ᠵᠢᠦ ᠶᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ
ᠨᠡᠶᠢᠲᠡᠯᠡᠭᠰᠡᠨ ᠴᠠᠭ᠄
2025/1/24
    ᠨᠢᠭᠡ᠂ ᠭᠤᠣᠯ ᠡᠭᠦᠷᠭᠡ ᠬᠠᠷᠢᠭᠤᠴᠠᠯᠭ᠎ᠠ    ᠥᠪᠥᠷ ᠮᠣᠩᠭᠤᠯ ᠤᠨ ᠪᠤᠭᠤᠲᠤ ᠶᠢᠨ ᠵᠢᠦ ᠶᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯ ᠵᠢᠥ ᠶᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠤᠮᠵᠢ ᠪᠣᠯᠣᠨ᠎ᠠ᠂ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄    ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠪᠣᠯᠤᠨ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠪᠤᠭᠤᠲᠤ ᠬᠤᠳᠠ᠂ ᠵᠢᠥ ᠶᠤᠸᠠᠨ ᠲᠣᠭᠤᠷᠢᠭ ᠤᠨ ᠪᠠᠶᠢᠷᠢᠯᠠᠭᠤᠯᠤᠭᠰᠠᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ᠎ᠠ᠃    ︵ᠬᠤᠶᠠᠷ︶ ᠬᠦᠷᠢᠶᠡᠯᠡᠩ ᠲᠣᠭᠤᠷᠢᠭ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ᠂ ᠠᠵᠤ ᠠᠬᠤᠶ ᠶᠢᠨ ᠬᠥᠭᠵᠢᠯᠲᠡ ᠵᠡᠷᠭᠡ ᠳᠤᠮᠳᠠ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠬᠠᠷᠢᠭᠤᠴᠠᠨ ᠲᠣᠭᠲᠠᠭᠠᠵᠤ᠂ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃    ︵ᠭᠤᠷᠪᠠ︶ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠤᠰ ᠭᠠᠵᠠᠷ ᠣᠷᠣᠨ ᠤ ᠲᠣᠭᠳᠠᠭᠠᠯᠲᠠ ᠶᠢᠨ ᠲᠣᠭᠲᠠᠭᠠᠯ ᠢ ᠦᠨᠳᠦᠰᠦᠯᠡᠨ᠂ ᠬᠦᠷᠢᠶᠡᠯᠡᠩ ᠲᠣᠭᠤᠷᠢᠭ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠲᠦᠷᠪᠡ︶ ᠬᠦᠷᠢᠶᠡᠯᠡᠩ ᠲᠣᠭᠤᠷᠢᠭ ᠲᠠᠬᠢ ᠨᠠᠮ ᠤᠨ ᠪᠠᠶᠢᠭᠤᠯᠤᠯᠲᠠ᠂ ᠣᠶᠤᠨ ᠤ ᠪᠣᠯᠪᠠᠰᠤᠨ ᠤ ᠪᠠᠶᠢᠭᠤᠯᠤᠯᠲᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠ ᠠᠵᠢᠯᠲᠠᠨ ᠤ ᠶᠠᠪᠤᠳᠠᠯ ᠬᠥᠳᠡᠯᠮᠦᠷᠢ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠢ ᠬᠠᠷᠢᠭᠤᠴᠠᠨ᠎ᠠ︔ ᠬᠦᠷᠢᠶᠡᠯᠡᠩ ᠲᠣᠭᠤᠷᠢᠭ ᠤᠨ ᠳᠣᠲᠣᠷᠠᠬᠢ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠲᠠᠪᠤ︶ ᠬᠦᠷᠢᠶᠡᠯᠡᠩ ᠲᠣᠭᠤᠷᠢᠭ ᠤᠨ ᠠᠵᠤ ᠠᠬᠤᠢ ᠶᠢᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ᠂ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠬᠠᠮᠢᠶ᠎ᠠ ᠪᠦᠬᠦᠢ ᠵᠣᠬᠢᠴᠠᠭᠤᠯᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃    ︵ᠵᠢᠷᠭᠤᠭ᠎ᠠ︶ ᠣᠷᠣᠨ ᠤ ᠵᠠᠰᠠᠭ ᠤᠨ ᠣᠷᠳᠣᠨ ᠠᠴᠠ ᠣᠯᠭᠤᠭᠰᠠᠨ ᠪᠤᠰᠤᠳ ᠡᠷᠬᠡ ᠲᠤᠰᠢᠶᠠᠯ ᠢ ᠭᠦᠢᠴᠡᠳᠭᠡᠨ᠎ᠡ᠃    ᠬᠤᠶᠠᠷ᠂ ᠳᠤᠳᠤᠭᠠᠳᠤ ᠶᠢᠨ ᠪᠠᠶᠢᠭᠤᠯᠤᠮᠵᠢ    ᠳᠡᠭᠡᠷ᠎ᠡ ᠳᠤᠷᠠᠳᠤᠭᠰᠠᠨ ᠭᠤᠣᠯ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠪᠡᠯ᠂ ᠥᠪᠥᠷ ᠮᠣᠩᠭᠤᠯ ᠤᠨ ᠪᠤᠭᠤᠲᠤ ᠶᠢᠨ ᠵᠢᠦ ᠶᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠣᠲᠣᠭᠠᠳᠤ ᠳᠤ ᠪᠠᠨ 5 ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠭᠠᠷᠭᠠᠪᠠ᠄    ︵ᠨᠢᠭᠡ︶ ᠶᠡᠷᠥᠩᠬᠡᠢ ᠬᠡᠯᠲᠡᠰ    ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ ᠵᠠᠬᠢᠳᠠᠯ ᠰᠤᠷᠪᠤᠯᠵᠢᠯᠠᠭ᠎ᠠ᠂ ᠠᠵᠢᠯᠲᠠᠨ ᠤ ᠶᠠᠪᠤᠳᠠᠯ ᠬᠥᠳᠡᠯᠮᠦᠷᠢ ᠪᠣᠯᠤᠨ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠵᠡᠷᠭᠡ ᠠᠵᠢᠯ ᠢ ᠬᠠᠷᠢᠭᠤᠴᠠᠨ᠎ᠠ᠃    ︵ᠬᠤᠶᠠᠷ︶ ᠲᠥᠯᠥᠪᠵᠢᠭᠦᠯᠵᠦ ᠪᠦᠲᠦᠭᠡᠨ ᠪᠠᠶᠢᠭᠤᠯᠬᠤ ᠬᠡᠯᠲᠡᠰ    ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠰᠠᠨᠠᠯ ᠪᠣᠯᠤᠨ ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ ᠶᠢᠨ ᠰᠠᠨᠠᠯ ᠢ ᠨᠠᠶᠢᠷᠠᠭᠤᠯᠤᠨ ᠵᠣᠬᠢᠶᠠᠬᠤ᠂ ᠬᠡᠷᠡᠭᠵᠢᠭᠦᠯᠬᠦ ᠶᠢ ᠬᠠᠷᠢᠭᠤᠴᠠᠨ᠎ᠠ︔ ᠬᠦᠷᠢᠶᠡᠯᠡᠩ ᠲᠣᠭᠤᠷᠢᠭ ᠤᠨ ᠭᠠᠵᠠᠷ ᠬᠡᠷᠡᠭᠯᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ︔ ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ︔ ᠬᠦᠷᠢᠶᠡᠯᠡᠩ ᠲᠣᠭᠤᠷᠢᠭ ᠤᠨ ᠠᠷᠠᠳ ᠢ ᠨᠡᠭᠦᠯᠭᠡᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠡᠯ᠎ᠡ ᠵᠦᠢᠯ ᠤᠨ ᠰᠠᠭᠤᠷᠢ ᠪᠡᠯᠡᠳᠬᠡᠮᠵᠢ ᠪᠣᠯᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠣᠬᠢᠴᠠᠭᠤᠯᠬᠤ᠂ ᠵᠢᠯᠣᠭᠤᠳᠬᠤ᠂ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ︔ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃    ︵ᠭᠤᠷᠪᠠ︶ ᠬᠤᠳᠠᠯᠳᠤᠭᠠᠴᠢᠨ ᠤᠷᠢᠬᠤ ᠦᠢᠯᠡᠴᠢᠯᠡᠭᠡᠨ ᠤ ᠭᠠᠵᠠᠷ    ᠬᠦᠷᠢᠶᠡᠯᠡᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠵᠢᠴᠢ ᠬᠠᠮᠢᠶ᠎ᠠ ᠪᠦᠬᠦᠢ ᠵᠣᠬᠢᠴᠠᠭᠤᠯᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠡᠷᠬᠡ ᠮᠡᠳᠡᠯ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠎ᠠ᠃    ︵ᠲᠦᠷᠪᠡ︶ ᠠᠵᠤ ᠠᠬᠤᠢ ᠶᠢᠨ ᠬᠦᠭᠵᠢᠯᠲᠡ ᠶᠢᠨ ᠶᠠᠮᠤᠨ    ᠬᠦᠷᠢᠶᠡᠯᠡᠩ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠦᠷᠢᠳᠬᠡᠬᠦ᠂ ᠶᠡᠷᠦᠩᠬᠡᠶᠢᠯᠡᠨ ᠵᠠᠳᠠᠯᠬᠤ ᠠᠵᠢᠯ ᠢ ᠬᠠᠷᠢᠭᠤᠴᠠᠨ᠎ᠠ︔ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠡᠯᠡ ᠣᠷᠣᠭᠤᠯᠤᠯᠲᠠ᠂ ᠪᠡᠯᠡ ᠲᠣᠬᠢᠷᠠᠭᠤᠯᠭ᠎ᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃    ︵ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠬᠢ ᠶᠢᠨ ᠭᠠᠵᠠᠷ    ᠠᠵᠤ ᠠᠬᠤᠶᠢᠯᠠᠯ ᠢ ᠬᠠᠪᠰᠤᠷᠤᠨ ᠡᠯ᠎ᠡ ᠲᠥᠷᠥᠯ ᠤᠨ ᠰᠠᠭᠤᠷᠢ ᠮᠥᠩᠭᠦ ᠶᠢᠨ ᠲᠥᠯᠥᠪᠯᠡᠭᠡ᠂ ᠠᠵᠤ ᠠᠬᠤᠶᠢᠯᠠᠯ ᠤᠨ ᠡᠯ᠎ᠡ ᠲᠥᠷᠥᠯ ᠤᠨ ᠭᠡᠷᠡᠴᠢᠯᠡᠭᠡ ᠶᠢ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠨ᠎ᠠ︔ ᠬᠦᠷᠢᠶᠡᠯᠡᠩ ᠲᠣᠭᠤᠷᠢᠭ ᠤᠨ ᠳᠣᠲᠣᠷ᠎ᠠ ᠭᠠᠳᠠᠨᠠᠬᠢ ᠠᠵᠤ ᠠᠬᠤᠶᠢᠯᠠᠯ ᠤᠨ ᠮᠡᠷᠭᠡᠵᠢᠯ᠂ ᠲᠥᠷᠥᠯ ᠵᠦᠢᠯ ᠵᠡᠷᠭᠡ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠬᠠᠷᠢᠭᠤᠴᠠᠨ᠎ᠠ︔ ᠬᠦᠷᠢᠶᠡᠯᠡᠩ ᠲᠣᠭᠤᠷᠢᠭ ᠵᠢᠴᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠮᠡᠳᠡᠭᠡ ᠵᠠᠩᠭᠢ ᠶᠢᠨ ᠰᠦᠯᠵᠢᠶᠡᠨ ᠤ ᠲᠠᠪᠴᠠᠩ ᠬᠠᠩᠭᠠᠬᠤ ᠶᠢ ᠬᠠᠷᠢᠭᠤᠴᠠᠨ᠎ᠠ᠃    ᠬᠤᠯᠪᠣᠭᠠᠨ ᠤ ᠬᠠᠶ᠋ᠢᠭ᠄ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠡᠮᠦᠨ᠎ᠡ ᠬᠤᠲᠠ ᠶᠢ ᠲᠣᠭᠤᠷᠢᠭᠰᠠᠨ ᠵᠠᠰᠠᠮᠠᠯ ᠵᠠᠮ 46 ᠺᠢᠯᠣᠮᠧᠲᠷ ᠤᠨ ᠵᠠᠢ ᠳᠤ ᠪᠠᠶᠢᠭ᠎ᠠ ᠶᠦᠩ ᠠᠨ ᠵᠡᠭᠡᠯᠢ ᠬᠢᠭᠡᠳ ᠰᠢᠩ ᠶᠧ ᠵᠠᠮ ᠤᠨ ᠠᠭᠤᠯᠵᠠᠷ ᠠᠴᠠ ᠡᠮᠦᠨ᠎ᠡ 50 ᠮᠧᠲᠷ᠃    ᠠᠵᠢᠯᠯᠠᠬᠤ ᠤᠲᠠᠰᠤ᠄ 0472 - 5218203 14039    ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨ᠎ᠡ 9᠄ 00 - 12᠄ 00 - 17᠄ 00    ᠬᠠᠷᠢᠭᠤᠴᠠᠯᠭ᠎ᠠ ᠡᠭᠦᠷᠭᠡᠯᠡᠭᠴᠢ᠄  ᠨᠢᠦ᠋  ᠪᠢᠶᠤᠤ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号