ᠵᠢᠦ ᠶᠤᠸᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ
ᠨᠡᠶᠢᠲᠡᠯᠡᠭᠰᠡᠨ ᠴᠠᠭ᠄
2025/1/24
    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠰᠢᠰᠲ᠋ᠧᠮ ᠤᠨ ᠠᠵᠢᠯ ᠲᠦᠷᠦᠯ ᠤᠨ ᠬᠠᠮᠢᠶᠠᠷᠤᠯᠲᠠ᠂ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ᠂ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ᠂ ᠬᠥᠮᠦᠵᠢᠯ ᠪᠣᠯᠪᠠᠰᠤᠷᠠᠯ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠪᠠ᠃    ︵ᠬᠤᠶᠠᠷ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃    ︵ᠭᠤᠷᠪᠠ︶ ᠨᠠᠮ ᠤᠨ ᠲᠥᠪ ᠬᠤᠷᠢᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠤᠬᠠᠭᠤᠯᠤᠨ ᠲᠤᠭᠤᠰᠢᠯᠠᠭᠤᠯᠵᠤ᠂ ᠪᠦᠬᠦ ᠣᠷᠣᠨ ᠤ ᠬᠠᠩᠭᠠᠨ ᠪᠣᠷᠣᠯᠠᠭᠤᠯᠬᠤ ᠬᠠᠮᠲᠤᠷᠠᠯᠴᠠᠭᠠᠨ ᠤ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃    ︵ᠲᠦᠷᠪᠡ︶ ᠣᠷᠣᠨ ᠤ ᠵᠠᠰᠠᠭ ᠤᠨ ᠣᠷᠳᠣᠨ ᠤ ᠣᠯᠭᠤᠭᠰᠠᠨ ᠡᠷᠬᠡ ᠶᠢ ᠦᠨᠳᠦᠰᠦᠯᠡᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠢᠬᠤᠯᠠ ᠬᠡᠷᠡᠭᠰᠡᠯ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠵᠡᠩᠨᠡᠯᠲᠡ ᠶᠢ ᠵᠣᠬᠢᠶᠠᠨ ᠪᠠᠶᠢᠭᠤᠯᠵᠤ᠂ ᠵᠣᠬᠢᠴᠠᠭᠤᠯᠤᠨ ᠬᠠᠮᠢᠶᠠᠷᠴᠤ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢ ᠵᠢᠯᠣᠭᠤᠳᠴᠤ ᠵᠠᠰᠠᠭ ᠤᠨ ᠣᠷᠳᠣᠨ ᠤ ᠨᠠᠶᠢᠳᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡ ᠪᠠ ᠪᠤᠰᠤᠳ ᠡᠭᠦᠷᠭᠡ ᠶᠢ ᠡᠭᠦᠷᠭᠡᠯᠡᠨ᠎ᠡ᠃    ︵ᠲᠠᠪᠤ︶ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠷᠢᠴᠠᠭ᠎ᠠ ᠶᠢ ᠵᠣᠬᠢᠴᠠᠭᠤᠯᠵᠤ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠵᠢᠯᠣᠭᠤᠳᠴᠤ᠂ ᠰᠢᠨ᠎ᠡ ᠬᠥᠳᠡᠭᠡ ᠲᠣᠰᠬᠤᠨ ᠤ ᠣᠳᠣ ᠦᠶ᠎ᠡ ᠶᠢᠨ ᠭᠦᠢᠯᠭᠡᠭᠡᠨ ᠤ ᠦᠢᠯᠡᠴᠢᠯᠡᠭᠡᠨ ᠤ ᠰᠦᠯᠵᠢᠶᠡᠨ ᠤ ᠢᠨᠵᠧᠨᠧᠷᠢᠩ ᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠶᠢᠭᠤᠯᠤᠯᠲᠠ ᠪᠠ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠳᠡᠯᠭᠡᠨ ᠪᠣᠷᠣᠯᠠᠭᠤᠯᠬᠤ ᠰᠢᠰᠲ᠋ᠧᠮ ᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ ᠶᠢ ᠳᠠᠭᠠᠭᠤᠯᠤᠨ ᠡᠷᠬᠢᠯᠡᠵᠦ᠂ ᠲᠠᠷᠢᠶᠠᠯᠠᠩ ᠮᠠᠯ ᠠᠵᠤ ᠠᠬᠤᠶ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠬᠡᠷᠡᠭᠲᠡᠶ᠃    ︵ᠵᠢᠷᠭᠤᠭ᠎ᠠ︶ ᠣᠷᠣᠨ ᠤ ᠲᠣᠰ ᠱᠠᠲᠤᠨ ᠤ ᠬᠤᠷᠰᠢᠶ᠎ᠠ ᠶᠢᠨ ᠥᠮᠴᠢᠯᠡᠯᠲᠦ ᠡᠳ᠋ ᠬᠥᠷᠥᠩᠭᠡ ᠶᠢᠨ ᠪᠠᠯᠠ ᠭᠠᠷᠭᠠᠭᠴᠢ ᠶᠢᠨ ᠲᠥᠯᠥᠭᠡᠯᠡᠭᠴᠢ ᠶᠢᠨ ᠡᠭᠦᠷᠭᠡ ᠴᠢᠳᠠᠪᠤᠷᠢ ᠶᠢ ᠬᠡᠷᠡᠭᠵᠢᠭᠦᠯᠵᠦ᠂ ᠬᠤᠷᠰᠢᠶ᠎ᠠ ᠶᠢᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢ ᠵᠢᠯᠣᠭᠤᠳᠤᠨ᠂ ᠬᠤᠷᠰᠢᠶ᠎ᠠ ᠶᠢᠨ ᠥᠮᠴᠢᠯᠡᠯᠲᠦ ᠠᠵᠤ ᠠᠬᠤᠶᠢᠯᠠᠯ ᠤᠨ ᠲᠠᠷᠢᠶᠠᠯᠠᠩ ᠮᠠᠯ ᠠᠵᠤ ᠠᠬᠤᠶ ᠳᠤ ᠦᠢᠯᠡᠴᠢᠯᠡᠬᠦ ᠴᠢᠭᠯᠡᠯ ᠢ ᠦᠨᠡᠨᠬᠦ ᠪᠠᠲᠤᠯᠠᠵᠤ᠂ ᠬᠤᠷᠰᠢᠶ᠎ᠠ ᠶᠢᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠬᠤᠷᠰᠢᠶ᠎ᠠ ᠶᠢᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠪᠠ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃    ︵ᠳᠤᠯᠤᠭ᠎ᠠ︶ ᠳᠡᠭᠡᠳᠦ ᠱᠠᠲᠤᠨ ᠤ ᠬᠤᠷᠰᠢᠶ᠎ᠠ ᠪᠣᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠵᠤ᠃    ︵ᠨᠠᠢᠮᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠳᠤᠳᠤᠭᠠᠳᠤ ᠶᠢᠨ ᠪᠠᠶᠢᠭᠤᠯᠤᠮᠵᠢ    ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠵᠢᠦ ᠶᠤᠸᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠬᠢᠨᠠᠭᠴᠢᠳ ᠤᠨ ᠵᠥᠪᠯᠡᠯ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ ᠶᠢᠨ ᠤᠬᠠᠭᠤᠯᠭ᠎ᠠ᠂ ᠪᠢᠴᠢᠭ ᠬᠠᠷ᠎ᠠ ᠲᠠᠩᠰᠠ ᠡᠪᠬᠡᠮᠡᠯ᠂ ᠳᠣᠲᠣᠭᠠᠳᠤ ᠶᠢᠨ ᠡᠳ᠋ ᠤᠨ ᠶᠠᠪᠤᠳᠠᠯ᠂ ᠠᠵᠢᠯᠲᠠᠨ ᠤ ᠶᠠᠪᠤᠳᠠᠯ ᠤᠨ ᠬᠥᠮᠦᠵᠢᠯ ᠪᠠ ᠪᠠᠶᠢᠭᠤᠯᠭ᠎ᠠ ᠶᠢᠨ ᠶᠠᠪᠤᠳᠠᠯ ᠵᠡᠷᠭᠡ ᠠᠵᠢᠯ ᠢ ᠬᠠᠷᠢᠭᠤᠴᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ ᠳᠣᠲᠣᠭᠠᠳᠤ ᠭᠠᠳᠠᠭᠠᠳᠤ ᠶᠢᠨ ᠬᠠᠷᠢᠴᠠᠭ᠎ᠠ ᠶᠢ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠠᠵᠢᠯ ᠢ ᠡᠭᠦᠷᠭᠡᠯᠡᠨ᠎ᠡ᠃ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠡᠯ᠎ᠡ ᠲᠥᠷᠥᠯ ᠤᠨ ᠪᠡᠯᠡ ᠮᠥᠩᠭᠦ ᠵᠢᠴᠢ ᠴᠢᠬᠤᠯᠠ ᠲᠠᠸᠠᠷ ᠤᠨ ᠨᠥᠭᠡᠴᠡᠯᠡᠯᠲᠡ ᠶᠢᠨ ᠲᠤᠰᠬᠠᠶ ᠵᠦᠢᠯ ᠤᠨ ᠨᠥᠬᠦᠪᠥᠷᠢ ᠶᠢᠨ ᠪᠡᠯᠡ ᠮᠥᠩᠭᠦ ᠶᠢ ᠬᠡᠷᠡᠭᠯᠡᠬᠦ ᠪᠠ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ︔ ᠡᠯ᠎ᠡ ᠦᠨᠳᠦᠰᠦᠨ ᠱᠠᠲᠤᠨ ᠤ ᠬᠤᠷᠰᠢᠶ᠎ᠠ ᠳᠤ ᠡᠳ᠋ ᠤᠨ ᠶᠠᠪᠤᠳᠠᠯ ᠤᠨ ᠵᠠᠳᠠᠯᠤᠯᠲᠠ᠂ ᠬᠢᠨᠠᠨ ᠰᠢᠯᠭᠠᠯᠲᠠ ᠬᠢᠨ᠎ᠡ︔ ᠣᠷᠣᠨ ᠤ ᠲᠤᠰ ᠱᠠᠲᠤᠨ ᠤ ᠬᠤᠷᠰᠢᠶ᠎ᠠ ᠶᠢᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ᠂ ᠠᠶᠤᠯᠭᠦᠢ ᠠᠵᠢᠯᠯᠠᠭᠠᠨ ᠤ ᠠᠵᠢᠯ ᠢ ᠡᠭᠦᠷᠭᠡᠯᠡᠨ᠎ᠡ᠃    ︵ᠬᠤᠶᠠᠷ︶ ᠲᠤᠬᠠᠶᠢᠯᠠᠭᠰᠠᠨ ᠠᠵᠢᠯ ᠤᠨ ᠵᠢᠯᠣᠭᠤᠳᠬᠤ ᠰᠲ᠋ᠣᠺ᠃ ᠪᠦᠬᠦ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ ᠦᠢᠯᠡᠴᠢᠯᠡᠬᠦ ᠠᠵᠢᠯ ᠢ ᠡᠭᠦᠷᠭᠡᠯᠡᠨ᠎ᠡ᠃ ᠦᠨᠳᠣᠰᠣᠡ ᠱᠠᠳᠣᠨ ᠤ ᠬᠤᠷᠰᠢᠶ᠎ᠠ᠂ ᠶᠡᠷᠦᠩᠭᠡᠢᠯᠡᠭᠰᠡᠨ ᠦᠢᠯᠡᠴᠢᠯᠡᠭᠡᠨ ᠤ ᠬᠤᠷᠰᠢᠶ᠎ᠠ ᠶᠢᠨ ᠬᠦᠭᠵᠢᠯᠳᠡ ᠶᠢ ᠠᠬᠢᠭᠤᠯᠵᠦ᠂ ᠮᠠᠯᠴᠢᠨ ᠳᠡᠷᠢᠶᠡᠴᠢᠨ ᠤ ᠲᠣᠰᠬᠠᠢ ᠬᠤᠷᠰᠢᠶ᠎ᠠ ᠵᠢᠴᠢ ᠬᠤᠯᠪᠤᠭᠠᠳᠣ ᠬᠤᠷᠰᠢᠶ᠎ᠠ ᠶᠢ ᠵᠢᠯᠥᠭᠤᠳᠬᠤ ᠪᠠ ᠬᠦᠳᠦᠯᠥᠨ ᠵᠢᠯᠥᠭᠤᠳᠴᠥ ᠪᠠᠢᠭᠠᠳ ᠡᠬᠦᠳᠣᠨ ᠪᠠᠢᠭᠤᠯᠥᠨ᠎ᠠ᠃ ᠬᠤᠷᠰᠢᠶ᠎ᠠ ᠶᠢᠨ ᠰᠣᠶᠣᠯ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠵᠢᠴᠢ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠡᠮᠳᠡᠭ ᠢ ᠳᠡᠯᠭᠡᠷᠡᠭᠦᠯᠦᠨ ᠬᠡᠷᠡᠭᠯᠡᠬᠦ ᠵᠡᠷᠭᠡ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠵᠡᠷᠭᠡ ᠴᠢᠬᠤᠯᠠ ᠲᠠᠸᠠᠷ ᠤᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠ ᠨᠥᠭᠡᠴᠡᠯᠡᠯᠲᠡ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠢ ᠬᠠᠷᠢᠭᠤᠴᠠᠨ᠎ᠠ᠃ ᠰᠢᠨ᠎ᠡ ᠬᠥᠳᠡᠭᠡ ᠲᠣᠰᠬᠤᠨ ᠤ ᠣᠳᠣ ᠦᠶ᠎ᠡ ᠶᠢᠨ ᠭᠦᠢᠯᠭᠡᠭᠡᠨ ᠤ ᠦᠢᠯᠡᠴᠢᠯᠡᠭᠡᠨ ᠤ ᠰᠦᠯᠵᠢᠶᠡᠨ ᠤ ᠢᠨᠵᠧᠨᠧᠷᠢᠩ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠢᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠦᠯᠵᠢᠶᠡᠨ ᠤ ᠪᠦᠲᠦᠭᠡᠨ ᠪᠠᠶᠢᠭᠤᠯᠤᠯᠲᠠ ᠵᠢᠴᠢ ᠭᠡᠷ ᠤᠨ ᠲᠡᠵᠢᠭᠡᠪᠦᠷᠢ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠵᠡᠷᠭᠡ ᠠᠵᠢᠯ ᠢ ᠵᠢᠯᠣᠭᠤᠳᠤᠨ ᠬᠥᠭᠵᠢᠭᠦᠯᠵᠦ᠂ ᠠᠵᠢᠯ ᠲᠥᠷᠥᠯ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠳᠤ ᠣᠷᠣᠯᠴᠠᠨ᠎ᠠ᠃ ᠵᠢᠦ ᠶᠤᠸᠠᠨ ᠲᠣᠭᠤᠷᠢᠭ ᠤᠨ ᠥᠮᠴᠢᠯᠡᠯ ᠤᠨ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠬᠤ᠂ ᠬᠥᠲᠥᠯᠥᠨ ᠵᠢᠯᠣᠭᠤᠳᠬᠤ᠂ ᠵᠢᠷᠤᠮᠵᠢᠭᠤᠯᠬᠤ ᠪᠠ ᠲᠡᠳᠬᠦᠨ ᠳᠡᠮᠵᠢᠵᠦ᠂ ᠰᠦᠯᠵᠢᠶᠡᠨ ᠤ ᠲᠠᠪᠴᠠᠩ᠂ ᠠᠷᠠᠯᠵᠢᠶᠠᠨ ᠤ ᠦᠢᠯᠡ ᠠᠵᠢᠯᠯᠠᠭ᠎ᠠ ᠶᠢ ᠰᠢᠯᠭᠠᠨ ᠭᠡᠷᠡᠴᠢᠯᠡᠬᠦ ᠵᠢᠴᠢ ᠬᠠᠤᠯᠢ ᠴᠠᠭᠠᠵᠠ ᠶᠢᠨ ᠵᠥᠪᠯᠡᠯᠭᠡ ᠥᠭᠬᠦ ᠦᠢᠯᠡᠴᠢᠯᠡᠭᠡ ᠵᠡᠷᠭᠡ ᠠᠵᠢᠯ ᠳᠤ ᠣᠷᠣᠯᠴᠠᠨ᠎ᠠ᠃    ᠬᠠᠶ᠋ᠢᠭ᠄ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠶᠢᠨ ᠴᠤᠸᠠᠩ ᠲᠣᠮᠣ ᠠᠰᠠᠷ 2201    ᠠᠵᠢᠯ ᠤᠨ ᠤᠲᠠᠰᠤ᠄ 0472 - 6939711    ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ ᠬᠤᠶᠢᠨᠠᠬᠢ 14᠄ 30-17᠄ 30    ᠬᠠᠷᠢᠭᠤᠴᠠᠯᠭ᠎ᠠ ᠡᠭᠦᠷᠭᠡᠯᠡᠭᠴᠢ᠄ ᠯᠢᠦᠶ ᠵᠢᠶᠠᠨ ᠵᠢᠶᠦ᠋ᠨ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号