠬᠠᠮᠲᠤ | ᠲᠥᠰᠦᠪ ᠤᠨ ᠬᠡᠷᠡᠭᠵᠢᠭᠦᠯᠦᠯᠲᠡ ᠶᠢᠨ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ︔ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠪᠠ ᠭᠠᠶᠢᠯᠢ ᠶᠢᠨ ᠶᠠᠪᠤᠳᠠᠯ ᠤᠨ ᠪᠤᠰᠤ ᠣᠷᠣᠯᠭ᠎ᠠ ᠶᠢᠨ ᠣᠷᠣᠯᠭ᠎ᠠ ᠵᠠᠷᠤᠯᠭ᠎ᠠ ᠶᠢᠨ ᠡᠯ᠎ᠡ | ᠰᠠᠯᠠᠭ᠎ᠠ ᠮᠥᠴᠢᠷ ᠢ ᠬᠠᠪᠰᠤᠷᠤᠨ ᠡᠳ᠋ ᠤᠨ ᠵᠠᠰᠠᠭ ᠤᠨ ᠣᠷᠣᠯᠭ᠎ᠠ ᠶᠢ ᠲᠤᠰᠢᠶᠠᠵᠤ᠂ ᠬᠤᠯᠪᠣᠭᠳᠠᠯ ᠪᠦᠬᠦᠢ | ᠪᠠᠶᠢᠭᠤᠯᠤᠮᠵᠢ ᠶᠢ ᠬᠠᠪᠰᠤᠷᠤᠨ ᠡᠯ᠎ᠡ ᠲᠥᠷᠥᠯ ᠤᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠣᠷᠣᠯᠠᠨ | ᠬᠤᠷᠢᠶᠠᠵᠤ ᠣᠷᠣᠯᠠᠨ ᠲᠤᠰᠬᠠᠨ᠎ᠠ︔ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢ ᠨᠢᠭᠲᠠᠯᠠᠨ ᠪᠤᠳᠤᠵᠤ | ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠰᠠᠭᠤᠷᠢ ᠮᠡᠳᠡᠭᠡ | ᠵᠠᠩᠭᠢ ᠶᠢᠨ ᠰᠢᠰᠲ᠋ᠧᠮ ᠢ ᠴᠠᠭ ᠲᠤᠬᠠᠶ ᠳᠤᠨᠢ ᠴᠤᠭᠯᠠᠭᠤᠯᠵᠤ᠂ ᠠᠷᠠᠳ ᠲᠤ ᠠᠰᠢᠭ ᠬᠦᠷᠲᠡᠭᠡᠬᠦ ︽ᠪᠦᠷᠢᠨ | ᠴᠢᠳᠠᠮᠵᠢᠲᠤ ᠺᠠᠷᠲ︾ ᠤᠨ ᠮᠡᠳᠡᠭᠡ ᠵᠠᠩᠭᠢ ᠶᠢᠨ ᠰᠢᠰᠲ᠋ᠧᠮ ᠢ ᠰᠢᠨᠡᠳᠬᠡᠨ᠎ᠡ︔ ᠲᠥᠰᠦᠪ ᠤᠨ ᠬᠡᠷᠡᠭᠵᠢᠭᠦᠯᠦᠯᠲᠡ ᠪᠠ | ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠠᠮᠢᠶᠠᠷᠬᠤ ᠶᠢ ᠬᠠᠷᠢᠭᠤᠴᠠᠨ᠎ᠠ︔ ᠲᠤᠰ ᠱᠠᠲᠤᠨ ᠤ | ᠡᠳ᠋ ᠤᠨ ᠶᠠᠪᠤᠳᠠᠯ ᠤᠨ ᠨᠢᠭᠲᠠᠯᠠᠨ ᠪᠤᠳᠤᠵᠤ ᠲᠣᠭᠠᠴᠠᠭ᠎ᠠ ᠬᠢᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ᠎ᠠ︔ | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ | ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠪᠡᠶᠡᠯᠡᠭᠦᠯᠦᠨ᠎ᠡ᠃ | ︵ᠳᠣᠯᠤᠭ᠎ᠠ︶ ᠬᠤᠷᠢᠨᠭᠡᠷ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ︶ ︽ᠵᠠ︾ ᠭᠡᠳ ᠭᠤᠤᠯ ᠡᠭᠦᠷᠭᠡ | ᠬᠠᠷᠢᠭᠤᠴᠠᠯᠭ᠎ᠠ᠄ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ | ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ | ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠪᠠ ᠠᠷᠠᠳ ᠲᠤ ᠲᠥᠬᠦᠮ ᠦᠵᠡᠭᠦᠯᠵᠦ | ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠴᠡᠷᠢᠭ ᠠᠴᠠ ᠬᠠᠯᠠᠭᠳᠠᠭᠰᠠᠳ ᠤᠨ | ᠶᠡᠷᠦᠩᠬᠡᠶᠢᠯᠡᠭᠰᠡᠨ ᠦᠢᠯᠡᠴᠢᠯᠡᠭᠡ᠂ ᠡᠷᠬᠡ ᠠᠰᠢᠭ ᠤᠨ ᠪᠠᠲᠤᠯᠠᠭ᠎ᠠ ᠵᠡᠷᠭᠡ ᠶᠠᠪᠤᠳᠠᠯ ᠤᠨ ᠴᠢᠨᠠᠷᠲᠠᠶ ᠠᠵᠢᠯ ᠢ | ᠡᠭᠦᠷᠭᠡᠯᠡᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ | ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠢ ᠬᠠᠮᠵᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠵᠢᠴᠢ ᠪᠤᠰᠤᠳ ᠦᠨᠳᠦᠰᠦᠨ ᠱᠠᠲᠤᠨ ᠤ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ︔ ᠨᠡᠶᠢᠭᠡᠮ ᠤᠨ ᠶᠠᠪᠤᠳᠠᠯ ᠤᠨ ᠠᠯᠪᠠᠨ ᠭᠡᠷ ᠢ ᠬᠠᠮᠵᠢᠨ ᠨᠡᠶᠢᠭᠡᠮ ᠤᠨ | ᠬᠡᠷᠡᠭ ᠶᠠᠪᠤᠳᠠᠯ ᠤᠨ ᠠᠵᠢᠯ ᠢ ᠰᠠᠶᠢᠲᠤᠷ ᠬᠢᠨ᠎ᠡ︔ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ | ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠬᠠᠷᠢᠭᠤᠴᠠᠨ | ᠪᠡᠶᠡᠯᠡᠭᠦᠯᠦᠨ᠎ᠡ᠃ | ︵ᠨᠠᠢᠮᠠ︶ ᠬᠤᠷᠢᠨᠭᠡᠷ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ᠃ | ᠭᠤᠣᠯ ᠡᠭᠦᠷᠭᠡ ᠬᠠᠷᠢᠭᠤᠴᠠᠯᠭ᠎ᠠ᠄ ᠲᠣᠰ ᠪᠠᠯᠭᠠᠰᠤᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠰ | ᠪᠠᠯᠭᠠᠰᠤᠨ ᠳᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠪᠠ ᠲᠣᠭᠤᠷᠢᠭ ᠤᠨ ᠬᠠᠷᠢᠶ᠎ᠠ | ᠰᠠᠯᠠᠭ᠎ᠠ ᠮᠥᠴᠢᠷ ᠠᠴᠠ ᠲᠣᠰ ᠪᠠᠯᠭᠠᠰᠤᠨ ᠳᠤ ᠨᠠᠶᠢᠳᠠᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ | ᠬᠠᠤᠯᠢ ᠶᠣᠰᠣᠭᠠᠷ ᠲᠥᠪᠯᠡᠷᠡᠭᠦᠯᠦᠨ ᠬᠡᠷᠡᠭᠵᠢᠭᠦᠯᠦᠨ᠎ᠡ︔ ᠳᠤᠷ᠎ᠠ ᠪᠠᠷ ᠢᠶᠠᠨ ᠪᠠᠶᠢᠭᠤᠯᠬᠤ᠂ ᠬᠠᠤᠯᠢ ᠠᠴᠠ ᠵᠥᠷᠢᠴᠡᠨ | ᠲᠠᠷᠢᠶᠠᠨ ᠭᠠᠵᠠᠷ ᠢ ᠡᠵᠡᠯᠡᠨ ᠬᠡᠷᠡᠭᠯᠡᠬᠦ᠂ ᠳᠤᠷ᠎ᠠ ᠪᠠᠷ ᠢᠶᠠᠨ ᠮᠠᠯᠲᠠᠵᠤ ᠳᠤᠷ᠎ᠠ ᠪᠠᠷ ᠢᠶᠠᠨ ᠮᠠᠯᠲᠠᠬᠤ ᠵᠡᠷᠭᠡ ᠬᠠᠮᠢᠶᠠᠷᠤᠨ | ᠡᠵᠡᠮᠳᠡᠬᠦ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠵᠡᠷᠭᠡ ᠬᠠᠮᠢᠶᠠᠷᠤᠨ | ᠡᠵᠡᠮᠳᠡᠬᠦ ᠠᠵᠢᠯ ᠢ ᠬᠠᠷᠢᠭᠤᠴᠠᠨ᠎ᠠ︔ ᠪᠠᠯᠭᠠᠰᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠵᠢᠴᠢ ᠬᠥᠳᠡᠭᠡ | ᠲᠣᠰᠬᠤᠨ ᠤ ᠭᠤᠤᠯ ᠵᠠᠮ ᠤᠨ ᠬᠤᠶᠠᠷ ᠬᠠᠵᠠᠭᠤ ᠶᠢᠨ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ | ᠵᠠᠮ ᠡᠵᠡᠯᠡᠨ ᠡᠵᠡᠩᠨᠡᠬᠦ ᠵᠡᠷᠭᠡ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ᠃ | ︵ᠶᠢᠰᠦ︶ ᠬᠤᠷᠢᠨᠭᠡᠷ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠤᠨ ᠦᠢᠯᠡᠴᠢᠯᠡᠭᠡ ᠶᠢ | ᠳᠡᠯᠭᠡᠷᠡᠭᠦᠯᠬᠦ ᠲᠥᠪ᠃ ᠭᠤᠤᠯ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ | ᠵᠡᠷᠭᠡ ᠬᠦᠷᠢᠶ᠎ᠡ ᠴᠠᠷᠠᠭ᠎ᠠ ᠶᠢᠨ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠮᠠᠯᠴᠢᠨ | ᠲᠠᠷᠢᠶᠠᠴᠢᠨ ᠳᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠲᠤᠰᠬᠠᠶ | ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ | ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ | ᠬᠤᠷᠰᠢᠶ᠎ᠠ ᠶᠢᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠨᠤᠲᠤᠭ | ᠪᠡᠯᠴᠢᠭᠡᠷ ᠤᠨ ᠬᠠᠮᠠᠭᠠᠯᠠᠯᠲᠠ᠂ ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠬᠠᠷᠢᠭᠤᠴᠠᠨ᠎ᠠ︔ ᠲᠠᠷᠢᠶᠠᠯᠠᠩ ᠤᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ | ᠠᠵᠢᠯ ᠢ ᠬᠠᠮᠵᠢᠨ ᠰᠠᠶᠢᠲᠤᠷ ᠬᠢᠵᠦ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ | ᠠᠵᠢᠯ ᠢ ᠬᠠᠮᠵᠢᠨ ᠰᠠᠶᠢᠲᠤᠷ ᠬᠢᠨ᠎ᠠ︔ ᠦᠷ᠎ᠡ᠂ ᠲᠠᠷᠢᠶᠠᠨ ᠡᠮ᠂ ᠪᠣᠷᠳᠣᠭᠤᠷ ᠤᠨ ᠬᠢᠨᠠᠯᠲᠠ ᠬᠠᠮᠢᠶᠠᠷᠤᠯᠲᠠ ᠶᠢ | ᠬᠠᠮᠵᠢᠨ ᠰᠠᠶᠢᠲᠤᠷ ᠬᠢᠵᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ᠂ ᠲᠠᠷᠢᠶᠠᠨ | ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠬᠠᠮᠢᠶ᠎ᠠ ᠪᠦᠬᠦᠢ | ᠠᠵᠢᠯ ᠢ ᠬᠠᠮᠵᠢᠨ ᠰᠠᠶᠢᠲᠤᠷ ᠬᠢᠵᠦ᠂ ᠣᠶ ᠰᠢᠭᠤᠶ ︵ᠡᠪᠡᠰᠦ︶ ᠶᠢᠨ ᠳᠠᠷᠤᠭ᠎ᠠ᠂ ᠭᠤᠤᠯ ︵ᠨᠠᠭᠤᠷ︶ ᠢ | ᠨᠠᠶᠢᠳᠠᠪᠤᠷᠢᠵᠢᠭᠤᠯᠤᠨ᠎ᠠ᠃︶ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ︔ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ | ᠠᠵᠢᠯ ᠢ ᠬᠠᠷᠢᠭᠤᠴᠠᠨ ᠪᠡᠶᠡᠯᠡᠭᠦᠯᠦᠨ᠎ᠡ᠃ | ᠬᠠᠶ᠋ᠢᠭ᠄ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠬᠤᠷᠢᠨᠭᠡᠷ ᠪᠠᠯᠭᠠᠰᠤᠨ ᠤ ᠴᠠᠭᠠᠨ ᠲᠣᠰᠬᠤᠨ | ᠠᠵᠢᠯ ᠤᠨ ᠤᠲᠠᠰᠤ᠄ 0472 - 6970222 | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ | ᠬᠤᠶᠢᠨᠠᠬᠢ 14᠄ 30-17᠄ 30 | ᠬᠠᠷᠢᠭᠤᠴᠠᠯᠭ᠎ᠠ ᠡᠭᠦᠷᠭᠡᠯᠡᠭᠴᠢ᠄ ᠪᠦ᠊᠂ ᠭᠦᠭᠵᠢᠯ | | | | |