ᠵᠢᠦ ᠶᠤᠸᠠᠨ ᠲᠣᠭᠤᠷᠢᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2025/1/24
    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠪᠦᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃    ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠬᠦ ᠪᠠ ᠣᠷᠣᠨ ᠪᠦᠰᠡ ᠶᠢ ᠲᠣᠬᠢᠷᠠᠭᠤᠯᠬᠤ ᠶᠢ ᠲᠡᠩᠴᠡᠭᠦᠷᠢᠲᠡᠶ ᠪᠠᠶᠢᠯᠭᠠᠬᠤ ᠲᠣᠭᠲᠠᠴᠠ ᠶᠢ ᠠᠬᠢᠭᠤᠯᠤᠨ ᠲᠡᠭᠦᠯᠳᠡᠷᠵᠢᠭᠦᠯᠦᠨ᠎ᠡ︔ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ ᠬᠢᠨᠠᠨ ᠵᠥᠪᠰᠢᠶᠡᠷᠡᠬᠦ᠂ ᠬᠦᠨᠳᠦ ᠶᠡᠭᠡ ᠡᠪᠡᠳᠴᠢᠨ ᠡᠮᠭᠡᠭ ᠢ ᠬᠢᠨᠠᠨ ᠵᠥᠪᠰᠢᠶᠡᠷᠡᠬᠦ᠂ ᠭᠠᠳᠠᠷ ᠣᠷᠣᠨ ᠳᠤ ᠡᠮᠨᠡᠭᠦᠯᠬᠦ ᠶᠢ ᠭᠤᠶᠤᠴᠢᠯᠠᠬᠤ ᠵᠢᠴᠢ ᠣᠯᠭᠤᠮᠵᠢ ᠶᠢ ᠬᠢᠨᠠᠨ ᠵᠥᠪᠰᠢᠶᠡᠷᠡᠬᠦ᠂ ᠦᠷᠡᠵᠢᠯ ᠤᠨ ᠳᠠᠭᠠᠳᠬᠠᠯ ᠤᠨ ᠣᠯᠭᠤᠮᠵᠢ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠤᠳᠠᠭᠠᠨ ᠴᠢᠨᠠᠷᠲᠠᠶ ᠡᠪᠡᠳᠴᠢᠨ ᠢ ᠬᠢᠨᠠᠨ ᠬᠠᠷᠭᠤᠭᠤᠯᠬᠤ᠂ ᠠᠯᠪᠠᠲᠠᠨ ᠤ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ ᠬᠢᠨᠠᠨ ᠬᠠᠷᠭᠤᠭᠤᠯᠬᠤ᠂ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ ᠳ᠋ᠦᠩᠨᠡᠨ ᠪᠤᠳᠤᠵᠤ ᠬᠢᠨᠠᠨ ᠬᠠᠷᠭᠤᠭᠤᠯᠬᠤ ᠶᠢ ᠬᠠᠷᠢᠭᠤᠴᠠᠨ᠎ᠠ︔ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠬᠥᠮᠦᠰ ᠤᠨ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠬᠠᠷᠢᠭᠤᠴᠠᠨ᠎ᠠ︔ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠡᠷᠡᠭᠵᠢᠭᠦᠯᠦᠨ᠎ᠡ᠃    ︵ᠲᠦᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠳᠡᠯᠦᠩᠭᠦᠶ ᠲᠣᠬᠢᠷᠠᠭᠤᠯᠤᠯᠲᠠ ᠬᠢᠬᠦ ᠲᠣᠭᠲᠠᠴᠠ ᠪᠠᠶᠢᠭᠤᠯᠬᠤ ᠶᠢ ᠠᠬᠢᠭᠤᠯᠤᠨ᠎ᠠ︔ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠵᠥᠪᠰᠢᠶᠡᠷᠡᠨ ᠣᠷᠣᠭᠤᠯᠬᠤ ᠬᠡᠯᠡᠯᠴᠡᠭᠡᠷ ᠤᠨ ᠲᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃    ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠪᠠ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠭᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠪᠠᠢᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠢᠶᠠᠷ ᠭᠤᠤᠯᠯᠠᠭᠤᠯᠤᠭᠰᠠᠨ ᠨᠡᠢᠭᠡᠮ ᠤᠨ ᠡᠮ ᠡᠮᠨᠡᠯᠭᠡ ᠶᠢᠨ ᠬᠤᠪᠴᠠᠰᠤ ᠪᠠᠢᠭᠤᠯᠬᠤ ᠶᠢ ᠠᠬᠢᠭᠤᠯᠤᠨ᠎ᠠ᠃    ᠦᠨ᠎ᠡ ᠬᠠᠩᠰᠢ ᠶᠢᠨ ᠪᠣᠶ ᠪᠣᠯᠬᠤ ᠲᠣᠭᠲᠠᠴᠠ ᠶᠢ ᠪᠠᠶᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ ᠦᠢᠯᠡᠴᠢᠯᠡᠭᠡᠨ ᠤ ᠵᠥᠪᠯᠡᠯᠴᠡᠭᠡᠷ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠬᠢᠨᠠᠯᠲᠠ ᠬᠠᠮᠢᠶᠠᠷᠤᠯᠲᠠ ᠬᠢᠬᠦ ᠬᠡᠷᠡᠭᠲᠡᠶ᠃    ︵ᠵᠢᠷᠭᠤᠭ᠎ᠠ︶ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠮᠡᠳᠡᠭᠡ ᠵᠠᠩᠭᠢᠵᠢᠯᠲᠠ ᠶᠢᠨ ᠪᠠᠢᠭᠤᠯᠤᠯᠲᠠ ᠶᠢ ᠠᠬᠢᠭᠤᠯᠤᠨ᠎ᠠ᠃    ︵ᠳᠤᠯᠤᠭ᠎ᠠ︶ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠯᠡᠯᠴᠡᠭᠡᠷ ᠪᠣᠯᠤᠨ ᠵᠣᠭᠤᠰ ᠥᠭᠬᠦ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠥᠬᠦ ᠣᠷᠣᠨ ᠤ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠠ ᠮᠡᠳᠡᠭᠡ ᠵᠠᠩᠭᠢ ᠨᠡᠶᠢᠲᠡᠯᠡᠬᠦ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ︔ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ︔ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ︵ᠨᠠᠢᠮᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ︔ ᠣᠨᠳᠣᠤ ᠭᠠᠵᠠᠷ ᠲᠤ ᠡᠮᠨᠡᠭᠦᠯᠬᠦ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ ᠪᠤᠳᠤᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠳᠡᠭᠡᠳᠦ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠲᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ︔ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃    ︵ᠶᠢᠰᠦ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠵᠢᠥ ᠶᠤᠸᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠥᠬᠦ ᠬᠤᠲᠠ ᠶᠢᠨ ᠨᠢᠭᠡᠳᠦᠯᠲᠡᠶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠪᠠ ᠡᠮᠴᠢᠯᠡᠭᠡᠨ ᠤ ᠠᠪᠤᠷᠠᠨ ᠲᠤᠰᠠᠯᠠᠬᠤ ᠲᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢ ᠵᠦᠶ ᠵᠣᠬᠢᠰᠲᠠᠶ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ᠶᠢ ᠦᠨᠡᠨ ᠬᠦ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡᠨ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃    ︵ᠠᠷᠪᠠᠨ ᠨᠢᠭᠡ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠵᠢᠦ ᠶᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠦᠭᠡ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠵᠢᠥ ᠶᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠢᠥ ᠶᠤᠸᠠᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠲᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃    ︵ᠠᠷᠪᠠᠨ ᠬᠤᠶᠠᠷ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠡᠮᠴᠢᠯᠡᠭᠡᠨ ᠤ ᠬᠠᠷᠠᠭᠠᠯᠵᠠᠯ ᠤᠨ ᠪᠠᠲᠤᠯᠠᠭ᠎ᠠ᠂ ᠡᠮ ᠡᠮᠨᠡᠯᠭᠡ ᠶᠢᠨ ᠦᠨ᠎ᠡ ᠬᠠᠩᠰᠢ ᠪᠠ ᠦᠢᠯᠡᠴᠢᠯᠡᠭᠡᠨ ᠤ ᠬᠠᠮᠢᠶᠠᠷᠤᠯᠲᠠ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ᠂ ᠡᠮᠴᠢᠯᠡᠭᠡᠨ ᠤ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠪᠠ᠃    ︵ᠠᠷᠪᠠᠨ ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃    ᠬᠤᠶᠠᠷ᠂ ᠳᠤᠳᠤᠭᠠᠳᠤ ᠶᠢᠨ ᠪᠠᠶᠢᠭᠤᠯᠤᠮᠵᠢ    ︵ᠨᠢᠭᠡ︶ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠬᠠᠮᠲᠤᠷᠠᠯᠴᠠᠨ ᠰᠣᠯᠢᠯᠴᠠᠬᠤ ᠵᠡᠷᠭᠡ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ︔ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠬᠡ ᠨᠣᠣᠷᠠᠭ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ︔ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ᠂ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠲᠤᠤᠱᠯᠠᠭᠤᠯᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠬᠠᠷᠢᠭᠤᠴᠠᠨ᠎ᠠ᠃    ︵ᠬᠤᠶᠠᠷ︶ ᠡᠳ᠋ ᠤᠨ ᠶᠠᠪᠤᠳᠠᠯ ᠬᠢᠭᠡᠳ ᠰᠠᠭᠤᠷᠢ ᠮᠥᠩᠭᠦ ᠶᠢ ᠬᠢᠨᠠᠨ ᠬᠠᠮᠢᠶᠠᠷᠬᠤ ᠲᠠᠰᠤᠭ᠃ ᠡᠮᠴᠢᠯᠡᠭᠡᠨ ᠤ ᠪᠠᠲᠤᠯᠠᠭ᠎ᠠ ᠶᠢᠨ ᠪᠡᠯᠡ ᠮᠥᠩᠭᠦ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠬᠦ ᠶᠢ ᠠᠬᠢᠭᠤᠯᠤᠨ ᠬᠡᠷᠡᠭᠵᠢᠭᠦᠯᠦᠨ᠎ᠡ︔ ᠣᠯᠠᠨ ᠳᠡᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠬᠡᠷᠡᠭᠵᠢᠭᠦᠯᠦᠨ᠎ᠡ︔ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ ᠬᠢᠨᠠᠨ ᠵᠥᠪᠰᠢᠶᠡᠷᠡᠬᠦ᠂ ᠬᠦᠨᠳᠦ ᠶᠡᠭᠡ ᠡᠪᠡᠳᠴᠢᠨ ᠡᠮᠭᠡᠭ ᠢ ᠬᠢᠨᠠᠨ ᠵᠥᠪᠰᠢᠶᠡᠷᠡᠬᠦ᠂ ᠭᠠᠳᠠᠷ ᠣᠷᠣᠨ ᠳᠤ ᠡᠮᠨᠡᠭᠦᠯᠬᠦ ᠭᠤᠶᠤᠴᠢᠯᠠᠯ ᠵᠢᠴᠢ ᠣᠯᠭᠤᠮᠵᠢ ᠶᠢ ᠬᠢᠨᠠᠨ ᠵᠥᠪᠰᠢᠶᠡᠷᠡᠬᠦ᠂ ᠬᠠᠨᠳᠤᠯᠭ᠎ᠠ ᠲᠠᠢ ᠪᠠᠷ ᠡᠮ ᠬᠢᠨᠠᠨ ᠵᠥᠪᠰᠢᠶᠡᠷᠡᠬᠦ᠂ ᠦᠷᠡᠵᠢᠯ ᠤᠨ ᠳᠠᠭᠠᠳᠬᠠᠯ ᠤᠨ ᠣᠯᠭᠤᠮᠵᠢ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ︔ ᠤᠳᠠᠭᠠᠨ ᠴᠢᠨᠠᠷᠲᠠᠶ ᠡᠪᠡᠳᠴᠢᠨ ᠢ ᠬᠢᠨᠠᠨ ᠬᠠᠷᠭᠤᠭᠤᠯᠬᠤ᠂ ᠠᠯᠪᠠᠲᠠᠨ ᠤ ᠡᠮ ᠡᠮᠨᠡᠯᠭᠡ ᠶᠢᠨ ᠳᠠᠭᠠᠳᠬᠠᠯ ᠤᠨ ᠣᠯᠭᠤᠮᠵᠢ ᠶᠢ ᠬᠢᠨᠠᠨ ᠬᠠᠷᠭᠤᠭᠤᠯᠬᠤ᠂ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ ᠳ᠋ᠦᠩᠨᠡᠨ ᠪᠤᠳᠤᠵᠤ ᠬᠢᠨᠠᠨ ᠬᠠᠷᠭᠤᠭᠤᠯᠬᠤ ᠶᠢ ᠬᠠᠷᠢᠭᠤᠴᠠᠨ᠎ᠠ︔ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠬᠥᠮᠦᠰ ᠤᠨ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠬᠠᠷᠢᠭᠤᠴᠠᠵᠤ᠂ ᠡᠭᠦᠳᠡᠨ ᠡᠮᠨᠡᠯᠭᠡ᠂ ᠡᠮᠨᠡᠯᠭᠡ ᠳᠤ ᠰᠠᠭᠤᠬᠤ᠂ ᠬᠦᠨᠳᠦ ᠡᠪᠡᠳᠴᠢᠨ ᠵᠡᠷᠭᠡ ᠡᠮᠴᠢᠯᠡᠭᠡᠨ ᠤ ᠠᠪᠤᠷᠠᠨ ᠲᠤᠰᠠᠯᠠᠯᠲᠠ ᠶᠢ ᠬᠠᠷᠢᠭᠤᠴᠠᠨ᠎ᠠ᠃    ᠴᠢᠮᠡᠭᠡ ᠬᠤᠯᠪᠣᠭᠠᠨ ᠤ ᠬᠠᠶ᠋ᠢᠭ᠄ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠰᠢᠷ᠎ᠠ ᠨᠣᠷ᠎ᠠ ᠵᠡᠭᠡᠯᠢ ᠭᠤᠳᠤᠮᠵᠢ ᠶᠢᠨ ᠠᠭᠤᠳᠠᠮ ᠲᠠᠯᠠᠪᠠᠶ ᠵᠡᠭᠡᠯᠢ ᠶᠢᠨ ᠨᠠᠮ ᠵᠠᠰᠠᠭ ᠤᠨ ᠲᠣᠮᠣ ᠠᠰᠠᠷ ᠤᠨ ᠪᠠᠷᠠᠭᠤᠨ ᠳᠡᠳ᠋ ᠠᠰᠠᠷ ᠤᠨ 5 ᠳ᠋ᠤᠭᠠᠷ ᠳᠠᠪᠬᠤᠷ    ᠠᠵᠢᠯ ᠤᠨ ᠤᠲᠠᠰᠤ᠄ 0472 - 6939001    ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ ᠬᠤᠶᠢᠨᠠᠬᠢ 14᠄ 30-17᠄ 30    ᠬᠠᠷᠢᠭᠤᠴᠠᠯᠭ᠎ᠠ ᠡᠭᠦᠷᠭᠡᠯᠡᠭᠴᠢ᠄ ᠲᠢᠶᠠᠨ ᠶᠦᠩ ᠯᠢ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号