ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠨᠠᠮ ᠤᠨ ᠬᠥᠳᠡᠭᠡ ᠲᠣᠰᠬᠤᠨ ᠳᠠᠬᠢ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠠᠵᠤ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠬᠥᠳᠡᠭᠡ | ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠶ᠃ | ︵ᠭᠤᠷᠪᠠ︶ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠪᠣᠯᠤᠨ ᠠᠮᠢ ᠠᠬᠤᠶ ᠶᠢᠨ ᠬᠠᠮᠠᠭᠠᠯᠠᠯᠲᠠ ᠶᠢ | ᠲᠦᠯᠬᠢᠨ ᠠᠬᠢᠭᠤᠯᠬᠤ ᠬᠡᠷᠡᠭᠲᠡᠶ᠃ | ︵ᠲᠦᠷᠪᠡ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ | ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠵᠤ᠂ | ᠨᠡᠶᠢᠭᠡᠮ ᠤᠨ ᠡᠮᠬᠢ ᠳᠢᠭᠯᠢᠮ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ︵ᠲᠠᠪᠤ︶ ᠨᠡᠶᠢᠭᠡᠮ ᠤᠨ ᠡᠳ᠋ ᠤᠨ ᠵᠠᠰᠠᠭ ᠤᠨ ᠵᠣᠬᠢᠶᠠᠨ ᠪᠠᠶᠢᠭᠤᠯᠤᠯᠲᠠ ᠪᠠ ᠲᠠᠷᠢᠶᠠᠴᠢᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠵᠤ᠃ | ︵ᠵᠢᠷᠭᠤᠭ᠎ᠠ︶ ᠲᠠᠷᠢᠶᠠᠴᠢᠳ ᠲᠤ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ | ᠬᠠᠩᠭᠠᠵᠤ᠂ ᠬᠥᠳᠡᠭᠡ ᠲᠣᠰᠬᠤᠨ ᠤ ᠢᠯᠡᠭᠦᠴᠡ ᠬᠥᠳᠡᠯᠮᠦᠷᠢ ᠬᠦᠴᠦᠨ ᠢ ᠬᠠᠪᠰᠤᠷᠤᠨ ᠰᠢᠯᠵᠢᠭᠦᠯᠬᠦ ᠬᠡᠷᠡᠭᠲᠡᠶ᠃ | ︵ᠳᠤᠯᠤᠭ᠎ᠠ︶ ᠰᠣᠶᠣᠯ ᠡᠮᠴᠢᠯᠡᠭᠡ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠶᠢ | ᠥᠷᠨᠢᠭᠦᠯᠦᠨ᠎ᠡ᠃ | ︵ᠨᠠᠢᠮᠠ︶ ᠬᠥᠳᠡᠭᠡ ᠲᠣᠰᠬᠤᠨ ᠤ ᠨᠠᠰᠤᠵᠢᠯ ᠤᠨ ᠳᠠᠭᠠᠳᠬᠠᠯ ᠪᠣᠯᠤᠨ ᠬᠤᠷᠰᠢᠭᠰᠠᠨ ᠡᠮᠨᠡᠯᠭᠡ ᠵᠡᠷᠭᠡ | ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠲᠦᠯᠬᠢᠨ ᠠᠬᠢᠭᠤᠯᠬᠤ ᠬᠡᠷᠡᠭᠲᠡᠶ᠃ | ︵ᠶᠢᠰᠦ︶ ᠭᠠᠴᠠᠭᠠᠨ ᠤ ᠵᠥᠪᠯᠡᠯ ᠤᠨ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠬᠤ ᠬᠡᠷᠡᠭᠲᠡᠶ᠃ | ᠬᠤᠶᠠᠷ᠂ ᠳᠤᠳᠤᠭᠠᠳᠤ ᠶᠢᠨ ᠪᠠᠶᠢᠭᠤᠯᠤᠮᠵᠢ | ᠭᠤᠤᠯ ᠳᠤᠰᠢᠶᠠᠯ ᠬᠠᠷᠢᠭᠤᠴᠠᠯᠭ᠎ᠠ ᠶᠢ ᠦᠨᠳᠦᠰᠦᠯᠡᠨ 8 ᠳᠤᠳᠤᠭᠠᠳᠤ ᠶᠢᠨ ᠪᠠᠶᠢᠭᠤᠯᠤᠮᠵᠢ ᠳᠤᠭᠳᠠᠭᠠᠪᠠ | ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ᠄ | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠳᠤᠮ ᠤᠨ ᠠᠵᠢᠯᠯᠠᠭᠠᠨ ᠪᠠ ᠶᠡᠷᠦᠩᠬᠡᠶᠢᠯᠡᠨ | ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠬᠡ | ᠪᠢᠴᠢᠭ ᠢ ᠲᠤᠭᠤᠷᠪᠢᠬᠤ᠂ ᠬᠢᠨᠠᠨ ᠬᠠᠷᠭᠤᠭᠤᠯᠬᠤ᠂ ᠳᠠᠷᠤᠮᠠᠯᠯᠠᠨ ᠲᠠᠷᠬᠠᠭᠠᠬᠤ ᠶᠢ ᠬᠠᠷᠢᠭᠤᠴᠠᠨ᠎ᠠ︔ ᠴᠢᠬᠤᠯᠠ | ᠬᠤᠷᠠᠯ᠂ ᠠᠯᠪᠠᠨ ᠶᠠᠪᠤᠳᠠᠯ ᠤᠨ ᠠᠵᠢᠯᠯᠠᠭ᠎ᠠ ᠶᠢ ᠪᠡᠯᠡᠳᠬᠡᠬᠦ᠂ ᠵᠣᠬᠢᠶᠠᠨ ᠪᠠᠶᠢᠭᠤᠯᠬᠤ᠂ ᠦᠢᠯᠡᠴᠢᠯᠡᠬᠦ ᠠᠵᠢᠯ ᠢ | ᠬᠠᠷᠢᠭᠤᠴᠠᠨ᠎ᠠ︔ ᠴᠢᠬᠤᠯᠠ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ᠂ ᠡᠮᠬᠢᠯᠡᠬᠦ᠂ ᠨᠠᠮ ᠤᠨ ᠬᠤᠷᠢᠶ᠎ᠠ᠂ | ᠵᠠᠰᠠᠭ ᠤᠨ ᠣᠷᠳᠣᠨ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠶᠢ ᠬᠠᠷᠢᠭᠤᠴᠠᠨ᠎ᠠ︔ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠥᠷᠳᠡᠬᠦ᠂ ᠵᠢᠯᠣᠭᠤᠳᠬᠤ᠂ | ᠰᠢᠮᠳᠠᠭᠤᠯᠤᠨ ᠪᠠᠶᠢᠴᠠᠭᠠᠬᠤ ᠵᠢᠴᠢ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ | ᠤᠯᠤᠰ ᠤᠨ ᠠᠮᠤᠷ ᠲᠦᠪᠰᠢᠨ ᠪᠠ ᠨᠢᠭᠤᠴᠠ ᠶᠢ ᠬᠠᠮᠠᠭᠠᠯᠠᠬᠤ ᠨᠢᠭᠤᠴᠠ ᠮᠠᠲ᠋ᠧᠷᠢᠶᠠᠯ ᠤᠨ ᠠᠵᠢᠯ ᠢ ᠬᠠᠷᠢᠭᠤᠴᠠᠨ᠎ᠠ︔ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ | ᠠᠵᠢᠯ ᠤᠨ ᠲᠣᠬᠢᠷᠠᠭᠤᠯᠤᠯᠲᠠ ᠶᠢ ᠬᠠᠷᠢᠭᠤᠴᠠᠨ᠎ᠠ︔ ᠪᠠᠯᠭᠠᠰᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠲᠠᠯ ᠤᠨ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ︽ᠭᠤᠷᠪᠠᠨ ᠶᠠᠪᠤᠳᠠᠯ︾ | ᠢ ᠢᠯᠡ ᠪᠣᠯᠭᠠᠬᠤ ᠠᠵᠢᠯ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ︔ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢᠨ ᠨᠢᠭᠲᠠᠯᠠᠨ ᠪᠤᠳᠤᠵᠤ ᠲᠣᠭᠠᠴᠠᠭ᠎ᠠ ᠬᠢᠬᠦ | ᠠᠵᠢᠯ ᠢ ᠬᠠᠷᠢᠭᠤᠴᠠᠨ ᠬᠠᠮᠢᠶᠠᠷᠤᠨ᠎ᠠ︔ ᠲᠥᠰᠦᠪ ᠢ ᠭᠦᠢᠴᠡᠳᠬᠡᠭᠰᠡᠨ ᠪᠠ ᠡᠳ᠋ ᠤᠨ ᠶᠠᠪᠤᠳᠠᠯ ᠤᠨ ᠣᠷᠣᠯᠭ᠎ᠠ | ᠵᠠᠷᠤᠯᠭ᠎ᠠ ᠶᠢᠨ ᠪᠠᠶᠢᠳᠠᠯ ᠢ ᠬᠠᠮᠢᠶᠠᠷᠴᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | ︵ᠬᠤᠶᠠᠷ︶ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠭᠤᠤᠯ ᠡᠭᠦᠷᠭᠡ ᠬᠠᠷᠢᠭᠤᠴᠠᠯᠭ᠎ᠠ᠄ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤ | ᠡᠩᠨᠡᠭᠡ ᠶᠢᠨ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ︔ ᠨᠠᠮ ᠤᠨ | ᠭᠡᠰᠢᠭᠦᠨ ᠡᠯᠰᠡᠬᠦ ᠪᠠ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ | ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ︔ ᠠᠵᠢᠯᠴᠢᠨ ᠤ ᠡᠪᠯᠡᠯ᠂ | ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠢᠴᠢ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠵᠥᠪᠯᠡᠯ ᠤᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ | ᠬᠠᠷᠢᠭᠤᠴᠠᠨ᠎ᠠ︔ ᠬᠤᠯᠢᠮᠠᠭ ᠥᠮᠴᠢᠯᠡᠯ ᠤᠨ ᠳᠦᠷᠢᠮᠲᠦ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠶᠢᠯᠠᠯ ᠪᠠ ᠰᠢᠨ᠎ᠡ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ | ᠬᠠᠪᠰᠤᠷᠤᠨ ᠵᠢᠯᠣᠭᠤᠳᠤᠨ᠎ᠠ︔ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ | ᠲᠥᠯᠥᠪᠵᠢᠭᠦᠯᠬᠦ᠂ ᠵᠣᠬᠢᠴᠠᠭᠤᠯᠤᠨ ᠵᠢᠯᠣᠭᠤᠳᠬᠤ᠂ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠵᠤ᠂ ᠨᠡᠶᠢᠭᠡᠮ ᠤᠨ | ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠵᠡᠷᠭᠡ ᠶᠢ ᠬᠠᠷᠢᠭᠤᠴᠠᠨ᠎ᠠ᠃ | ︵ᠭᠤᠷᠪᠠ︶ ᠨᠡᠶᠢᠭᠡᠮ ᠤᠨ ᠵᠠᠰᠠᠯᠲᠠ ᠶᠢᠨ ᠠᠯᠪᠠᠨ ᠭᠡᠷ ︵ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠯᠪᠠᠨ ᠭᠡᠷ ᠤᠨ ᠫᠠᠶᠢᠰᠠ ᠡᠯᠭᠦᠬᠦ︶︶ ︽ᠵᠠ︾ ᠭᠡᠳ ᠭᠤᠣᠯ ᠡᠭᠦᠷᠭᠡ ᠬᠠᠷᠢᠭᠤᠴᠠᠯᠭ᠎ᠠ᠄ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠯᠡᠨ᠂ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠶ ᠪᠠᠷ ᠰᠡᠷᠭᠡᠶᠢᠯᠡᠨ | ᠠᠷᠢᠯᠭᠠᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠰᠠᠶᠢᠨ | ᠨᠥᠬᠦᠴᠡᠯᠳᠦᠯ ᠢ ᠪᠡᠶᠡᠯᠡᠭᠦᠯᠦᠨ᠎ᠡ︔ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠦᠨᠳᠦᠰᠦᠨ ᠱᠠᠲᠤᠨ ᠤ ᠵᠠᠰᠠᠯᠲᠠ ᠪᠠ | ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠠᠷᠠᠳ ᠤᠨ | ᠰᠠᠨᠠᠭᠤᠯᠭ᠎ᠠ ᠶᠢ ᠴᠤᠭᠯᠠᠭᠤᠯᠬᠤ ᠠᠵᠢᠯ ᠢ ᠬᠠᠷᠢᠭᠤᠴᠠᠨ᠎ᠠ︔ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠬᠠᠮᠢᠶ᠎ᠠ ᠪᠦᠬᠦᠢ ᠠᠵᠢᠯ ᠢ ᠬᠠᠷᠢᠭᠤᠴᠠᠨ ᠰᠠᠶᠢᠲᠤᠷ | ᠭᠦᠢᠴᠡᠳᠬᠡᠨ᠎ᠡ | ︵ᠳᠥᠷᠪᠡ︶ ᠠᠵᠤ ᠠᠬᠤᠶ ᠶᠢᠨ ᠬᠥᠭᠵᠢᠯᠲᠡ ᠪᠣᠯᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠭᠤᠣᠯ | ᠡᠭᠦᠷᠭᠡ ᠬᠠᠷᠢᠭᠤᠴᠠᠯᠭ᠎ᠠ᠄ ᠳᠡᠭᠡᠳᠦ ᠱᠠᠲᠤᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠤᠯᠪᠣᠭᠳᠠᠯ | ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ | ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠠ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ | ᠬᠥᠭᠵᠢᠯᠲᠡ ᠶᠢᠨ ᠠᠵᠢᠯ ᠢ ᠬᠠᠷᠢᠭᠤᠴᠠᠨ᠎ᠠ︔ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ | ᠬᠠᠷᠢᠭᠤᠴᠠᠨ᠎ᠠ︔ ᠲᠤᠰ ᠪᠠᠯᠭᠠᠰᠤᠨ ᠤ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠦᠳᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠲᠥᠰᠦᠪ ᠢ ᠬᠢᠨᠠᠬᠤ ᠰᠤᠷᠭᠠᠭᠤᠯᠢ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠵᠡᠷᠭᠡ ᠠᠵᠢᠯ ᠢ ᠬᠠᠷᠢᠭᠤᠴᠠᠨ᠎ᠠ︔ ᠬᠠᠷᠢᠶ᠎ᠠ ᠣᠷᠣᠨ ᠤ ᠪᠠᠨ ᠳᠣᠲᠣᠷᠠᠬᠢ ᠬᠤᠲᠠ ᠪᠠᠯᠭᠠᠰᠤᠨ ᠤ ᠪᠦᠳᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠪᠠ ᠬᠠᠷᠢᠶ᠎ᠠ ᠣᠷᠣᠨ ᠤ ᠪᠠᠷᠢᠯᠭ᠎ᠠ ᠶᠢᠨ ᠵᠦᠢᠯᠡᠰ ᠤᠨ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ᠂ ᠵᠢᠵᠢᠭ ᠲᠣᠭᠤᠷᠢᠭ ᠢ ᠲᠥᠯᠥᠪᠵᠢᠭᠦᠯᠵᠦ ᠰᠢᠯᠭᠠᠨ ᠠᠪᠬᠤ ᠵᠡᠷᠭᠡ ᠠᠵᠢᠯ ᠢ | ᠬᠠᠮᠵᠢᠨ ᠰᠠᠶᠢᠲᠤᠷ ᠬᠢᠨ᠎ᠠ︔ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠠᠮᠢᠳᠤᠷᠠᠯ ᠳᠤ ᠬᠡᠷᠡᠭᠯᠡᠬᠦ ᠤᠰᠤ | ᠴᠠᠬᠢᠯᠭᠠᠨ ᠬᠡᠷᠡᠭᠯᠡᠬᠦ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠬᠠᠮᠵᠢᠨ | ᠰᠠᠶᠢᠲᠤᠷ ᠬᠢᠨ᠎ᠠ︔ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠠᠮᠢᠳᠤᠷᠠᠯ ᠳᠤ ᠬᠡᠷᠡᠭᠯᠡᠬᠦ ᠤᠰᠤ ᠴᠠᠬᠢᠯᠭᠠᠨ | ᠬᠡᠷᠡᠭᠯᠡᠬᠦ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠬᠠᠮᠵᠢᠨ ᠰᠠᠶᠢᠲᠤᠷ ᠬᠢᠨ᠎ᠠ︔ | ᠮᠥᠩᠭᠦᠨ ᠭᠦᠢᠯᠭᠡᠭᠡ᠂ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ | ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠠ︔ ᠤᠢ ᠰᠢᠭᠤᠶ ︵ᠡᠪᠡᠰᠦ︶ | ᠶᠢᠨ ᠳᠠᠷᠤᠭ᠎ᠠ᠂ ᠭᠤᠣᠯ ︵ᠨᠠᠭᠤᠷ︶ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃︶ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ︔ ᠬᠠᠷᠢᠶ᠎ᠠ ᠣᠷᠣᠨ ᠤ ᠳᠣᠲᠣᠷᠠᠬᠢ ᠬᠥᠳᠡᠭᠡ ᠲᠣᠰᠬᠤᠨ ᠤ ᠲᠣᠰᠬᠤᠨ ᠤ ᠠᠷᠠᠳ ᠤᠨ | ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ︔ ᠬᠠᠷᠢᠶ᠎ᠠ ᠣᠷᠣᠨ ᠤ | ᠳᠣᠲᠣᠷᠠᠬᠢ ᠲᠠᠷᠢᠶᠠᠨ ᠭᠠᠵᠠᠷ᠂ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠨ ᠬᠠᠮᠢᠶᠠᠷᠬᠤ ᠠᠵᠢᠯ ᠢ ᠬᠠᠷᠢᠭᠤᠴᠠᠨ᠎ᠠ︔ | ᠬᠠᠷᠢᠶ᠎ᠠ ᠣᠷᠣᠨ ᠤ ᠳᠣᠲᠣᠷᠠᠬᠢ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠵᠢᠴᠢ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠬᠠᠮᠵᠢᠨ ᠰᠠᠶᠢᠲᠤᠷ ᠬᠢᠨ᠎ᠠ︔ ᠲᠤᠭ᠎ᠠ ᠪᠦᠷᠢᠳᠬᠡᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠪᠠᠯᠭᠠᠰᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ | ᠪᠤᠰᠤᠳ ᠠᠵᠢᠯ ᠢ ᠬᠠᠷᠢᠭᠤᠴᠠᠨ ᠪᠡᠶᠡᠯᠡᠭᠦᠯᠦᠨ᠎ᠡ᠃ | ︵ᠲᠠᠪᠤ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠃ ᠭᠤᠣᠯ ᠡᠭᠦᠷᠭᠡ ᠬᠠᠷᠢᠭᠤᠴᠠᠯᠭ᠎ᠠ᠄ ᠠᠷᠠᠳ ᠤᠨ | ᠶᠠᠪᠤᠳᠠᠯ᠂ ᠡᠷᠡᠭᠦᠯ ᠬᠠᠮᠠᠭᠠᠯᠠᠯ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠰᠤᠷᠭᠠᠨ ᠬᠥᠮᠦᠵᠢᠯ᠂ ᠰᠢᠨᠵᠢᠯᠡᠬᠦ | ᠤᠬᠠᠭᠠᠨ ᠮᠡᠷᠭᠡᠵᠢᠯ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠵᠡᠮᠳᠡᠭᠴᠦᠳ ᠤᠨ ᠬᠤᠯᠪᠣᠭ᠎ᠠ᠂ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ | ᠨᠠᠰᠤᠲᠠᠶᠢᠴᠤᠳ ᠤᠨ ᠵᠥᠪᠯᠡᠯ᠂ ᠬᠥᠮᠦᠨ ᠠᠮᠠ ᠶᠢᠨ ᠬᠠᠮᠢᠶᠠᠷᠤᠯᠲᠠ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ | ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ︔ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ | ᠵᠠᠰᠠᠭ ᠤᠨ ᠶᠠᠪᠤᠳᠠᠯ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ︔ ᠠᠷᠠᠳ ᠤᠨ | ᠵᠡᠪᠰᠡᠭᠲᠦ ᠬᠦᠴᠦᠨ ᠤ ᠠᠵᠢᠯ ᠢ ᠬᠠᠷᠢᠭᠤᠴᠠᠨ᠎ᠠ︔ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ | ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠬᠠᠷᠢᠭᠤᠴᠠᠨ ᠪᠡᠶᠡᠯᠡᠭᠦᠯᠦᠨ᠎ᠡ᠃ | ︵ᠵᠢᠷᠭᠤᠭ᠎ᠠ︶ ᠬᠤᠶᠠᠷᠬᠤᠳᠳᠤᠭ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ︶ ︽ᠵᠠ︾ ᠭᠡᠳ ᠭᠤᠤᠯ ᠡᠭᠦᠷᠭᠡ | ᠬᠠᠷᠢᠭᠤᠴᠠᠯᠭ᠎ᠠ᠄ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ | ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ | ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠪᠠ ᠠᠷᠠᠳ ᠲᠤ ᠲᠥᠬᠦᠮ ᠦᠵᠡᠭᠦᠯᠵᠦ | ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠨᠡᠶᠢᠭᠡᠮ ᠤᠨ ᠶᠠᠪᠤᠳᠠᠯ ᠤᠨ ᠠᠯᠪᠠᠨ | ᠬᠡᠷ ᠢ ᠬᠠᠮᠵᠢᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ ᠵᠢᠴᠢ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠨ᠎ᠡ︔ ᠴᠡᠷᠢᠭ ᠠᠴᠠ ᠬᠠᠯᠠᠭᠳᠠᠭᠰᠠᠳ ᠤᠨ ᠶᠡᠷᠦᠩᠬᠡᠶᠢᠯᠡᠭᠰᠡᠨ | ᠦᠢᠯᠡᠴᠢᠯᠡᠭᠡ᠂ ᠡᠷᠬᠡ ᠠᠰᠢᠭ ᠤᠨ ᠪᠠᠲᠤᠯᠠᠭ᠎ᠠ ᠵᠡᠷᠭᠡ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠵᠦ᠂ ᠴᠡᠷᠢᠭ ᠢᠶᠠᠨ | ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠨᠠᠮ ᠤᠨ | ᠪᠠᠶᠢᠭᠤᠯᠤᠯᠲᠠ ᠶᠢᠨ ᠠᠯᠪᠠᠨ ᠭᠡᠷ ᠢ ᠬᠠᠮᠵᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯ ᠵᠢᠴᠢ ᠪᠤᠰᠤᠳ ᠦᠨᠳᠦᠰᠦᠨ ᠱᠠᠲᠤᠨ ᠤ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ︔ ᠨᠡᠶᠢᠭᠡᠮ ᠤᠨ ᠶᠠᠪᠤᠳᠠᠯ ᠤᠨ ᠠᠯᠪᠠᠨ ᠭᠡᠷ ᠢ ᠬᠠᠮᠵᠢᠨ ᠨᠡᠶᠢᠭᠡᠮ ᠤᠨ | ᠳᠠᠭᠠᠳᠬᠠᠯ ᠤᠨ ᠬᠠᠮᠢᠶ᠎ᠠ ᠪᠦᠬᠦᠢ ᠠᠵᠢᠯ ᠢ ᠰᠠᠶᠢᠲᠤᠷ ᠭᠦᠢᠴᠡᠳᠬᠡᠨ᠎ᠡ᠃ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ | ᠬᠠᠷᠢᠭᠤᠴᠠᠨ ᠪᠡᠶᠡᠯᠡᠭᠦᠯᠦᠨ᠎ᠡ᠃ | ︵ᠳᠤᠯᠤᠭ᠎ᠠ︶ ᠬᠤᠶᠠᠷᠬᠤᠳᠳᠤᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠩᠭᠢ᠃ ᠭᠤᠤᠯ ᠡᠭᠦᠷᠭᠡ ᠬᠠᠷᠢᠭᠤᠴᠠᠯᠭ᠎ᠠ᠄ ᠲᠣᠰ ᠪᠠᠯᠭᠠᠰᠤᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠲᠣᠰ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠪᠠ ᠲᠣᠭᠤᠷᠢᠭ ᠤᠨ ᠬᠠᠷᠢᠶ᠎ᠠ ᠰᠠᠯᠠᠭ᠎ᠠ | ᠮᠥᠴᠢᠷ ᠲᠤ ᠨᠠᠶᠢᠳᠠᠵᠤ ᠲᠣᠰ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠠᠤᠯᠢ | ᠶᠣᠰᠣᠭᠠᠷ ᠲᠥᠪᠯᠡᠷᠡᠭᠦᠯᠦᠨ ᠬᠡᠷᠡᠭᠵᠢᠭᠦᠯᠦᠨ᠎ᠡ︔ ᠳᠤᠷ᠎ᠠ ᠪᠠᠷ ᠢᠶᠠᠨ ᠪᠠᠶᠢᠭᠤᠯᠬᠤ᠂ ᠬᠠᠤᠯᠢ ᠠᠴᠠ ᠵᠥᠷᠢᠴᠡᠨ ᠲᠠᠷᠢᠶᠠᠨ | ᠭᠠᠵᠠᠷ ᠢ ᠡᠵᠡᠯᠡᠨ ᠬᠡᠷᠡᠭᠯᠡᠬᠦ᠂ ᠳᠤᠷ᠎ᠠ ᠪᠠᠷ ᠢᠶᠠᠨ ᠮᠠᠯᠲᠠᠵᠤ ᠳᠤᠷ᠎ᠠ ᠪᠠᠷ ᠢᠶᠠᠨ ᠲᠡᠭᠦᠬᠦ ᠵᠡᠷᠭᠡ ᠬᠠᠮᠢᠶᠠᠷᠤᠨ ᠡᠵᠡᠮᠳᠡᠬᠦ | ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠵᠡᠷᠭᠡ ᠬᠠᠮᠢᠶᠠᠷᠤᠨ ᠡᠵᠡᠮᠳᠡᠬᠦ | ᠠᠵᠢᠯ ᠢ ᠬᠠᠷᠢᠭᠤᠴᠠᠨ᠎ᠠ︔ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠮᠵᠢᠨ ᠬᠢᠨ᠎ᠠ︔ ᠪᠠᠯᠭᠠᠰᠤᠨ ᠤ | ᠵᠠᠰᠠᠭ ᠤᠨ ᠣᠷᠳᠣᠨ ᠤ ᠰᠠᠭᠤᠭ᠎ᠠ ᠭᠠᠵᠠᠷ ᠵᠢᠴᠢ ᠬᠥᠳᠡᠭᠡ ᠲᠣᠰᠬᠤᠨ ᠤ ᠭᠤᠤᠯ ᠵᠠᠮ ᠤᠨ ᠬᠤᠶᠠᠷ ᠬᠠᠵᠠᠭᠤ ᠶᠢᠨ | ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠵᠠᠮ ᠡᠵᠡᠯᠡᠨ ᠡᠵᠡᠩᠨᠡᠬᠦ ᠵᠡᠷᠭᠡ ᠲᠠᠯ᠎ᠠ ᠶᠢᠨ | ᠬᠠᠮᠢᠶᠠᠷᠤᠨ ᠡᠵᠡᠮᠳᠡᠬᠦ ᠠᠵᠢᠯ ᠢ ᠬᠠᠷᠢᠭᠤᠴᠠᠨ᠎ᠠ︔ ᠲᠣᠰ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ᠂ ᠭᠡᠷ ᠤᠨ ᠭᠠᠳᠠᠨᠠᠬᠢ ᠵᠠᠷ ᠮᠡᠳᠡᠭᠡ᠂ ᠳᠡᠯᠭᠡᠭᠦᠷ ᠤᠨ ᠫᠠᠶᠢᠰᠠ ᠢᠯᠡᠷᠬᠡᠶᠢᠯᠡᠯ ᠵᠡᠷᠭᠡ ᠲᠠᠯ᠎ᠠ ᠶᠢᠨ ᠬᠠᠮᠢᠶᠠᠷᠤᠨ | ᠡᠵᠡᠮᠳᠡᠬᠦ ᠠᠵᠢᠯ ᠢ ᠬᠠᠷᠢᠭᠤᠴᠠᠨ᠎ᠠ︔ ᠲᠤᠰ ᠬᠠᠷᠢᠶ᠎ᠠ ᠣᠷᠣᠨ ᠤ ᠳᠣᠲᠣᠷᠠᠬᠢ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ᠂ ᠴᠡᠴᠡᠷᠯᠢᠭ ᠤᠨ ᠨᠣᠭᠤᠭᠠᠷᠠᠭᠤᠯᠤᠯᠲᠠ᠂ ᠵᠢᠵᠢᠭ | ᠲᠣᠭᠤᠷᠢᠭ ᠤᠨ ᠠᠳᠠᠯ ᠠᠬᠤᠶ ᠵᠡᠷᠭᠡ ᠲᠠᠯ᠎ᠠ ᠶᠢᠨ ᠬᠠᠮᠢᠶᠠᠷᠤᠨ ᠡᠵᠡᠮᠳᠡᠬᠦ ᠠᠵᠢᠯ ᠢ ᠬᠠᠮᠵᠢᠨ ᠬᠢᠨ᠎ᠠ︔ ᠣᠢ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠠᠮᠵᠢᠨ ᠰᠠᠶᠢᠲᠤᠷ ᠬᠢᠨ᠎ᠠ︔ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ | ᠬᠠᠷᠢᠭᠤᠴᠠᠨ᠎ᠠ᠃ | ︵ᠨᠠᠢᠮᠠ︶ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠃ ᠭᠤᠤᠯ ᠡᠭᠦᠷᠭᠡ | ᠬᠠᠷᠢᠭᠤᠴᠠᠯᠭ᠎ᠠ᠄ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ | ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠨ ᠳᠤ ᠠᠵᠤ ᠦᠢᠯᠡᠰ ᠤᠨ | ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ︔ ᠲᠤᠰᠬᠠᠶ ᠮᠡᠷᠭᠡᠵᠢᠯ ᠤᠨ | ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ | ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ︔ ᠬᠥᠳᠡᠭᠡ ᠲᠣᠰᠬᠤᠨ ᠤ ︽ᠪᠡᠯᠡ ᠮᠥᠩᠭᠦ᠂ ᠡᠳ᠋ ᠬᠥᠷᠥᠩᠭᠡ᠂ | ᠰᠠᠭᠤᠷᠢ ᠮᠡᠳᠡᠭᠡ ᠵᠠᠩᠭᠢ ᠶᠢ ᠴᠠᠭ ᠲᠤᠬᠠᠶ ᠳᠤᠨᠢ ᠴᠤᠭᠯᠠᠭᠤᠯᠵᠤ᠂ ᠠᠷᠠᠳ ᠲᠤ ᠠᠰᠢᠭ ᠬᠦᠷᠲᠡᠭᠡᠬᠦ ︽ᠪᠦᠬᠦᠨ ᠳᠤ | ᠲᠣᠬᠢᠷᠠᠬᠤ ᠺᠠᠷᠲ︾ ᠤᠨ ᠮᠡᠳᠡᠭᠡ ᠵᠠᠩᠭᠢ ᠶᠢᠨ ᠰᠢᠰᠲ᠋ᠧᠮ ᠢ ᠰᠢᠨᠡᠳᠬᠡᠬᠦ ᠶᠢ ᠬᠠᠷᠢᠭᠤᠴᠠᠨ᠎ᠠ︔ ᠠᠷᠠᠳ ᠲᠤ ᠠᠰᠢᠭ | ᠬᠦᠷᠲᠡᠭᠡᠬᠦ ᠨᠥᠬᠦᠪᠥᠷᠢ ᠪᠡᠯᠡ ᠮᠥᠩᠭᠦ ᠳᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠨ᠎ᠠ︔ | ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ︔ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢᠨ ᠪᠠᠶᠢᠭᠤᠯᠤᠯᠲᠠ ᠪᠠ ᠠᠵᠢᠯᠯᠠᠭᠠᠨ ᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠴᠢᠮᠡᠭᠡ ᠨᠡᠪᠲᠡᠷᠡᠯᠭᠡ ᠶᠢᠨ ᠬᠠᠶ᠋ᠢᠭ᠄ ᠬᠤᠶᠠᠷ ᠬᠤᠳᠳᠤᠭ ᠪᠠᠯᠭᠠᠰᠤᠨ ᠤ 110 ᠤᠯᠤᠰ ᠤᠨ ᠵᠠᠮ ᠬᠢᠭᠡᠳ ᠸᠠᠨ | ᠬᠠ ᠱᠤᠭᠤᠮ ᠤᠨ ᠠᠭᠤᠯᠵᠠᠷ ᠵᠠᠮ ᠤᠨ ᠡᠮᠦᠨ᠎ᠡ ᠲᠠᠯ᠎ᠠ | ᠠᠵᠢᠯ ᠤᠨ ᠤᠲᠠᠰᠤ᠄ 0472 - 6962082 | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ | ᠬᠤᠶᠢᠨᠠᠬᠢ 14᠄ 30-17᠄ 30 | ᠬᠠᠷᠢᠭᠤᠴᠠᠯᠭ᠎ᠠ ᠡᠭᠦᠷᠭᠡᠯᠡᠭᠴᠢ᠄ ᠲᠠᠩ ᠹᠸᠢ | | | |