ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠵᠤ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ | ︵ᠬᠤᠶᠠᠷ︶ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠭᠤᠤᠯ | ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ | ᠵᠡᠷᠭᠡ ᠳᠤᠨᠢ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠬᠤ ᠬᠡᠷᠡᠭᠲᠡᠶ᠃ ᠪᠦᠬᠦ ᠣᠷᠣᠨ ᠤ ᠣᠷᠣᠨ | ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠢᠯᠣᠭᠤᠳᠴᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ | ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ | ︵ᠭᠤᠷᠪᠠ︶ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ | ᠠᠵᠢᠯ ᠢ ᠬᠠᠷᠢᠭᠤᠴᠠᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠪᠠ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠭᠡᠷ | ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠠᠵᠤ ᠦᠢᠯᠡᠰ ᠤᠨ ᠲᠥᠷᠥ ᠶᠢᠨ | ᠪᠣᠳᠣᠯᠭ᠎ᠠ ᠶᠢ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠲᠤᠭᠤᠷᠪᠢᠨ ᠲᠣᠭᠲᠠᠭᠠᠨ᠎ᠠ᠃ ᠭᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠯᠲᠡ᠂ ᠭᠡᠷ ᠪᠠᠶᠢᠰᠢᠩ ᠲᠦᠷᠢᠶᠡᠰᠦᠯᠡᠯ᠂ ᠭᠡᠷ ᠪᠠᠶᠢᠰᠢᠩ ᠭᠠᠵᠠᠷ ᠬᠥᠷᠥᠩᠭᠡ ᠶᠢᠨ | ᠪᠠᠷᠤᠭᠯᠠᠭᠰᠠᠨ ᠦᠨ᠎ᠡ ᠬᠢᠭᠡᠳ ᠵᠠᠭᠤᠴᠢ ᠶᠢᠨ ᠬᠠᠮᠢᠶᠠᠷᠤᠯᠲᠠ᠂ ᠠᠳᠠᠯ ᠠᠬᠤᠶ ᠶᠢᠨ ᠬᠠᠮᠢᠶᠠᠷᠤᠯᠲᠠ ᠶᠢᠨ ᠳᠦᠷᠢᠮ | ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠭᠡᠷ ᠪᠠᠶᠢᠰᠢᠩ | ᠲᠠᠲᠠᠪᠤᠷᠢᠯᠠᠬᠤ᠂ ᠬᠤᠲᠠ ᠶᠢᠨ ᠠᠶᠤᠯ ᠲᠠᠢ ᠭᠡᠷ ᠪᠠᠶᠢᠰᠢᠩ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ | ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠣᠷᠣᠨ ᠤ ᠲᠤᠰ ᠱᠠᠲᠤᠨ ᠤ | ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠬᠢᠭᠡᠳ ᠨᠥᠬᠦᠵᠦ ᠲᠥᠯᠥᠬᠦ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠭᠡᠷ ᠪᠠᠶᠢᠰᠢᠩ ᠳᠠᠩᠰᠠᠯᠠᠬᠤ ᠠᠵᠢᠯ ᠢ | ᠬᠠᠮᠵᠢᠯᠴᠠᠨ ᠵᠢᠯᠣᠭᠤᠳᠤᠨ᠎ᠠ᠃ ᠪᠥᠬᠦ ᠣᠷᠣᠨ ᠤ ᠬᠠᠭᠤᠴᠢᠨ ᠪᠠ ᠬᠠᠭᠤᠴᠢᠷᠠᠭᠰᠠᠨ ᠣᠷᠣᠨ ᠰᠠᠭᠤᠴᠠ ᠶᠢᠨ ᠵᠢᠵᠢᠭ | ᠲᠣᠭᠤᠷᠢᠭ ᠢ ᠶᠡᠷᠦᠩᠬᠡᠶᠢᠯᠡᠨ ᠵᠠᠰᠠᠬᠤ ᠠᠵᠢᠯ ᠢ ᠵᠢᠯᠣᠭᠤᠳᠤᠨ᠎ᠠ᠃ | ︵ᠲᠦᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠪᠠᠷᠢᠮᠵᠢᠶ᠎ᠠ ᠪᠣᠯᠤᠨ ᠬᠤᠯᠪᠣᠭᠳᠠᠯ ᠪᠥᠬᠦᠶ ᠠᠵᠢᠯ ᠲᠥᠷᠥᠯ ᠤᠨ ᠪᠠᠷᠢᠮᠵᠢᠶ᠎ᠠ ᠶᠢ ᠵᠢᠯᠣᠭᠤᠳᠤᠨ ᠬᠡᠷᠡᠭᠵᠢᠭᠦᠯᠦᠨ᠎ᠡ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠵᠢᠯᠣᠭᠤᠳᠤᠨ ᠬᠡᠷᠡᠭᠵᠢᠭᠦᠯᠦᠨ᠎ᠡ᠃ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠣᠯᠤᠮᠵᠢᠲᠤ ᠰᠤᠳᠤᠯᠤᠯ ᠢ ᠦᠨᠡᠯᠡᠬᠦ ᠠᠷᠭ᠎ᠠ᠂ ᠠᠵᠤ | ᠠᠬᠤᠶ ᠶᠢᠨ ᠪᠣᠯᠵᠣᠯᠲᠤ ᠲᠤᠭ᠎ᠠ᠂ ᠪᠦᠲᠦᠭᠡᠨ ᠪᠠᠶᠢᠭᠤᠯᠬᠤ ᠪᠠᠷᠢᠮᠵᠢᠶ᠎ᠠ ᠪᠣᠯᠤᠨ ᠪᠠᠷᠢᠯᠭ᠎ᠠ ᠶᠢᠨ ᠪᠠᠶᠢᠭᠤᠯᠬᠤ | ᠦᠨ᠎ᠡ ᠶᠢᠨ ᠬᠠᠮᠢᠶᠠᠷᠤᠯᠲᠠ ᠶᠢᠨ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃ ᠡᠯ᠎ᠡ ᠲᠥᠷᠥᠯ ᠤᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠲᠣᠭᠲᠠᠭᠰᠠᠨ ᠨᠣᠷᠮ᠎ᠠ ᠶᠢ ᠬᠡᠷᠡᠭᠵᠢᠭᠦᠯᠬᠦ ᠪᠠ ᠪᠠᠷᠢᠯᠭ᠎ᠠ ᠶᠢᠨ | ᠪᠠᠶᠢᠭᠤᠯᠤᠭᠰᠠᠨ ᠦᠨ᠎ᠡ ᠶᠢ ᠪᠣᠳᠣᠬᠤ ᠶᠢ ᠵᠢᠯᠣᠭᠤᠳᠤᠨ᠎ᠠ᠃ | ︵ᠲᠠᠪᠤ︶ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠪᠠᠷᠢᠯᠭ᠎ᠠ ᠶᠢᠨ ᠵᠠᠬ᠎ᠠ | ᠳᠡᠯᠭᠡᠭᠦᠷ ᠢ ᠬᠠᠮᠢᠶᠠᠷᠴᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ | ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠣᠯᠤᠨ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ ᠪᠣᠯᠤᠨ ᠳᠦᠷᠢᠮ ᠲᠣᠭᠲᠠᠭᠠᠯ ᠢ ᠲᠣᠭᠲᠠᠭᠠᠭᠰᠠᠨ | ᠡᠷᠬᠡ ᠮᠡᠳᠡᠯ ᠤᠨ ᠶᠣᠰᠣᠭᠠᠷ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ | ᠶᠣᠰᠣᠭᠠᠷ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠦᠢᠯᠡᠰ᠂ ᠪᠠᠷᠢᠯᠭ᠎ᠠ ᠶᠢᠨ ᠬᠢᠨᠠᠨ | ᠬᠠᠮᠢᠶᠠᠷᠬᠤ ᠵᠥᠪᠯᠡᠯᠭᠡ ᠥᠭᠬᠦ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ | ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠠᠵᠤ ᠠᠬᠤᠶᠢᠯᠠᠯ | ᠂ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠡᠷ ᠳᠣᠲᠣᠷᠠᠬᠢ ᠵᠠᠰᠠᠯ ᠴᠢᠮᠡᠭᠯᠡᠯ ᠤᠨ ᠦᠢᠯᠡᠰ ᠢ | ᠬᠠᠮᠢᠶᠠᠷᠴᠤ ᠵᠢᠯᠣᠭᠤᠳᠤᠨ᠎ᠠ᠃ ᠲᠤᠰ ᠣᠷᠣᠨ ᠤ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ | ᠪᠠᠲᠤᠯᠠᠪᠤᠷᠢ ᠶᠢᠨ ᠮᠥᠩᠭᠦ ᠶᠢ ᠬᠢᠨᠠᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠬᠠᠷᠢᠭᠤᠴᠠᠵᠤ᠂ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠳᠠᠬᠢ ᠪᠠᠷᠢᠯᠭ᠎ᠠ ᠶᠢᠨ ᠵᠣᠭᠤᠰ ᠢ ᠢᠯᠭᠠᠷᠠᠭᠤᠯᠤᠨ ᠳᠢᠭᠯᠡᠬᠦ ᠠᠵᠢᠯ ᠳᠤ ᠣᠷᠣᠯᠴᠠᠵᠤ᠂ | ᠵᠣᠬᠢᠴᠠᠭᠤᠯᠤᠨ ᠵᠣᠬᠢᠴᠠᠭᠤᠯᠤᠨ᠎ᠠ᠃ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ | ᠵᠣᠬᠢᠴᠠᠭᠤᠯᠵᠤ ᠪᠠᠶᠢᠭᠠᠳ ᠭᠠᠳᠠᠭᠰᠢ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ | ᠬᠠᠮᠲᠤᠷᠠᠯᠴᠠᠭ᠎ᠠ ᠳᠤ ᠣᠷᠣᠯᠴᠠᠭᠤᠯᠤᠨ᠎ᠠ᠃ | ︵ᠵᠢᠷᠭᠤᠭ᠎ᠠ︶ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠷᠢᠭᠤᠴᠠᠨ᠎ᠠ᠃ ᠪᠠᠷᠢᠯᠭ᠎ᠠ ᠶᠢᠨ ᠶᠠᠰᠤ ᠴᠢᠨᠠᠷ᠂ | ᠪᠠᠷᠢᠯᠭ᠎ᠠ ᠶᠢᠨ ᠠᠶᠤᠯ ᠦᠭᠡᠶ ᠦᠢᠯᠡᠳᠪᠦᠷᠢᠯᠡᠯ ᠪᠣᠯᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ | ᠳᠠᠩᠰᠠᠯᠠᠬᠤ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ | ᠪᠦᠬᠦᠢ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠤ ᠬᠦᠨᠳᠦ ᠶᠡᠭᠡ ᠠᠳᠡᠯ ᠢ | ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ | ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ | ᠵᠢᠭᠠᠨ ᠵᠢᠯᠣᠭᠤᠳᠴᠤ ᠬᠢᠨᠠᠯᠲᠠ ᠲᠠᠯᠪᠢᠨ᠎ᠠ᠃ | ︵ᠳᠤᠯᠤᠭ᠎ᠠ︶ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ | ᠵᠢᠯᠣᠭᠤᠳᠬᠤ ᠪᠠ ᠡᠭᠦᠷᠭᠡᠯᠡᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠳᠦᠷᠢᠮ ᠢ | ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠤᠯᠲᠠ | ᠪᠣᠯᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠳᠤᠮᠳᠠ ᠪᠠ ᠤᠷᠲᠤ ᠬᠤᠭᠤᠴᠠᠭᠠᠨ ᠤ | ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠲᠣᠰ ᠲᠣᠭᠤᠷᠢᠭ ᠤᠨ ᠬᠤᠲᠠ ᠶᠢᠨ ᠶᠠᠪᠤᠳᠠᠯ ᠤᠨ | ᠨᠡᠶᠢᠲᠡ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠬᠠᠶᠢᠨ ᠪᠠᠶᠢᠴᠠᠭᠠᠬᠤ᠂ ᠬᠤᠲᠠ ᠶᠢᠨ ᠶᠠᠪᠤᠳᠠᠯ ᠤᠨ | ᠪᠠᠷᠢᠯᠭ᠎ᠠ ᠶᠢ ᠬᠡᠮᠵᠢᠬᠦ᠂ ᠬᠤᠲᠠ ᠶᠢᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠪᠠ ᠬᠤᠲᠠ ᠶᠢᠨ | ᠱᠤᠭᠤᠮᠠᠯ ᠤᠨ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠢᠯᠴᠢ ᠬᠠᠩᠭᠠᠬᠤ ᠵᠡᠷᠭᠡ ᠨᠡᠶᠢᠲᠡ ᠶᠢᠨ ᠦᠢᠯᠡᠰ ᠤᠨ | ᠨᠢᠭᠡᠴᠡ ᠳᠤ ᠵᠣᠬᠢᠴᠠᠭᠤᠯᠤᠨ ᠦᠢᠯᠡᠴᠢᠯᠡᠵᠦ᠂ ᠰᠢᠮᠳᠠᠭᠤᠯᠤᠨ ᠵᠢᠯᠣᠭᠤᠳᠤᠨ᠎ᠠ᠃ | ︵ᠨᠠᠢᠮᠠ︶ ᠬᠤᠲᠠ ᠶᠢᠨ ᠰᠡᠯᠪᠢᠨ ᠵᠠᠰᠠᠵᠤ ᠨᠥᠬᠦᠪᠥᠷᠢᠯᠡᠬᠦ ᠪᠠ ᠠᠮᠢ ᠠᠬᠤᠶ ᠶᠢ ᠰᠡᠷᠭᠦᠭᠡᠬᠦ ᠲᠥᠷᠥ ᠶᠢᠨ | ᠪᠣᠳᠣᠯᠭ᠎ᠠ ᠪᠣᠯᠤᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠦᠢᠯ ᠢ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ ᠲᠣᠰᠬᠤᠨ ᠢ | ᠬᠠᠷᠢᠭᠤᠴᠠᠨ᠎ᠠ︶︶᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠠᠷᠠᠴᠢᠯᠠᠯᠲᠠ ᠵᠢᠴᠢ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯ ᠢ ᠬᠠᠷᠢᠭᠤᠴᠠᠵᠤ᠂ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠠᠯᠪᠠᠨ | ᠭᠡᠷ ᠤᠨ ᠡᠭᠦᠷᠭᠡ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠨ᠎ᠡ᠃ | ︵ᠶᠢᠰᠦ︶ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ | ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠬᠦᠷᠢᠶ᠎ᠡ ︵ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠯ᠎ᠠ ᠪᠠᠭᠲᠠᠬᠤ ᠥᠬᠡᠶ︶ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ | ᠠᠵᠢᠯ᠃ | ︵ᠠᠷᠪᠠ︶ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ | ᠣᠷᠣᠨ ᠤ ᠵᠢᠵᠢᠭ ᠬᠤᠲᠠ ᠪᠠᠯᠭᠠᠰᠤ ᠪᠣᠯᠤᠨ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠷᠥ ᠶᠢᠨ | ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠦᠨ᠎ᠡ᠃ ᠪᠦᠬᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠪᠣᠯᠤᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠵᠢᠯᠣᠭᠤᠳᠤᠨ᠎ᠠ᠃ | ᠪᠦᠬᠦ ᠣᠷᠣᠨ ᠤ ᠭᠤᠣᠯᠳᠠᠯᠭ᠎ᠠ ᠲᠠᠢ ᠪᠠᠯᠭᠠᠰᠤ ᠪᠣᠯᠤᠨ ᠤᠯᠠᠮᠵᠢᠯᠠᠯᠲᠤ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ | ᠬᠠᠮᠠᠭᠠᠯᠠᠬᠤ ᠪᠠ ᠬᠥᠭᠵᠢᠭᠦᠯᠬᠦ ᠠᠵᠢᠯ ᠢ ᠵᠢᠯᠣᠭᠤᠳᠤᠨ᠎ᠠ᠃ | ︵ᠠᠷᠪᠠᠨ ᠨᠢᠭᠡ︶ ᠪᠠᠷᠢᠯᠭ᠎ᠠ ᠶᠢᠨ ᠡᠨᠧᠷᠭᠢ ᠠᠷᠪᠢᠯᠠᠬᠤ ᠠᠵᠢᠯ ᠢ ᠬᠠᠷᠢᠭᠤᠴᠠᠨ᠎ᠠ᠃ ᠬᠤᠲᠠ ᠪᠠᠯᠭᠠᠰᠤᠨ ᠤ | ᠪᠣᠬᠢᠷᠳᠠᠯ ᠢ ᠪᠠᠭᠠᠰᠭᠠᠬᠤ ᠠᠵᠢᠯ ᠳᠤ ᠣᠷᠣᠯᠴᠠᠵᠤ᠃ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠪᠠᠯᠭᠠᠰᠤ ᠶᠢᠨ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠣᠭᠤᠷᠢᠭ ᠤᠨ ᠲᠣᠰ ᠱᠠᠲᠤᠨ ᠤ ᠪᠣᠬᠢᠷᠲᠤᠯ ᠥᠬᠡᠶ | ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠢ | ᠬᠥᠭᠵᠢᠭᠦᠯᠬᠦ ᠠᠵᠢᠯ ᠢ ᠵᠢᠯᠣᠭᠤᠳᠤᠨ᠎ᠠ᠃ ᠴᠢᠬᠤᠯᠠ ᠶᠡᠭᠡ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ᠂ | ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠳᠡᠯᠭᠡᠷᠡᠭᠦᠯᠬᠦ ᠠᠵᠢᠯ ᠢ ᠵᠢᠯᠣᠭᠤᠳᠬᠤ ᠪᠠ ᠵᠣᠬᠢᠶᠠᠨ | ᠪᠠᠶᠢᠭᠤᠯᠤᠨ᠎ᠠ᠃ | ︵ᠠᠷᠪᠠᠨ ᠬᠤᠶᠠᠷ︶ ᠵᠠᠮ ᠬᠠᠷᠢᠯᠴᠠᠭ᠎ᠠ ᠲᠡᠭᠡᠭᠡᠪᠦᠷᠢ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ | ᠳᠦᠷᠢᠮ ᠲᠣᠭᠲᠠᠭᠠᠯ ᠢ ᠳᠣᠭᠤᠭᠰᠢᠯᠠᠭᠤᠯᠤᠨ ᠬᠡᠷᠡᠭᠵᠢᠭᠦᠯᠵᠦ᠃ ᠮᠠᠨ ᠤ ᠣᠷᠣᠨ ᠤ ᠵᠠᠰᠠᠮᠠᠯ ᠵᠠᠮ ᠤᠰᠤᠨ ᠵᠠᠮ ᠤᠨ | ᠬᠠᠮᠢᠶ᠎ᠠ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ | ᠳᠦᠷᠢᠮ ᠪᠣᠯᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ | ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠎ᠠ᠃ | ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃ | ︵ᠠᠷᠪᠠᠨ ᠭᠤᠷᠪᠠ︶ ᠲᠣᠭᠲᠠᠭᠠᠭᠰᠠᠨ ᠡᠷᠬᠡ ᠮᠡᠳᠡᠯ ᠶᠣᠰᠣᠭᠠᠷ ᠪᠦᠬᠦ ᠣᠷᠣᠨ ᠤ ᠬᠥᠳᠡᠭᠡ ᠲᠣᠰᠬᠤᠨ ᠤ | ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ᠃ | ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠪᠡᠯᠡ ᠮᠥᠩᠭᠦ ᠵᠢᠴᠢ | ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ ᠲᠣᠬᠢᠷᠠᠭᠤᠯᠭ᠎ᠠ ᠵᠡᠷᠭᠡ ᠲᠠᠯ᠎ᠠ ᠳᠤ ᠬᠤᠯᠪᠣᠭᠳᠠᠬᠤ | ᠪᠤᠰᠤᠳ ᠰᠠᠨᠠᠭᠤᠯᠭ᠎ᠠ ᠶᠢ ᠳᠤᠷᠠᠳᠴᠤ᠂ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠲᠥᠷᠥᠯ ᠵᠦᠢᠯ ᠢ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ | ᠲᠦᠭᠰᠢᠭᠦᠷᠢ ᠶᠢ ᠰᠡᠷᠭᠡᠶᠢᠯᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡᠳᠦᠭᠡᠷ︶ ᠪᠦᠬᠦ ᠣᠷᠣᠨ ᠤ ᠬᠥᠳᠡᠭᠡ ᠲᠣᠰᠬᠤᠨ ᠤ ᠤᠰᠤᠨ ᠵᠠᠮ ᠤᠨ ᠬᠠᠮᠢᠶᠠᠷᠤᠯᠲᠠ | ᠬᠠᠮᠠᠭᠠᠯᠠᠯᠲᠠ ᠶᠢᠨ ᠠᠵᠢᠯ ᠢ ᠡᠭᠦᠷᠭᠡᠯᠡᠨ᠎ᠡ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠬᠡᠮᠵᠢᠶ᠎ᠡ ᠠᠴᠠ ᠬᠡᠲᠦᠷᠡᠲᠡᠯ᠎ᠡ | ᠲᠡᠭᠡᠭᠡᠪᠦᠷᠢᠯᠡᠬᠦ᠂ ᠵᠠᠮ ᠳᠤ ᠬᠤᠯᠪᠣᠭᠳᠠᠬᠤ ᠪᠠᠷᠢᠯᠭ᠎ᠠ ᠶᠢᠨ ᠬᠠᠮᠢᠶ᠎ᠠ ᠪᠥᠬᠦᠶ ᠵᠦᠢᠯᠡᠰ ᠢ ᠬᠠᠮᠢᠶᠠᠷᠤᠨ᠎ᠠ᠃ | ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ | ᠶᠠᠪᠤᠳᠠᠯ ᠤᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠢ ᠨᠢᠭᠡᠳᠦᠯᠲᠡᠶ | ᠲᠥᠯᠥᠪᠯᠡᠨ ᠲᠣᠬᠢᠷᠠᠭᠤᠯᠬᠤ᠂ ᠵᠠᠮ ᠤᠨ ᠲᠣᠣᠷ ᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠲᠣᠭᠲᠠᠭᠠᠭᠰᠠᠨ ᠡᠷᠬᠡ | ᠮᠡᠳᠡᠯ ᠢᠶᠠᠷ ᠢᠶᠠᠨ ᠬᠥᠳᠡᠭᠡ ᠲᠣᠰᠬᠤᠨ ᠤ ᠵᠠᠰᠠᠮᠠᠯ ᠵᠠᠮ᠂ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ | ᠵᠠᠮ ᠤᠨ ᠬᠠᠮᠢᠶ᠎ᠠ ᠪᠦᠬᠦᠢ ᠠᠵᠢᠯ ᠢ ᠳᠠᠭᠠᠭᠠᠨ ᠭᠦᠢᠴᠡᠳᠬᠡᠨ᠎ᠡ᠃ | ︵ᠠᠷᠪᠠᠨ ᠲᠠᠪᠤ︶ ᠪᠦᠬᠦ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ | ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠣᠭᠲᠠᠭᠠᠭᠰᠠᠨ ᠡᠷᠬᠡ | ᠮᠡᠳᠡᠯ ᠢᠶᠠᠷ ᠢᠶᠠᠨ ᠬᠥᠳᠡᠭᠡ ᠲᠣᠰᠬᠤᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠪᠦᠬᠦ ᠣᠷᠣᠨ ᠤ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠮᠠᠨ ᠤ ᠣᠷᠣᠨ ᠤ ᠤᠰᠤᠨ | ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭ᠎ᠠ ᠶᠢᠨ ᠲᠡᠭᠡᠭᠡᠪᠦᠷᠢ᠂ ᠠᠵᠢᠯᠯᠠᠭᠰᠠᠳ ᠤᠨ ᠬᠠᠮᠢᠶᠠᠷᠤᠯᠲᠠ ᠵᠡᠷᠭᠡ | ᠠᠵᠢᠯ ᠢ ᠡᠭᠦᠷᠭᠡᠯᠡᠨ᠎ᠡ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠣᠩᠭᠤᠴᠠ ᠰᠠᠯ ᠳᠠᠩᠰᠠᠯᠠᠬᠤ ᠪᠠ | ᠣᠩᠭᠤᠴᠠᠴᠢᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ︵ᠠᠷᠪᠠᠨ ᠳᠣᠯᠤᠭ᠎ᠠ︶ ᠪᠦᠬᠦ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠰᠤᠨ ᠵᠠᠮ ᠤᠨ ᠠᠵᠢᠯ | ᠲᠥᠷᠥᠯ ᠤᠨ ᠠᠶᠤᠯ ᠦᠭᠡᠶ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠬᠤ ᠬᠡᠷᠡᠭᠲᠡᠶ᠃ ᠬᠥᠳᠡᠭᠡ ᠲᠣᠰᠬᠤᠨ ᠤ ᠵᠠᠰᠠᠮᠠᠯ ᠵᠠᠮ ᠤᠰᠤᠨ ᠵᠠᠮ ᠤᠨ ᠠᠶᠤᠯ | ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠬᠡᠷᠡᠭᠲᠡᠶ᠃ ᠬᠠᠮᠢᠶ᠎ᠠ ᠪᠥᠬᠦᠶ ᠵᠠᠮ ᠤᠨ | ᠲᠣᠤᠷ ᠤᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠨ᠎ᠡ᠃ | ︵ᠠᠷᠪᠠᠨ ᠨᠠᠢᠮᠠ ︶ ᠪᠦᠬᠦ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠰᠤᠨ ᠵᠠᠮ ᠤᠨ ᠠᠵᠢᠯ | ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠢᠨᠠᠯᠲᠠ ᠲᠠᠯᠪᠢᠨ ᠵᠢᠯᠣᠭᠤᠳᠤᠨ᠎ᠠ᠃ | ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠬᠦᠨᠳᠦ ᠶᠡᠭᠡ ᠬᠡᠷᠡᠭ ᠢ ᠪᠠᠶᠢᠴᠠᠭᠠᠬᠤ ᠪᠠ ᠵᠠᠰᠠᠭ ᠵᠠᠬᠢᠷᠭᠠᠨ ᠤ ᠣᠷᠣᠨ | ᠠᠯᠤᠰᠯᠠᠨ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠬᠠᠷᠢᠶᠠᠯᠠᠯ ᠢ ᠵᠢᠭᠠᠨ ᠲᠣᠭᠲᠠᠭᠠᠭᠰᠠᠨ ᠬᠡᠷᠡᠭ ᠢ | ᠳᠠᠭᠠᠭᠠᠨ ᠰᠢᠢᠳᠪᠦᠷᠢᠯᠡᠨ᠎ᠡ᠃ | ︵ᠠᠷᠪᠠ ᠶᠢᠰᠦ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ | ᠲᠣᠭᠤᠷᠢᠨ ᠤ ᠬᠠᠮᠠᠭᠠᠯᠠᠯᠲᠠ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠡᠭᠦᠷᠭᠡᠯᠡᠨ᠎ᠡ᠃ | ︵ᠬᠤᠷᠢᠨ︶ ᠪᠦᠬᠦ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ ᠶᠢ ᠡᠭᠦᠷᠭᠡᠯᠡᠨ᠎ᠡ᠃ ᠮᠡᠳᠡᠭᠡ ᠵᠠᠩᠭᠢᠵᠢᠯᠲᠠ᠂ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠡᠭᠦᠷᠭᠡᠯᠡᠨ᠎ᠡ᠃ | ︵ᠬᠤᠷᠢᠨ ᠨᠢᠭᠡ︶ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ | ᠪᠣᠯᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ | ︵ᠬᠤᠷᠢᠨ ᠬᠤᠶᠠᠷ︶ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ | ᠪᠤᠭᠤᠲᠤ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠣᠷᠣᠨ ᠨᠤᠲᠤᠭ ᠤᠨ ᠴᠢᠨᠠᠷᠲᠠᠶ | ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ | ︵ᠬᠤᠷᠢᠨ ᠭᠤᠷᠪᠠᠨ︶ ᠵᠢᠦ ᠶᠤᠸᠠᠨ ᠲᠣᠭᠤᠷᠢᠭ ᠤᠨ ᠠᠷᠠᠳ ᠤᠨ ᠠᠭᠠᠷ ᠤᠨ ᠰᠡᠷᠭᠡᠢᠯᠡᠯᠲᠡ ᠶᠢᠨ ᠠᠵᠢᠯ ᠤᠨ | ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ | ᠨᠠᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠢᠭᠤᠯᠤᠨ ᠬᠡᠷᠡᠭᠵᠢᠭᠦᠯᠦᠨ᠎ᠡ᠃ | ︵ᠬᠤᠷᠢᠨ ᠳᠥᠷᠪᠡᠨ︶ ᠵᠢᠥ ᠶᠤᠸᠠᠨ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠦᠯ ᠢ | ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠴᠢᠬᠤᠯᠠ | ᠠᠵᠤ ᠠᠬᠤᠶ ᠶᠢᠨ ᠬᠠᠷᠠᠯᠲᠠᠲᠤ ᠨᠢᠭᠡᠴᠡ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠦᠯ ᠢ ᠨᠠᠶᠢᠷᠠᠭᠤᠯᠤᠨ | ᠵᠣᠬᠢᠶᠠᠵᠤ ᠬᠠᠮᠢᠶᠠᠷᠬᠤ ᠶᠢ ᠵᠢᠯᠣᠭᠤᠳᠤᠨ᠂ ᠬᠢᠨᠠᠯᠲᠠ ᠲᠠᠯᠪᠢᠵᠤ᠂ ᠪᠠᠶᠢᠴᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠬᠤᠷᠢᠨ ᠲᠠᠪᠤᠨ︶ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠶ | ᠪᠠᠷᠢᠮᠵᠢᠶ᠎ᠠ ᠵᠢᠴᠢ ᠪᠤᠭᠤᠲᠤ ᠬᠤᠲᠠ ᠶᠢᠨ ᠬᠠᠮᠢᠶ᠎ᠠ ᠪᠦᠬᠦᠢ ᠲᠥᠬᠦᠷ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃ | ︵ᠬᠤᠷᠢᠨ ᠵᠢᠷᠭᠤᠭᠠᠨ︶ ᠮᠠᠨ ᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠵᠢᠯᠣᠭᠤᠳᠤᠨ᠎ᠠ᠃ ᠲᠣᠭᠲᠠᠭᠠᠭᠰᠠᠨ ᠡᠷᠬᠡ ᠮᠡᠳᠡᠯ ᠶᠣᠰᠣᠭᠠᠷ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠠᠤᠯᠢ ᠲᠣᠭᠲᠠᠭᠠᠯ ᠶᠣᠰᠣᠭᠠᠷ ᠬᠠᠷᠢᠭᠤᠴᠠᠨ᠎ᠠ᠃ ᠲᠣᠭᠲᠠᠭᠠᠭᠰᠠᠨ | ᠡᠷᠬᠡ ᠮᠡᠳᠡᠯ ᠤᠨ ᠶᠣᠰᠣᠭᠠᠷ ᠬᠤᠲᠠ ᠪᠣᠯᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠭᠠᠵᠠᠷ | ᠳᠣᠤᠷᠠᠬᠢ ᠣᠷᠣᠨ ᠵᠠᠶ ᠶᠢ ᠨᠡᠭᠡᠭᠡᠨ ᠠᠰᠢᠭᠯᠠᠵᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠱᠠᠭᠠᠷᠳᠠᠯᠭ᠎ᠠ ᠶᠢ | ᠲᠤᠤᠱᠯᠠᠭᠤᠯᠤᠨ ᠬᠡᠷᠡᠭᠵᠢᠭᠦᠯᠬᠦ ᠶᠢ ᠵᠢᠯᠣᠭᠤᠳᠬᠤ ᠬᠡᠷᠡᠭᠲᠡᠶ᠃ ᠲᠣᠭᠲᠠᠭᠠᠭᠰᠠᠨ ᠡᠷᠬᠡ ᠮᠡᠳᠡᠯ ᠢᠶᠠᠷ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠠᠮᠠᠭᠠᠯᠠᠵᠤ ᠬᠠᠮᠢᠶᠠᠷᠬᠤ ᠪᠠ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠯ ᠢ ᠵᠣᠬᠢᠶᠠᠨ | ᠪᠠᠶᠢᠭᠤᠯᠬᠤ ᠬᠡᠷᠡᠭᠲᠡᠶ᠃ | ︵ᠬᠤᠷᠢᠨ ᠳᠣᠯᠤᠭ᠎ᠠ︶ ᠬᠤᠲᠠ ᠶᠢᠨ ᠣᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠣᠬᠢᠶᠠᠨ | ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠪᠠᠴᠢᠮ | ᠪᠠᠶᠢᠳᠠᠯ ᠢ ᠠᠷᠭᠠᠴᠠᠨ ᠲᠤᠰᠠᠯᠠᠬᠤ ᠡᠭᠦᠷᠭᠡ ᠶᠢ ᠬᠡᠷᠡᠭᠵᠢᠭᠦᠯᠬᠦ ᠬᠡᠷᠡᠭᠲᠡᠶ᠃ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠣᠯᠪᠠᠰᠤᠷᠠᠯ ᠪᠣᠯᠤᠨ ᠭᠠᠮᠰᠢᠭ ᠢ ᠰᠡᠷᠭᠡᠶᠢᠯᠡᠬᠦ ᠰᠣᠷᠢᠯᠲᠠ ᠶᠢᠨ ᠰᠣᠷᠢᠯᠲᠠ ᠶᠢ ᠵᠣᠬᠢᠶᠠᠨ | ᠪᠠᠶᠢᠭᠤᠯᠬᠤ ᠬᠡᠷᠡᠭᠲᠡᠶ᠃ ᠠᠷᠠᠳ ᠤᠨ ᠠᠭᠠᠷ ᠤᠨ ᠰᠡᠷᠭᠡᠶᠢᠯᠡᠯᠲᠡ ᠪᠣᠯᠤᠨ ᠭᠠᠮᠰᠢᠭ ᠠᠴᠠ ᠰᠡᠷᠭᠡᠶᠢᠯᠡᠬᠦ ᠭᠠᠮᠰᠢᠭ ᠠᠴᠠ | ᠠᠪᠤᠷᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ︵ᠬᠤᠷᠢᠨ ᠨᠠᠢᠮᠠ︶ ᠪᠦᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ | ᠪᠣᠯᠤᠨ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ | ᠬᠠᠷᠢᠭᠤᠴᠠᠨ᠎ᠠ᠃ ᠪᠦᠬᠦ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠪᠣᠯᠤᠨ | ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠵᠢᠯᠣᠭᠤᠳᠤᠨ᠎ᠠ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠬᠠᠮᠵᠢᠵᠤ ᠪᠠᠶᠢᠭᠠᠳ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢ ᠶᠢᠨ | ᠲᠣᠤᠷ ᠰᠦᠯᠵᠢᠶ᠎ᠡ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ | ᠪᠡᠯᠡᠳᠬᠡᠮᠵᠢ ᠶᠢ ᠠᠰᠢᠭᠯᠠᠨ ᠡᠩ ᠤᠨ ᠦᠶ᠎ᠡ ᠶᠢᠨ ᠠᠶᠤᠯ ᠭᠠᠮᠰᠢᠭ ᠠᠴᠠ ᠠᠪᠤᠷᠠᠬᠤ ᠠᠵᠢᠯ ᠳᠤ ᠦᠢᠯᠡᠴᠢᠯᠡᠨ᠎ᠡ᠃ | ︵ᠬᠤᠷᠢ ᠶᠢᠰᠦ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ | ᠴᠢᠬᠤᠯᠠ ᠬᠠᠷᠠᠯᠲᠠ ᠶᠢᠨ ᠰᠡᠷᠭᠡᠶᠢᠯᠡᠨ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠪᠠ | ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠴᠢᠬᠤᠯᠠ ᠬᠠᠷᠠᠯᠲᠠ ᠶᠢᠨ ᠰᠡᠷᠭᠡᠶᠢᠯᠡᠨ ᠬᠠᠮᠠᠭᠠᠯᠠᠬᠤ | ᠬᠠᠮᠢᠶᠠᠷᠤᠯᠲᠠ ᠶᠢᠨ ᠠᠵᠢᠯ ᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠪᠠᠶᠢᠴᠠᠭᠠᠵᠤ᠂ | ᠵᠢᠯᠣᠭᠤᠳᠤᠨ ᠵᠣᠬᠢᠴᠠᠭᠤᠯᠤᠨ᠎ᠠ᠃ ᠴᠢᠬᠤᠯᠠ ᠬᠠᠷᠠᠯᠲᠠ ᠨᠢᠭᠡᠴᠢ ᠶᠢ ᠵᠢᠯᠣᠭᠤᠳᠤᠨ ᠰᠡᠷᠭᠡᠶᠢᠯᠡᠨ ᠬᠠᠮᠠᠭᠠᠯᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ︵︵ᠭᠤᠴᠢ︶ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠵᠠᠷᠤᠳᠠᠯ ᠢ ᠴᠤᠭᠯᠠᠭᠤᠯᠬᠤ ᠪᠠ ᠬᠠᠮᠢᠶᠠᠷᠬᠤ ᠶᠢ ᠬᠠᠷᠢᠭᠤᠴᠠᠨ᠎ᠠ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ︵ᠲᠡᠶᠢᠨ ᠤ ᠪᠡᠯᠡᠳᠬᠡᠯ ᠤᠨ ᠡᠳ᠋ ᠬᠥᠷᠥᠩᠭᠡ︶︶ | ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢ ᠬᠡᠷᠡᠭᠵᠢᠭᠦᠯᠵᠦ᠃ | ︵ᠭᠤᠴᠢᠨ ᠨᠢᠭᠡᠨ︶ ᠳᠠᠶᠢᠨ ᠤ ᠦᠶ᠎ᠡ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠯ᠎ᠡ ᠵᠦᠢᠯ ᠤᠨ | ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ | ︵ᠭᠤᠴᠢᠨ ᠬᠤᠶᠠᠷ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠭᠤᠴᠢᠨ ᠭᠤᠷᠪᠠᠨ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ | 1. ᠬᠥᠳᠡᠭᠡ ᠲᠣᠰᠬᠤᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ ᠪᠠᠷᠢᠯᠭ᠎ᠠ ᠶᠢᠨ | ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ ᠪᠠᠶᠢᠴᠠᠭᠠᠭᠰᠠᠨ ᠰᠠᠨᠠᠯ ᠢ ᠳᠤᠷᠠᠳᠤᠨ᠎ᠠ᠃ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠵᠠᠰᠠᠮᠠᠯ ᠵᠠᠮ ᠤᠰᠤᠨ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ | 2. ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ | ᠵᠢᠭᠠᠰᠤᠨ ᠭᠠᠷᠠᠮ ᠤᠨ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ | ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠤᠷᠤᠯᠳᠤᠭᠠᠨ ᠳᠤ | ᠣᠷᠣᠯᠴᠠᠬᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠩᠭᠤᠴᠠ ᠰᠠᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠪᠤᠰᠤᠳ | ᠣᠩᠭᠤᠴᠠ ᠰᠠᠯ ᠵᠢᠴᠢ ᠵᠥᠪᠰᠢᠶᠡᠷᠡᠭᠦᠯᠦᠭᠡᠳ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠡᠷᠬᠢᠯᠡᠵᠦ ᠪᠠᠶᠢᠭ᠎ᠠ | ᠵᠢᠭᠠᠰᠤᠨ ᠣᠩᠭᠤᠴᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯᠤᠨ ᠠᠶᠠᠯᠠᠯ ᠨᠡᠪᠲᠡᠷᠡᠬᠦ ᠤᠰᠤᠨ | ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠤᠮᠤ ᠪᠠᠯᠭᠠᠰᠤᠨ ᠤ ᠲᠡᠭᠡᠭᠡᠪᠦᠷᠢ ᠶᠢᠨ | ᠪᠤᠰᠤ ᠣᠩᠭᠤᠴᠠ ᠰᠠᠯ ᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠰᠢᠶᠠᠩ ᠪᠠᠯᠭᠠᠰᠤᠨ ᠤ | ᠲᠡᠭᠡᠭᠡᠪᠦᠷᠢ ᠶᠢᠨ ᠣᠩᠭᠤᠴᠠ ᠰᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ | ᠲᠣᠭᠲᠠᠭᠠᠯ ᠢᠶᠠᠷ ᠯᠠᠪᠯᠠᠯᠲᠠ ᠪᠣᠯᠭᠠᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠤᠲᠠ ᠶᠢᠨ | ᠴᠡᠴᠡᠷᠯᠢᠭ ᠤᠨ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | 3. ᠭᠤᠣᠯ ᠤᠨ ᠵᠠᠮ ᠤᠨ ᠡᠯᠡᠰᠦ ᠮᠠᠯᠲᠠᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ᠄ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠭᠤᠣᠯ ᠤᠨ ᠵᠠᠮ ᠤᠨ ᠬᠠᠶᠢᠷ | ᠮᠠᠯᠲᠠᠬᠤ ᠨᠢ ᠠᠶᠠᠯᠠᠯ ᠨᠡᠪᠲᠡᠷᠡᠬᠦ ᠠᠮᠤᠷ ᠲᠦᠪᠰᠢᠨ ᠢ ᠨᠥᠯᠥᠭᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠣᠷᠣᠨ ᠤ | ᠤᠰᠤᠨ ᠤ ᠶᠠᠪᠤᠳᠠᠯ ᠤᠨ ᠲᠣᠪᠴᠢᠶ᠎ᠠ ᠭᠤᠤᠯ ᠤᠨ ᠵᠠᠮ ᠤᠨ ᠡᠯᠡᠰᠦ ᠮᠠᠯᠲᠠᠬᠤ ᠠᠵᠢᠯ ᠳᠤ ᠬᠢᠨᠠᠯᠲᠠ ᠲᠠᠯᠪᠢᠵᠤ | ᠬᠠᠮᠢᠶᠠᠷᠬᠤ ᠶᠢ ᠬᠠᠷᠢᠭᠤᠴᠠᠵᠤ᠂ ᠭᠤᠤᠯ ᠤᠨ ᠵᠠᠮ ᠤᠨ ᠡᠯᠡᠰᠦ ᠮᠠᠯᠲᠠᠬᠤ ᠲᠥᠯᠥᠪᠵᠢᠭᠦᠯᠭᠡ ᠪᠠ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ᠶᠢ ᠵᠢᠯᠣᠭᠤᠳᠤᠨ᠎ᠠ᠃ | ᠬᠤᠶᠠᠷ᠂ ᠳᠤᠳᠤᠭᠠᠳᠤ ᠶᠢᠨ ᠪᠠᠶᠢᠭᠤᠯᠤᠮᠵᠢ | ︵ᠨᠢᠭᠡ︶ ᠠᠯᠪᠠᠨ ᠭᠡᠷ᠃ ᠵᠠᠰᠠᠭ ᠤᠨ ᠶᠠᠪᠤᠳᠠᠯ ᠢ ᠰᠢᠮᠳᠠᠭᠤᠯᠤᠨ ᠬᠦᠢᠴᠡᠳᠬᠡᠬᠦ᠂ ᠪᠢᠴᠢᠭ ᠮᠠᠲ᠋ᠧᠷᠢᠶᠠᠯ | ᠴᠠᠬᠢᠯᠭᠠᠨ ᠮᠡᠳᠡᠭᠡ ᠶᠢ ᠰᠢᠢᠳᠪᠦᠷᠢᠯᠡᠬᠦ᠂ ᠮᠡᠳᠡᠭᠡ ᠵᠠᠩᠭᠢ ᠶᠢᠨ ᠤᠬᠠᠭᠤᠯᠭ᠎ᠠ᠂ ᠨᠢᠭᠤᠴᠠ ᠴᠢᠬᠤᠯᠠ ᠨᠢᠭᠤᠴᠠ ᠶᠢ | ᠬᠠᠮᠠᠭᠠᠯᠠᠬᠤ᠂ ᠲᠠᠩᠰᠠ ᠡᠪᠬᠡᠮᠡᠯ᠂ ᠪᠠᠶᠢᠭᠤᠯᠭ᠎ᠠ ᠶᠢᠨ ᠠᠷᠤ ᠲᠠᠯ᠎ᠠ ᠶᠢᠨ ᠠᠵᠢᠯ ᠵᠡᠷᠭᠡ ᠪᠠᠶᠢᠭᠤᠯᠭ᠎ᠠ ᠶᠢᠨ ᠡᠳᠦᠷ | ᠲᠤᠲᠤᠮ ᠤᠨ ᠵᠠᠰᠠᠭ ᠵᠠᠬᠢᠷᠭᠠᠨ ᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠨ ᠵᠣᠬᠢᠴᠠᠭᠤᠯᠵᠤ ᠬᠠᠮᠢᠶᠠᠷᠬᠤ | ᠲᠠᠯ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠲᠥᠷᠥᠯ ᠤᠨ ᠶᠡᠷᠦᠩᠬᠡᠶᠢᠯᠡᠭᠰᠡᠨ ᠴᠢᠨᠠᠷᠲᠠᠶ ᠬᠤᠷᠠᠯ | ᠂ ᠴᠢᠬᠤᠯᠠ ᠠᠵᠢᠯᠯᠠᠭ᠎ᠠ ᠶᠢ ᠵᠣᠬᠢᠶᠠᠨ ᠪᠠᠶᠢᠭᠤᠯᠬᠤ ᠵᠢᠴᠢ ᠠᠯᠪᠠᠨ ᠶᠠᠪᠤᠳᠠᠯ ᠤᠨ ᠵᠣᠴᠢᠯᠠᠬᠤ ᠵᠡᠷᠭᠡ ᠠᠵᠢᠯ ᠢ | ᠬᠠᠷᠢᠭᠤᠴᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠶᠢᠴᠠᠭᠠᠨ | ᠰᠤᠳᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠰᠠᠨᠠᠭᠤᠯᠭ᠎ᠠ ᠵᠥᠪᠯᠡᠯᠭᠡ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠰᠢᠢᠳᠪᠦᠷᠢᠯᠡᠬᠦ | ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ ᠵᠣᠬᠢᠴᠠᠭᠤᠯᠤᠨ᠎ᠠ᠃ | ︵ᠬᠤᠶᠠᠷ︶ ᠪᠦᠲᠦᠭᠡᠨ ᠪᠠᠶᠢᠭᠤᠯᠣᠯᠲᠠ ᠶᠢᠨ ᠲᠥᠯᠥᠪᠵᠢᠭᠦᠯᠭᠡ ᠶᠢᠨ ᠲᠠᠰᠤᠭ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ᠂ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ | ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠠᠬᠢᠭᠤᠯᠤᠨ ᠬᠡᠷᠡᠭᠵᠢᠭᠦᠯᠵᠦ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠪᠦᠷᠢᠳᠬᠡᠬᠦ᠂ ᠵᠠᠳᠠᠯᠤᠨ ᠲᠣᠬᠢᠷᠠᠭᠤᠯᠬᠤ ᠪᠠ ᠭᠠᠳᠠᠭᠠᠳᠤ ᠠᠵᠤ ᠠᠬᠤᠶ | ᠮᠡᠷᠭᠡᠵᠢᠯ ᠤᠨ ᠬᠠᠮᠲᠤᠷᠠᠯᠴᠠᠭᠠᠨ ᠤ ᠠᠵᠢᠯ ᠢ ᠬᠠᠷᠢᠭᠤᠴᠠᠨ᠎ᠠ᠃ | ︵ᠭᠤᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠬᠢᠭᠡᠳ ᠲᠥᠷᠥ ᠶᠢᠨ ᠪᠤᠳᠣᠯᠭ᠎ᠠ ᠬᠠᠤᠯᠢ ᠲᠣᠭᠲᠠᠭᠠᠯ | ᠤᠨ ᠲᠠᠰᠤᠭ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠯᠣᠭᠤᠳᠬᠤ ᠶᠢᠨ ᠬᠠᠮᠲᠤ ᠬᠢᠨᠠᠨ ᠰᠢᠯᠭᠠᠵᠤ ᠦᠨᠡᠯᠡᠬᠦ ᠠᠵᠢᠯ ᠢ | ᠥᠷᠨᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠬᠢᠨᠠᠨ ᠰᠢᠯᠭᠠᠬᠤ᠂ ᠬᠠᠮᠢᠶᠠᠷᠬᠤ ᠪᠠ | ᠪᠣᠯᠪᠠᠰᠤᠷᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ | ︵ᠲᠦᠷᠪᠡ︶ ᠬᠤᠲᠠ ᠬᠥᠳᠡᠭᠡ ᠶᠢᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠠᠮᠢᠶᠠᠷᠤᠯᠲᠠ ᠶᠢᠨ ᠲᠠᠰᠤᠭ᠃ | ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠳᠤᠮᠳᠠ | ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠣᠰᠣᠭᠠᠷ᠂ ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ ᠤᠨ | ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ᠂ ᠴᠡᠴᠡᠷᠯᠢᠭ ᠤᠨ ᠨᠣᠭᠤᠭᠠᠷᠠᠭᠤᠯᠤᠯᠲᠠ᠂ ᠤᠰᠤ ᠵᠠᠯᠠᠬᠤ ᠵᠢᠴᠢ | ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠣᠨ ᠤ | ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠲᠠᠪᠤ︶ ᠪᠠᠷᠢᠯᠭ᠎ᠠ ᠶᠢᠨ ᠦᠢᠯᠡᠰ ᠬᠢᠭᠡᠳ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦ᠋ᠪᠰᠢᠨ ᠤ | ᠬᠠᠮᠢᠶᠠᠷᠤᠯᠲᠠ ᠶᠢᠨ ᠲᠠᠰᠤᠭ᠃ ᠪᠦᠬᠦ ᠬᠤᠳᠠ ᠶᠢᠨ ᠪᠠᠷᠢᠯᠭ᠎ᠠ ᠶᠢᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ᠎ᠠ᠃ ᠲᠤᠰ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ | ᠵᠢᠯᠣᠭᠤᠳᠤᠨ ᠭᠠᠳᠠᠷ ᠣᠷᠣᠨ ᠤ ᠪᠠᠷᠢᠯᠭ᠎ᠠ ᠶᠢᠨ ᠵᠠᠬ᠎ᠠ ᠳᠡᠯᠭᠡᠭᠦᠷ ᠢ ᠨᠡᠭᠡᠭᠡᠵᠦ᠂ ᠭᠠᠳᠠᠭᠰᠢ ᠪᠠᠷᠢᠯᠭ᠎ᠠ ᠳᠠᠭᠠᠭᠠᠴᠢᠯᠠᠬᠤ | ᠪᠠ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ ᠶᠢ ᠬᠥᠭᠵᠢᠭᠦᠯᠦᠨ᠎ᠡ᠃ | ︵ᠵᠢᠷᠭᠤᠭ᠎ᠠ︶ ᠤᠷᠤᠨ ᠰᠠᠭᠤᠴᠠ ᠶᠢᠨ ᠪᠠᠲᠤᠯᠠᠭ᠎ᠠ ᠬᠢᠭᠡᠳ ᠭᠡᠷ ᠪᠠᠶᠢᠰᠢᠩ ᠤᠨ ᠬᠠᠮᠢᠶᠠᠷᠤᠯᠲᠠ ᠶᠢᠨ ᠲᠠᠰᠤᠭ᠃ | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ ᠣᠷᠣᠨ ᠰᠠᠭᠤᠴᠠ ᠶᠢᠨ ᠲᠦᠷᠢᠮ ᠤᠨ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠣᠷᠣᠨ ᠤ ᠣᠷᠣᠨ ᠰᠠᠭᠤᠴᠠ ᠶᠢᠨ | ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠵᠢᠯᠣᠭᠤᠳᠤᠨ᠎ᠠ᠃ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ ᠣᠷᠣᠨ ᠤ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠬᠤ᠂ ᠵᠢᠯᠣᠭᠤᠳᠬᠤ ᠶᠢ | ᠬᠠᠷᠢᠭᠤᠴᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠲᠠ ᠶᠢᠨ ᠪᠠᠲᠤᠯᠠᠭ᠎ᠠ ᠶᠢᠨ ᠴᠢᠨᠠᠷᠲᠠᠶ | ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠡᠯᠡ ᠮᠥᠩᠭᠦ ᠶᠢ ᠲᠣᠬᠢᠷᠠᠭᠤᠯᠬᠤ ᠬᠤᠯᠪᠣᠭᠳᠠᠯ ᠪᠦᠬᠦᠢ | ᠵᠦᠢᠯᠡᠰ ᠢ ᠬᠠᠷᠢᠭᠤᠴᠠᠨ᠎ᠠ᠃ | ︵ᠳᠤᠯᠤᠭ᠎ᠠ︶ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠠᠰᠤᠭ᠃ ᠪᠦᠬᠦ ᠣᠷᠣᠨ ᠤ ᠵᠠᠰᠠᠮᠠᠯ ᠵᠠᠮ ᠤᠰᠤᠨ | ᠵᠠᠮ ᠤᠨ ᠬᠠᠮᠢᠶ᠎ᠠ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠢ ᠬᠠᠮᠠᠭᠠᠯᠠᠵᠤ | ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠵᠠᠰᠠᠮᠠᠯ ᠵᠠᠮ ᠤᠰᠤᠨ | ᠵᠠᠮ ᠤᠨ ᠠᠵᠢᠯ ᠲᠥᠷᠥᠯ ᠤᠨ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃ | ︵ᠨᠠᠢᠮᠠ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠮᠢᠶᠠᠷᠤᠯᠲᠠ ᠶᠢᠨ ᠠᠯᠪᠠᠨ ᠭᠡᠷ᠃ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠦᠢᠯᠡᠰ ᠤᠨ ᠬᠥᠭᠵᠢᠯᠲᠡ ᠶᠢᠨ ᠲᠤᠬᠠᠶ ᠤᠷᠲᠤᠪᠲᠤᠷ ᠪᠠ ᠤᠷᠲᠤ ᠬᠤᠭᠤᠴᠠᠭᠠᠨ ᠤ | ᠲᠥᠯᠥᠪᠵᠢᠭᠦᠯᠭᠡ᠂ ᠠᠵᠢᠯᠯᠠᠬᠤ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠲᠣᠭᠲᠠᠭᠠᠭᠰᠠᠨ ᠡᠷᠬᠡ | ᠮᠡᠳᠡᠯ ᠤᠨ ᠶᠣᠰᠣᠭᠠᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ | ᠬᠠᠮᠠᠭᠠᠯᠠᠯᠲᠠ ᠬᠠᠮᠢᠶᠠᠷᠤᠯᠲᠠ ᠪᠣᠯᠤᠨ ᠨᠡᠭᠡᠭᠡᠨ ᠠᠰᠢᠭᠯᠠᠯᠲᠠ ᠶᠢ ᠪᠠᠶᠢᠴᠠᠭᠠᠨ ᠵᠢᠯᠣᠭᠤᠳᠤᠨ᠎ᠠ᠃ ᠭᠠᠵᠠᠷ ᠳᠣᠤᠷᠠᠬᠢ | ᠣᠷᠣᠨ ᠵᠠᠶ ᠶᠢ ᠨᠡᠭᠡᠭᠡᠨ ᠠᠰᠢᠭᠯᠠᠬᠤ ᠶᠢ ᠵᠢᠯᠣᠭᠤᠳᠴᠤ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠵᠠᠷᠤᠳᠠᠯ ᠤᠨ | ᠬᠠᠮᠢᠶᠠᠷᠤᠯᠲᠠ ᠪᠣᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ︵ | ᠳᠠᠶᠢᠨ ᠤ ᠪᠡᠯᠡᠳᠬᠡᠯ ᠤᠨ ᠡᠳ᠋ ᠬᠥᠷᠥᠩᠭᠡ ᠶᠢ ᠬᠠᠷᠢᠭᠤᠴᠠᠨ᠎ᠠ︶︶ ᠬᠠᠮᠢᠶᠠᠷᠤᠯᠲᠠ᠃ ᠬᠤᠲᠠ ᠶᠢᠨ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠲᠥᠰᠦᠯ ᠪᠣᠯᠤᠨ ᠡᠯ᠎ᠡ ᠵᠦᠢᠯ ᠤᠨ ᠪᠠᠲᠤᠯᠠᠭ᠎ᠠ ᠶᠢᠨ ᠲᠥᠰᠦᠯ ᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ᠴᠢᠮᠡᠭᠡ ᠬᠤᠯᠪᠣᠭᠠᠨ ᠤ ᠬᠠᠶ᠋ᠢᠭ᠄ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠨᠠᠮ ᠵᠠᠰᠠᠭ ᠤᠨ | ᠠᠰᠠᠷ ᠤᠨ ᠵᠡᠭᠦᠨ ᠳᠡᠳ᠋ ᠠᠰᠠᠷ ᠤᠨ 2 ᠳ᠋ᠤᠭᠠᠷ ᠠᠰᠠᠷ | ᠠᠵᠢᠯᠯᠠᠬᠤ ᠤᠲᠠᠰᠤ᠄ 0472 - 7148160 | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ | ᠬᠤᠶᠢᠨᠠᠬᠢ 14᠄ 30-17᠄ 30 | ᠬᠠᠷᠢᠭᠤᠴᠠᠯᠭ᠎ᠠ ᠡᠭᠦᠷᠭᠡᠯᠡᠭᠴᠢ᠄ ᠶᠢᠨ ᡁᠢ ᠴᠢᠶᠠᠩ | | | | |