ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠪᠦᠬᠦ ᠣᠷᠣᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠵᠢᠷᠤᠮᠵᠢᠯ ᠤᠨ ᠪᠢᠴᠢᠭ | ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠬᠤᠶᠠᠷ︶ ᠪᠦᠬᠦ ᠣᠷᠣᠨ ᠤ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ | ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠳᠠᠩᠰᠠᠯᠠᠨ ᠬᠠᠮᠢᠶᠠᠷᠬᠤ | ᠪᠠ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ᠃ ᠲᠤᠭᠤᠷᠢᠭ ᠤᠨ ᠲᠣᠰ ᠱᠠᠲᠤᠨ ᠤ ᠰᠢᠭᠤᠳ ᠳᠠᠩᠰᠠᠯᠠᠨ | ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ | ᠲᠥᠯᠥᠪᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ | ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠡᠩᠬᠡᠷᠡᠭᠦᠯᠦᠨ | ᠲᠤᠰᠠᠯᠠᠬᠤ᠂ ᠠᠮᠢᠳᠤᠷᠠᠯ ᠨᠢ ᠪᠠᠲᠤᠯᠠᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ | ᠲᠡᠩᠬᠡᠷᠡᠭᠦᠯᠦᠨ ᠲᠤᠰᠠᠯᠠᠬᠤ ᠠᠵᠢᠯ ᠢ ᠬᠠᠷᠢᠭᠤᠴᠠᠨ᠎ᠠ᠃ | ︵ᠲᠦᠷᠪᠡ︶ ᠳᠡᠭᠡᠳᠦ ᠱᠠᠲᠤᠨ ᠤ ᠵᠠᠰᠠᠭ ᠵᠠᠬᠢᠷᠭᠠᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ | ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ | ᠶᠡᠷᠦᠩᠬᠡᠶ ᠲᠥᠯᠥᠪᠵᠢᠭᠦᠯᠭᠡ ᠶᠢᠨ ᠰᠡᠳᠬᠢᠮᠵᠢ ᠶᠢᠨ ᠰᠠᠨᠠᠭᠤᠯᠭ᠎ᠠ ᠶᠢ ᠵᠣᠬᠢᠶᠠᠨ ᠪᠠᠶᠢᠭᠤᠯᠤᠨ ᠰᠤᠳᠤᠯᠵᠤ᠂ | ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ | ᠬᠤᠪᠢᠷᠠᠭᠤᠯᠬᠤ ᠵᠦᠢᠯᠡᠰ ᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠬᠠᠷᠢᠭᠤᠴᠠᠵᠤ᠂ ᠣᠷᠣᠨ ᠤ ᠳᠣᠲᠣᠷᠠᠬᠢ | ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠪᠥᠬᠦ ᠣᠷᠣᠨ ᠤ ᠭᠠᠵᠠᠷ ᠤᠨ | ᠨᠡᠷᠡᠶᠢᠳᠦᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠲᠠᠪᠤ︶ ᠤᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠢᠳᠠᠪᠤᠷᠢᠵᠢᠭᠤᠯᠵᠤ | ᠤᠷᠤᠭ ᠤᠨ ᠵᠠᠩ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠶ᠎ᠠ᠃ | ︵ᠵᠢᠷᠭᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠤ | ᠵᠢᠷᠤᠮᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | ︵ᠳᠤᠯᠤᠭ᠎ᠠ︶ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ | ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠨᠠᠢᠮᠠ︶ ᠪᠦᠬᠦ ᠣᠷᠣᠨ ᠤ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠪᠣᠳᠠᠲᠠᠶ ᠠᠵᠢᠯ ᠢ ᠡᠭᠦᠷᠭᠡᠯᠡᠨ᠎ᠡ᠃ | ᠬᠦᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠃ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠠᠵᠢᠯ ᠢ ᠵᠢᠯᠣᠭᠤᠳᠤᠨ | ᠵᠣᠬᠢᠴᠠᠭᠤᠯᠤᠨ᠎ᠠ᠃ ᠨᠠᠰᠤᠲᠠᠶᠢᠴᠤᠳ ᠤᠨ ᠨᠡᠶᠢᠭᠡᠮ ᠤᠨ ᠣᠷᠣᠯᠴᠠᠭ᠎ᠠ ᠶᠢᠨ ᠲᠥᠷᠥ ᠶᠢᠨ ᠪᠣᠳᠣᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ | ︵ᠶᠢᠰᠦ︶ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠮᠳᠠᠭᠤᠯᠤᠨ ᠵᠢᠯᠣᠭᠤᠳᠴᠤ᠂ ᠬᠢᠨᠠᠯᠲᠠ | ᠲᠠᠯᠪᠢᠨ ᠬᠠᠮᠢᠶᠠᠷᠴᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠣᠯᠤᠨ ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ | ᠲᠤᠰᠠᠯᠠᠬᠤ ᠠᠵᠢᠯ ᠢ ᠡᠭᠦᠷᠭᠡᠯᠡᠨ᠎ᠡ᠃ | ︵ᠠᠷᠪᠠ︶ ᠬᠡᠦᠬᠡᠳ ᠤᠨ ᠠᠰᠠᠷᠠᠮᠵᠢ᠂ ᠦᠨᠦᠴᠢᠷᠡᠨ ᠬᠠᠶᠠᠭᠳᠠᠭᠰᠠᠨ ᠬᠡᠦᠬᠡᠳ ᠤᠨ ᠪᠠᠲᠤᠯᠠᠭ᠎ᠠ᠂ ᠬᠡᠦᠬᠡᠳ ᠢ | ᠡᠷᠭᠦᠨ ᠲᠡᠵᠢᠭᠡᠬᠦ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ | ᠳᠦᠷᠢᠮ ᠢ ᠪᠦᠷᠢᠨᠰᠢᠭᠦᠯᠦᠨ᠎ᠡ᠃ | ︵ᠠᠷᠪᠠᠨ ᠨᠢᠭᠡ︶ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠢᠯᠣᠭᠤᠳᠤᠨ᠎ᠠ᠃ | ︵ᠠᠷᠪᠠᠨ ᠬᠤᠶᠠᠷ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ | ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃ | ︵ᠠᠷᠪᠠᠨ ᠭᠤᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠳᠥᠷᠪᠡ︶ ᠡᠭᠦᠷᠭᠡ ᠴᠢᠳᠠᠪᠤᠷᠢ ᠶᠢ ᠬᠤᠪᠢᠷᠠᠭᠤᠯᠤᠨ᠎ᠠ᠃ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ ᠨᠠᠰᠤᠲᠠᠶᠢᠴᠤᠳ ᠤᠨ ᠠᠵᠢᠯ ᠢ ᠰᠠᠨᠠᠭᠠᠴᠢᠯᠠᠭ᠎ᠠ ᠠᠴᠠ ᠪᠠᠨ ᠠᠷᠭᠠᠴᠠᠬᠤ ᠪᠠ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠠᠵᠢᠯ ᠤᠨ ᠪᠠᠶᠢᠭᠤᠯᠤᠯ ᠲᠣᠭᠲᠠᠴᠠ ᠶᠢ | ᠪᠦᠷᠢᠨᠰᠢᠭᠦᠯᠦᠨ᠂ ᠶᠡᠷᠦᠩᠬᠡᠶᠢᠯᠡᠨ ᠵᠣᠬᠢᠴᠠᠭᠤᠯᠬᠤ᠂ ᠰᠢᠮᠳᠠᠭᠤᠯᠤᠨ ᠵᠢᠯᠣᠭᠤᠳᠬᠤ᠂ ᠵᠣᠬᠢᠶᠠᠨ ᠪᠠᠶᠢᠭᠤᠯᠤᠨ | ᠥᠲᠡᠭᠦᠰ ᠤᠨ ᠦᠢᠯᠡᠰ ᠤᠨ ᠬᠥᠭᠵᠢᠯᠲᠡ ᠶᠢᠨ ᠡᠭᠦᠷᠭᠡ ᠴᠢᠳᠠᠪᠤᠷᠢ ᠶᠢ ᠴᠢᠩᠭᠠᠷᠠᠭᠤᠯᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠪᠣᠯᠤᠨ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ︶ ᠶᠢ ᠵᠣᠬᠢᠴᠠᠭᠤᠯᠬᠤ ᠬᠡᠷᠡᠭᠲᠡᠶ᠃︶ | ᠨᠠᠰᠤᠲᠠᠶᠢᠴᠤᠳ ᠤᠨ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠬᠠᠷᠠᠭᠠᠯᠵᠠᠯ᠂ | ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ᠂ ᠨᠡᠶᠢᠭᠡᠮ ᠤᠨ ᠣᠷᠣᠯᠴᠠᠯᠭ᠎ᠠ ᠵᠡᠷᠭᠡ ᠲᠥᠷᠥ ᠶᠢᠨ | ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠳᠦᠷᠢᠮ ᠤᠨ ᠴᠢᠭᠯᠡᠭᠦᠯᠦᠯᠲᠦ | ᠴᠢᠨᠠᠷ᠂ ᠵᠣᠬᠢᠴᠠᠯᠲᠤ ᠴᠢᠨᠠᠷ᠂ ᠰᠢᠰᠲ᠋ᠧᠮᠲᠦ ᠴᠢᠨᠠᠷ ᠢ ᠴᠢᠩᠭᠠᠷᠠᠭᠤᠯᠤᠨ᠎ᠠ᠃ | ︵ᠠᠷᠪᠠᠨ ᠲᠠᠪᠤ︶ ᠪᠤᠰᠤᠳ ᠰᠠᠯᠠᠭ᠎ᠠ ᠮᠥᠴᠢᠷ ᠯᠦᠭᠡ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ | 1. ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠤᠯᠪᠣᠭᠳᠠᠬᠤ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ᠃ ᠲᠤᠭᠤᠷᠢᠭ ᠤᠨ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠨᠢᠭᠡᠳᠦᠯᠲᠡᠶ | ᠲᠥᠯᠥᠪᠵᠢᠭᠦᠯᠭᠡ ᠶᠢᠨ ᠳᠣᠣᠷ᠎ᠠ᠂ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠬᠥᠮᠦᠨ ᠠᠮᠠ ᠶᠢᠨ | ᠨᠠᠰᠤᠵᠢᠯ ᠢ ᠢᠳᠡᠪᠬᠢᠲᠡᠢ ᠠᠷᠭᠠᠴᠠᠬᠤ᠂ ᠨᠠᠰᠤᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠦᠬᠦ | ᠲᠤᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ᠂ | ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠣᠯᠤᠨ ᠣᠨᠴᠠᠭᠠᠢ ᠬᠦᠴᠢᠷᠳᠡᠯᠲᠡᠶ | ᠨᠠᠰᠤᠲᠠᠶᠢᠴᠤᠳ ᠢ ᠠᠪᠤᠷᠠᠨ ᠲᠤᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠠᠴᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠬᠠᠷᠢᠭᠤᠴᠠᠨ ᠲᠣᠭᠲᠠᠭᠠᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ | ᠨᠠᠰᠤᠲᠠᠶᠢᠴᠤᠳ ᠤᠨ ᠡᠮᠴᠢᠯᠡᠭᠡᠨ ᠤ ᠬᠠᠷᠠᠭᠠᠯᠵᠠᠨ ᠠᠰᠠᠷᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ | ᠮᠡᠨᠳᠦ ᠬᠢᠭᠡᠳ ᠬᠠᠶᠢᠷ᠎ᠠ ᠬᠠᠯᠠᠮᠵᠢ ᠶᠢᠨ ᠦᠢᠯᠡᠴᠢᠯᠡᠭᠡ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ | ᠡᠭᠦᠷᠭᠡᠯᠡᠨ᠎ᠡ᠃ | 2. ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠦ ᠶᠤᠸᠠᠨ ᠬᠤᠪᠢᠶᠠᠷᠢ | ᠲᠣᠪᠴᠢᠶ᠎ᠠ ᠯᠤᠭ᠎ᠠ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠲᠣᠭᠤᠷᠢᠭ ᠤᠨ ᠠᠷᠠᠳ ᠤᠨ | ᠶᠠᠪᠤᠳᠠᠯ ᠤᠨ ᠲᠣᠪᠴᠢᠶ᠎ᠠ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠦ ᠶᠤᠸᠠᠨ | ᠬᠤᠪᠢᠶᠠᠷᠢ ᠲᠣᠪᠴᠢᠶ᠎ᠠ ᠲᠠᠢ ᠬᠠᠮᠲᠤᠷᠠᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠮᠡᠳᠡᠭᠡ ᠵᠠᠩᠭᠢ ᠶᠢ | ᠨᠠᠶᠢᠷᠠᠭᠤᠯᠤᠨ ᠵᠣᠬᠢᠶᠠᠵᠤ ᠨᠡᠶᠢᠲᠡᠯᠡᠭᠰᠡᠨ ᠲᠣᠭᠤᠷᠢᠭ ᠤᠨ ᠵᠠᠰᠠᠭ ᠵᠠᠬᠢᠷᠭᠠᠨ ᠤ ᠲᠣᠭᠤᠷᠢᠭ ᠤᠨ ᠬᠤᠪᠢᠶᠠᠷᠢᠯᠠᠯ ᠤᠨ | ᠵᠢᠷᠤᠭ ᠵᠢᠴᠢ ᠵᠢᠷᠤᠭ ᠤᠨ ᠲᠡᠭᠦᠪᠦᠷᠢ ᠪᠠᠨ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃ | ᠬᠤᠶᠠᠷ᠂ ᠳᠤᠳᠤᠭᠠᠳᠤ ᠶᠢᠨ ᠪᠠᠶᠢᠭᠤᠯᠤᠮᠵᠢ | ︵ᠨᠢᠭᠡ︶ ᠶᠡᠷᠦᠩᠬᠡᠶᠢᠯᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ | ᠮᠡᠳᠡᠭᠡ ᠵᠠᠩᠭᠢ᠂ ᠠᠮᠤᠷ ᠲᠦᠪᠰᠢᠨ᠂ ᠲᠠᠩᠰᠠ ᠡᠪᠬᠡᠮᠡᠯ᠂ ᠰᠢᠮᠳᠠᠭᠤᠯᠤᠨ ᠪᠠᠶᠢᠴᠠᠭᠠᠬᠤ᠂ ᠵᠠᠰᠠᠭ ᠤᠨ ᠶᠠᠪᠤᠳᠠᠯ ᠢ | ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ᠂ | ᠬᠤᠷᠠᠯ ᠢ ᠵᠣᠬᠢᠶᠠᠨ ᠪᠠᠶᠢᠭᠤᠯᠬᠤ᠂ ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ ᠵᠠᠬᠢᠳᠠᠯ | ᠰᠤᠷᠪᠤᠯᠵᠢᠯᠠᠯ ᠢ ᠶᠡᠷᠦᠩᠬᠡᠶᠢᠯᠡᠨ ᠵᠠᠰᠠᠬᠤ᠂ ᠲᠦᠷᠢᠮ ᠤᠨ ᠪᠠᠶᠢᠭᠤᠯᠤᠯᠲᠠ᠂ ᠪᠠᠶᠢᠭᠤᠯᠭ᠎ᠠ ᠶᠢᠨ ᠬᠡᠷᠡᠭ ᠶᠠᠪᠤᠳᠠᠯ᠂ | ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠠᠵᠢᠯ ᠢ ᠡᠭᠦᠷᠭᠡᠯᠡᠵᠦ᠂ ᠠᠷᠠᠳ ᠤᠨ ᠶᠠᠪᠤᠳᠠᠯ ᠤᠨ | ᠬᠦᠷᠢᠶᠡᠨ ᠳᠠᠬᠢ ᠥᠭᠡᠷᠡᠴᠢᠯᠡᠯᠲᠡ ᠶᠢ ᠠᠬᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ | ᠪᠢᠴᠢᠭ ᠮᠠᠲ᠋ᠧᠷᠢᠶᠠᠯ ᠢ ᠲᠤᠭᠤᠷᠪᠢᠬᠤ ᠠᠵᠢᠯ ᠢ ᠡᠭᠦᠷᠭᠡᠯᠡᠵᠦ᠂ ᠪᠠᠶᠢᠭᠤᠯᠭ᠎ᠠ ᠶᠢᠨ ᠠᠯᠪᠠᠨ ᠠᠵᠢᠯ ᠤᠨ | ᠠᠦ᠋ᠲ᠋ᠣᠴᠢᠯᠠᠭᠰᠠᠨ ᠲᠥᠯᠥᠪᠵᠢᠭᠦᠯᠭᠡ ᠶᠢᠨ ᠪᠠᠶᠢᠭᠤᠯᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ | ᠱᠤᠭᠤᠮ ᠤᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃ | ︵ᠬᠤᠶᠠᠷ︶ ᠨᠡᠶᠢᠭᠡᠮ ᠤᠨ ᠠᠪᠤᠷᠠᠨ ᠲᠤᠰᠠᠯᠠᠬᠤ ᠪᠠ ᠨᠡᠶᠢᠭᠡᠮ ᠤᠨ ᠬᠡᠷᠡᠭ ᠶᠠᠪᠤᠳᠠᠯ ᠤᠨ ᠲᠠᠰᠤᠭ᠃ ᠪᠦᠬᠦ | ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ | ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ ᠵᠡᠷᠭᠡ | ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ | ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠲᠥᠪ᠂ ᠥᠪᠡᠷᠲᠡᠭᠡᠨ | ᠵᠠᠰᠠᠬᠤ ᠣᠷᠣᠨ᠂ ᠪᠤᠭᠤᠲᠤ ᠬᠤᠲᠠ᠂ ᠵᠢᠥ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠬᠦᠴᠢᠷᠳᠡᠯᠲᠡᠶ ᠣᠯᠠᠨ | ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢ ᠬᠤᠪᠢᠶᠠᠷᠢᠯᠠᠬᠤ᠂ ᠬᠢᠨᠠᠨ ᠬᠠᠮᠢᠶᠠᠷᠬᠤ | ᠠᠵᠢᠯ ᠢ ᠳᠠᠭᠠᠭᠠᠨ ᠭᠦᠢᠴᠡᠳᠬᠡᠨ᠎ᠡ᠃ ᠡᠮ ᠡᠮᠨᠡᠯᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ | ᠣᠯᠭᠤᠯᠲᠠ᠂ ᠬᠠᠤᠯᠢ ᠴᠠᠭᠠᠵᠠ ᠵᠡᠷᠭᠡ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠠᠷᠭ᠎ᠠ ᠶᠢ ᠲᠤᠭᠤᠷᠪᠢᠨ | ᠲᠣᠭᠲᠠᠭᠠᠬᠤ ᠳᠤ ᠣᠷᠣᠯᠴᠠᠨ᠎ᠠ᠃ | ︵ᠭᠤᠷᠪᠠ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠡᠤᠬᠡᠳ ᠤᠨ ᠠᠰᠠᠷᠠᠮᠵᠢ ᠶᠢᠨ ᠲᠠᠰᠤᠭ ︵ | ᠲᠤᠭᠤᠷᠢᠭ ᠤᠨ ᠨᠠᠰᠤᠵᠢᠯ ᠤᠨ ᠠᠵᠢᠯ ᠤᠨ ᠵᠦᠪᠯᠡᠯ ᠤᠨ ᠨᠠᠷᠢᠨ ᠪᠢᠴᠢᠭᠡᠴᠢ ᠶᠢᠨ ᠲᠠᠰᠤᠭ︶ ︽ᠵᠠ︾ ᠭᠡᠳ ᠪᠦᠬᠦ | ᠣᠷᠣᠨ ᠤ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠪᠣᠳᠠᠲᠠᠶ ᠠᠵᠢᠯ ᠢ ᠡᠭᠦᠷᠭᠡᠯᠡᠨ᠎ᠡ᠃ | ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠠᠵᠢᠯ ᠢ | ᠵᠢᠯᠣᠭᠤᠳᠤᠨ ᠵᠣᠬᠢᠴᠠᠭᠤᠯᠵᠤ᠂ ᠬᠥᠮᠦᠨ ᠠᠮᠠ ᠶᠢᠨ ᠨᠠᠰᠤᠵᠢᠯᠲᠠ ᠶᠢᠨ ᠤᠯᠤᠰ ᠤᠨ ᠪᠠᠶᠢᠳᠠᠯ ᠤᠨ ᠤᠬᠠᠭᠤᠯᠭ᠎ᠠ | ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠰᠤᠲᠠᠶᠢᠴᠤᠳ ᠤᠨ ᠨᠡᠶᠢᠭᠡᠮ ᠤᠨ ᠣᠷᠣᠯᠴᠠᠬᠤ ᠲᠦᠷᠦ ᠶᠢᠨ | ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠬᠥᠮᠦᠨ ᠠᠮᠠ ᠶᠢᠨ ᠪᠠᠶᠢᠳᠠᠯ᠂ | ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ | ᠡᠭᠦᠷᠭᠡᠯᠡᠨ᠎ᠡ᠃ | ᠨᠠᠰᠤᠵᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ ᠡᠭᠦᠷᠭᠡᠯᠡᠨ᠂ | ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ ᠶᠢᠨ ᠲᠦᠷᠢᠮ ᠪᠠ ᠨᠠᠰᠤᠵᠢᠯ ᠤᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠵᠡᠷᠭᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠵᠤ᠂ ᠨᠠᠰᠤᠵᠢᠯ ᠤᠨ ᠦᠢᠯᠡᠴᠢᠯᠡᠭᠡ᠂ | ᠨᠠᠰᠤᠲᠠᠶᠢᠴᠤᠳ ᠤᠨ ᠠᠰᠠᠷᠠᠮᠵᠢ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠥᠨᠳᠥᠷ ᠨᠠᠰᠤᠨ ᠤ ᠨᠥᠬᠦᠪᠥᠷᠢ | ᠣᠯᠭᠤᠬᠤ ᠠᠵᠢᠯ ᠢ ᠬᠠᠷᠢᠭᠤᠴᠠᠨ᠎ᠠ᠃ | ︵ᠳᠥᠷᠪᠡ︶ ᠨᠢᠭᠦᠯᠡᠰᠦᠩᠭᠦᠶ ᠶᠢᠨ ᠦᠢᠯᠡᠰ ᠢ ᠠᠬᠢᠭᠤᠯᠬᠤ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠲᠠᠰᠤᠭ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ᠂ ᠲᠣᠭᠤᠷᠢᠭ ᠤᠨ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠠᠰᠤᠭ᠂ ᠲᠣᠭᠤᠷᠢᠭ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠯᠪᠠᠨ ᠬᠡᠷ︶ ︽ᠵᠠ︾ ᠭᠡᠳ | ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠬᠠᠮᠢᠶᠠᠷᠤᠯᠲᠠ ᠶᠢᠨ | ᠠᠷᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠡᠷᠬᠡ ᠮᠡᠳᠡᠯ ᠢᠶᠠᠷ ᠢᠶᠠᠨ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠳᠠᠩᠰᠠᠯᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠲᠠ | ᠲᠠᠯᠪᠢᠨ᠎ᠠ᠃ ᠲᠤᠭᠤᠷᠢᠭ ᠤᠨ ᠲᠣᠰ ᠱᠠᠲᠤᠨ ᠤ ᠰᠢᠭᠤᠳ ᠳᠡᠩᠰᠡᠯᠡᠨ ᠬᠠᠮᠢᠶᠠᠷᠬᠤ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠬᠤᠯᠪᠣᠭᠳᠠᠯ ᠪᠥᠬᠦᠶ ᠠᠵᠢᠯ ᠢ ᠬᠠᠷᠢᠭᠤᠴᠠᠨ᠎ᠠ᠃ | ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠪᠠ | ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ | ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ | ᠪᠡᠯᠡᠭᠯᠡᠨ ᠬᠦᠷᠭᠡᠬᠦ ᠶᠢ ᠬᠤᠪᠢᠶᠠᠷᠢᠯᠠᠬᠤ ᠠᠵᠢᠯ᠃ ︽ᠭᠤᠷᠪᠠᠨ ᠠᠷᠠᠳ︾᠂ ︽ᠵᠢᠷᠠᠭᠠᠳ ᠣᠨ ᠤ ᠦᠶ᠎ᠡ ᠳᠤ | ᠲᠤᠰᠢᠶᠠᠯ ᠠᠴᠠ ᠪᠠᠨ ᠪᠠᠭᠤᠭᠰᠠᠳ ᠲᠤ ᠨᠥᠬᠦᠪᠥᠷᠢ ᠣᠯᠭᠤᠬᠤ ᠠᠵᠢᠯ ᠢ ᠬᠠᠷᠢᠭᠤᠴᠠᠨ᠎ᠠ᠃ | ᠬᠠᠶ᠋ᠢᠭ᠄ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠨᠠᠮ ᠵᠠᠰᠠᠭ ᠤᠨ ᠠᠰᠠᠷ ᠤᠨ ᠵᠡᠭᠦᠨ | ᠳᠠᠭᠠᠯᠳᠤᠭᠤᠯᠤᠯ ᠠᠰᠠᠷ ᠤᠨ ᠨᠢᠭᠡᠳᠦᠭᠡᠷ ᠳᠠᠪᠬᠤᠷ | ᠠᠵᠢᠯ ᠤᠨ ᠤᠲᠠᠰᠤ᠄ 0472 - 7107117 | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30 - 12᠄ 00᠂ | ᠦᠳᠡ ᠶᠢᠨ ᠬᠤᠶᠢᠨᠠᠬᠢ 14᠄ 30 - 17᠄ 30 | ᠬᠠᠷᠢᠭᠤᠴᠠᠯᠭᠠᠲᠠᠨ : ᠰᠢᠶᠧ ᠹᠠᠩ | | | | |