ᠵᠢᠦ ᠶᠤᠸᠠᠨ ᠲᠣᠭᠤᠷᠢᠭ ᠤᠨ ᠲᠤᠭ᠎ᠠ ᠪᠦᠷᠢᠳᠭᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2025/1/24
    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠪᠦᠬᠦ ᠣᠷᠣᠨ ᠤ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃    ︵ᠬᠤᠶᠠᠷ︶ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠰᠢᠰᠲ᠋ᠧᠮᠵᠢ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠣᠷᠣᠨ ᠤ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠳᠦᠷᠢᠮ ᠪᠣᠯᠤᠨ ᠪᠦᠬᠦ ᠣᠷᠣᠨ ᠤ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠠᠩᠬ᠎ᠠ ᠠᠯᠬᠤᠮ ᠲᠣᠭᠠᠴᠠᠭ᠎ᠠ ᠬᠢᠵᠦ᠂ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠮᠠᠲ᠋ᠧᠷᠢᠶᠠᠯ ᠢ ᠡᠮᠬᠢᠳᠬᠡᠵᠦ᠂ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠠᠵᠢᠯ ᠢ ᠬᠢᠨᠠᠨ ᠬᠠᠮᠢᠶᠠᠷᠤᠨ᠎ᠠ᠃    ︵ᠭᠤᠷᠪᠠ︶ ᠪᠦᠬᠦ ᠣᠷᠣᠨ ᠤ ᠬᠥᠮᠦᠨ ᠠᠮᠠ᠂ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠵᠡᠷᠭᠡ ᠴᠢᠬᠤᠯᠠ ᠶᠡᠭᠡ ᠣᠷᠣᠨ ᠤ ᠪᠠᠶᠢᠳᠠᠯ᠂ ᠣᠷᠣᠨ ᠤ ᠬᠦᠴᠦᠨ ᠤ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠣᠷᠣᠨ ᠤ ᠪᠠᠶᠢᠳᠠᠯ ᠣᠷᠣᠨ ᠤ ᠬᠦᠴᠦᠨ ᠤ ᠨᠡᠶᠢᠳᠡᠮ ᠪᠠᠶᠢᠴᠠᠭᠠᠯᠲᠠ ᠵᠢᠴᠢ ᠲᠤᠰᠬᠠᠶ ᠪᠠᠶᠢᠴᠠᠭᠠᠯᠲᠠ ᠶᠢᠨ ᠲᠥᠯᠥᠪᠯᠡᠭᠡ᠂ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠣᠷᠣᠨ ᠤ ᠪᠠᠶᠢᠳᠠᠯ ᠤᠨ ᠲᠠᠯ᠎ᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠵᠦ᠂ ᠬᠠᠩᠭᠠᠬᠤ ᠬᠡᠷᠡᠭᠲᠡᠢ᠃    ︵ᠲᠦᠷᠪᠡ︶ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ ᠬᠢᠭᠡᠳ ᠦᠢᠯᠡᠴᠢᠯᠡᠭᠡᠨ ᠤ ᠦᠢᠯᠡᠰ ᠵᠡᠷᠭᠡ ᠪᠦᠬᠦ ᠣᠷᠣᠨ ᠤ ᠤᠯᠤᠰ ᠠᠷᠠᠳ ᠤᠨ ᠠᠵᠤ ᠠᠬᠤᠶ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠬᠤ ᠬᠡᠷᠡᠭᠲᠡᠶ᠃ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠦᠳᠠᠨ ᠤ ᠶᠠᠪᠤᠳᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠪᠦᠬᠦ ᠣᠷᠣᠨ ᠤ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠬᠤ ᠬᠡᠷᠡᠭᠲᠡᠶ᠃    ︵ᠲᠠᠪᠤ︶ ᠪᠦᠬᠦ ᠣᠷᠣᠨ ᠤ ᠡᠨᠧᠷᠭᠢ᠂ ᠪᠡᠯᠡ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠠᠮᠠ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠬᠤ ᠬᠡᠷᠡᠭᠲᠡᠶ᠃    ︵ᠵᠢᠷᠭᠤᠭ᠎ᠠ︶ ᠪᠦᠬᠦ ᠣᠷᠣᠨ ᠤ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠪᠦᠬᠦ ᠣᠷᠣᠨ ᠤ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠶ ᠬᠢᠨᠠᠨ ᠲᠣᠭᠲᠠᠭᠠᠵᠤ᠂ ᠬᠠᠮᠢᠶᠠᠷᠴᠤ᠂ ᠨᠡᠶᠢᠲᠡᠯᠡᠵᠦ᠂ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃    ︵ᠳᠤᠯᠤᠭ᠎ᠠ︶ ᠪᠥᠬᠦ ᠲᠤᠭᠤᠷᠢᠭ ᠤᠨ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠵᠡᠷᠭᠡ ᠪᠠᠶᠢᠳᠠᠯ ᠳᠤ ᠲᠤᠭ᠎ᠠ ᠪᠦᠷᠢᠳᠬᠡᠯ ᠤᠨ ᠵᠠᠳᠠᠯᠤᠯᠲᠠ᠂ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠪᠠ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠶᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠵᠥᠪᠯᠡᠯᠭᠡ ᠥᠭᠬᠦ ᠰᠠᠨᠠᠭᠤᠯᠭ᠎ᠠ ᠬᠠᠩᠭᠠᠨ᠎ᠠ᠃    ︵ᠨᠠᠢᠮᠠ︶ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠶᠢ ᠥᠷᠨᠢᠭᠦᠯᠦᠨ᠎ᠡ᠃ ᠪᠦᠬᠦ ᠣᠷᠣᠨ ᠤ ᠲᠤᠭ᠎ᠠ ᠪᠦᠷᠢᠳᠬᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃    ︵ᠶᠢᠰᠦ︶ ᠡᠯ᠎ᠡ ᠭᠠᠵᠠᠷ ᠣᠷᠣᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠬᠠᠮᠵᠢᠨ᠂ ᠪᠦᠬᠦ ᠣᠷᠣᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠺᠠᠳ᠋ᠷ ᠤᠨ ᠪᠣᠯᠪᠠᠰᠤᠷᠠᠭᠤᠯᠤᠯ᠂ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ ᠪᠦᠬᠦ ᠣᠷᠣᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠲᠥᠪ ᠤᠨ ᠡᠳ᠋ ᠤᠨ ᠵᠠᠰᠠᠭ ᠤᠨ ᠲᠤᠭ᠎ᠠ ᠪᠦᠷᠢᠳᠬᠡᠯ ᠤᠨ ᠦᠢᠯᠡᠰ ᠤᠨ ᠵᠠᠷᠤᠳᠠᠯ ᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃    ︵ᠠᠷᠪᠠ︶ ᠪᠦᠬᠦ ᠣᠷᠣᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠵᠤ᠂ ᠪᠦᠬᠦ ᠣᠷᠣᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠳ᠋ᠠᠶᠢᠲ᠋ᠠ ᠬᠥᠮᠥᠷᠭᠡ ᠶᠢᠨ ᠰᠢᠰᠲ᠋ᠧᠮ᠂ ᠪᠦᠬᠦ ᠣᠷᠣᠨ ᠤ ᠬᠤᠷᠸ᠎ᠠ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠰᠠᠭᠤᠷᠢ ᠳ᠋ᠠᠶᠢᠲ᠋ᠠ ᠬᠥᠮᠥᠷᠭᠡ ᠶᠢ ᠪᠠᠶᠢᠭᠤᠯᠬᠤ᠂ ᠬᠠᠮᠢᠶᠠᠷᠬᠤ ᠪᠠ ᠬᠠᠮᠠᠭᠠᠯᠠᠬᠤ ᠶᠢ ᠬᠠᠷᠢᠭᠤᠴᠠᠨ᠎ᠠ᠃ ᠪᠥᠬᠦ ᠣᠷᠣᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃    ︵ᠠᠷᠪᠠᠨ ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠤᠭ᠎ᠠ ᠪᠦᠷᠢᠳᠬᠡᠯ ᠤᠨ ᠵᠠᠳᠠᠯᠤᠯᠲᠠ᠂ ᠲᠤᠭ᠎ᠠ ᠪᠦᠷᠢᠳᠬᠡᠯ ᠤᠨ ᠮᠠᠲ᠋ᠧᠷᠢᠶᠠᠯ ᠪᠠ ᠲᠤᠭ᠎ᠠ ᠪᠦᠷᠢᠳᠬᠡᠯ ᠤᠨ ᠵᠥᠪᠯᠡᠯᠭᠡ ᠥᠭᠬᠦ ᠰᠠᠨᠠᠯ ᠬᠠᠩᠭᠠᠬᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠪᠠ᠃    ︵ᠠᠷᠪᠠᠨ ᠬᠤᠶᠠᠷ︶ ᠣᠷᠣᠨ ᠤ ᠲᠣᠰ ᠤᠯᠠᠷᠢᠯ ᠤᠨ ᠲᠤᠭ᠎ᠠ ᠪᠦᠷᠢᠳᠬᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃    ︵ᠠᠷᠪᠠᠨ ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠪᠡᠶᠡᠯᠡᠭᠦᠯᠦᠨ᠎ᠡ᠃    ︵ᠠᠷᠪᠠᠨ ᠳᠥᠷᠪᠡᠳᠦᠭᠡᠷ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠳᠤᠳᠤᠭᠠᠳᠤ ᠶᠢᠨ ᠪᠠᠶᠢᠭᠤᠯᠤᠮᠵᠢ    ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠲᠤᠭ᠎ᠠ ᠪᠦᠷᠢᠳᠬᠡᠯ ᠤᠨ ᠠᠵᠢᠯ ᠤᠨ ᠲᠥᠯᠥᠪᠯᠡᠭᠡ᠂ ᠳ᠋ᠦᠩᠨᠡᠯᠲᠡ᠂ ᠪᠢᠴᠢᠭ ᠮᠠᠲ᠋ᠧᠷᠢᠶᠠᠯ᠂ ᠮᠡᠳᠡᠭᠦᠯᠦᠯᠲᠡ ᠵᠡᠷᠭᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠪᠦᠬᠦ ᠣᠷᠣᠨ ᠤ ᠲᠤᠭ᠎ᠠ ᠪᠦᠷᠢᠳᠬᠡᠯ ᠤᠨ ᠠᠵᠢᠯ ᠪᠣᠯᠤᠨ ᠮᠡᠳᠡᠭᠡ ᠵᠠᠩᠭᠢ ᠶᠢ ᠴᠤᠭᠯᠠᠭᠤᠯᠤᠨ ᠡᠮᠬᠢᠳᠬᠡᠬᠦ ᠶᠢᠨ ᠬᠠᠮᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠠᠶᠢᠷᠠᠭᠤᠯᠤᠨ ᠪᠢᠴᠢᠬᠦ ᠪᠠ ᠳᠡᠭᠡᠭᠰᠢ ᠮᠡᠳᠡᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠠᠶᠢᠷᠠᠭᠤᠯᠤᠨ ᠪᠢᠴᠢᠬᠦ ᠪᠠ ᠳᠡᠭᠡᠭᠰᠢ ᠮᠡᠳᠡᠭᠦᠯᠦᠨ᠎ᠡ︔ ᠵᠠᠰᠠᠭ ᠤᠨ ᠶᠠᠪᠤᠳᠠᠯ ᠢ ᠢᠯᠡ ᠪᠣᠯᠭᠠᠬᠤ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠬᠢᠨ᠎ᠡ︔ ᠵᠠᠰᠠᠭ ᠤᠨ ᠶᠠᠪᠤᠳᠠᠯ ᠢ ᠢᠯᠡ ᠪᠣᠯᠭᠠᠬᠤ᠂ ᠪᠢᠴᠢᠭ ᠬᠠᠷ᠎ᠠ ᠳᠠᠩᠰᠠ ᠡᠪᠬᠡᠮᠡᠯ ᠤᠨ ᠬᠠᠮᠢᠶᠠᠷᠤᠯᠲᠠ ᠬᠢᠬᠦ᠂ ᠨᠢᠭᠤᠴᠠ ᠪᠢᠴᠢᠭ ᠮᠠᠲ᠋ᠧᠷᠢᠶᠠᠯ ᠢ ᠳᠠᠩᠰᠠᠯᠠᠬᠤ᠂ ᠬᠠᠮᠢᠶᠠᠷᠬᠤ᠂ ᠤᠩᠰᠢᠨ ᠰᠢᠢᠳᠪᠦᠷᠢᠯᠡᠬᠦ᠂ ᠬᠤᠷᠠᠯ ᠤᠨ ᠶᠠᠪᠤᠳᠠᠯ ᠢ ᠵᠣᠬᠢᠶᠠᠨ ᠪᠠᠶᠢᠭᠤᠯᠬᠤ᠂ ᠬᠤᠷᠠᠯ ᠤᠨ ᠲᠡᠮᠳᠡᠭᠯᠡᠯ᠂ ᠬᠤᠷᠠᠯ ᠤᠨ ᠲᠣᠪᠴᠢ ᠲᠡᠮᠳᠡᠭᠯᠡᠯ᠂ ᠲᠣᠪᠴᠢᠶᠠᠨ ᠤ ᠪᠠᠶᠢᠭᠤᠯᠭ᠎ᠠ ᠶᠢᠨ ᠠᠮᠤᠷ ᠲᠦᠪᠰᠢᠨ ᠵᠢᠴᠢ ᠬᠠᠮᠠᠭᠠᠯᠠᠯᠲᠠ ᠵᠡᠷᠭᠡ ᠠᠵᠢᠯ᠃ ᠲᠣᠭᠲᠠᠭᠠᠭᠰᠠᠨ ᠪᠠᠶᠢᠭᠤᠯᠤᠯᠭ᠎ᠠ ᠶᠢᠨ ᠠᠵᠢᠯ ᠤᠨ ᠳᠦᠷᠢᠮ ᠵᠢᠴᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠬᠦ᠂ ᠬᠢᠨᠠᠯᠲᠠ ᠲᠠᠯᠪᠢᠨ ᠪᠠᠶᠢᠴᠠᠭᠠᠬᠤ ᠬᠡᠷᠡᠭᠲᠡᠶ᠃    ᠪᠦᠬᠦ ᠣᠷᠣᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ᠂ ᠪᠦᠬᠦ ᠣᠷᠣᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠳ᠋ᠠᠶᠢᠲ᠋ᠠ ᠬᠥᠮᠥᠷᠭᠡ ᠶᠢᠨ ᠰᠢᠰᠲ᠋ᠧᠮ ᠢ ᠪᠠᠶᠢᠭᠤᠯᠵᠤ᠂ ᠬᠠᠮᠢᠶᠠᠷᠬᠤ ᠪᠠ ᠬᠠᠮᠠᠭᠠᠯᠠᠬᠤ ᠬᠡᠷᠡᠭᠲᠡᠶ᠃ ᠪᠥᠬᠦ ᠣᠷᠣᠨ ᠤ ᠲᠣᠮᠣ ᠬᠡᠯᠪᠡᠷᠢ ᠶᠢᠨ ᠨᠡᠶᠢᠳᠡᠮ ᠪᠠᠶᠢᠴᠠᠭᠠᠯᠲᠠ᠂ ᠪᠠᠶᠢᠴᠠᠭᠠᠯᠲᠠ ᠵᠡᠷᠭᠡ ᠲᠠᠯ᠎ᠠ ᠶᠢᠨ ᠮᠡᠷᠭᠡᠵᠢᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢ ᠰᠢᠢᠳᠪᠦᠷᠢᠯᠡᠬᠦ ᠠᠵᠢᠯ ᠢ ᠡᠭᠦᠷᠭᠡᠯᠡᠵᠦ᠂ ᠪᠥᠬᠦ ᠣᠷᠣᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃    ᠲᠤᠰ ᠲᠠᠰᠤᠭ ᠤᠨ ᠢᠶᠠᠨ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠵᠦ᠂ ᠲᠤᠭ᠎ᠠ ᠪᠦᠷᠢᠳᠬᠡᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ᠂ ᠵᠠᠳᠠᠯᠤᠯᠲᠠ ᠶᠢᠨ ᠮᠡᠳᠡᠭᠦᠯᠦᠯᠲᠡ ᠪᠢᠴᠢᠬᠦ ᠬᠡᠷᠡᠭᠲᠡᠶ᠃ ᠲᠤᠰ ᠲᠠᠰᠤᠭ ᠤᠨ ᠡᠯ᠎ᠡ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠬᠠᠷᠢᠭᠤᠴᠠᠨ᠎ᠠ᠃    ᠲᠣᠪᠴᠢᠶ᠎ᠠ ᠶᠢᠨ ᠤᠳᠤᠷᠢᠳᠤᠯᠭ᠎ᠠ ᠶᠢᠨ ᠲᠤᠰᠢᠶᠠᠭᠰᠠᠨ ᠵᠦᠢᠯᠡᠰ ᠢ ᠪᠡᠶᠡᠯᠡᠭᠦᠯᠦᠨ᠎ᠡ᠃    ︵ᠬᠤᠶᠠᠷ︶ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠶᠢᠨ ᠲᠠᠰᠤᠭ᠃ ᠪᠦᠬᠦ ᠣᠷᠣᠨ ᠤ ᠤᠯᠤᠰ ᠠᠷᠠᠳ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠳᠤ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ᠂ ᠲᠤᠭ᠎ᠠ ᠪᠦᠷᠢᠳᠬᠡᠯ ᠤᠨ ᠲᠥᠰᠦᠭᠡᠯᠡᠯ ᠪᠠ ᠶᠡᠷᠦᠩᠬᠡᠶᠢᠯᠡᠭᠰᠡᠨ ᠵᠠᠳᠠᠯᠤᠯᠲᠠ ᠬᠢᠬᠦ ᠶᠢ ᠬᠠᠷᠢᠭᠤᠴᠠᠵᠤ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠯᠠᠪᠯᠠᠯᠭ᠎ᠠ ᠤᠨ ᠰᠠᠨᠠᠭᠤᠯᠭ᠎ᠠ ᠳᠤᠷᠠᠳᠤᠨ᠎ᠠ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠨᠡᠶᠢᠲᠡᠯᠡᠬᠦ ᠵᠢᠴᠢ ᠳᠣᠲᠣᠭᠠᠳᠤ ᠰᠦᠯᠵᠢᠶ᠎ᠡ᠂ ᠭᠠᠳᠠᠭᠠᠳᠤ ᠰᠦᠯᠵᠢᠶ᠎ᠡ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠨᠡᠶᠢᠲᠡᠯᠡᠬᠦ ᠶᠢ ᠬᠠᠷᠢᠭᠤᠴᠠᠵᠤ᠂ ᠲᠤᠭ᠎ᠠ ᠪᠦᠷᠢᠳᠬᠡᠯ ᠤᠨ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠢ ᠵᠣᠬᠢᠴᠠᠭᠤᠯᠤᠨ ᠬᠠᠮᠢᠶᠠᠷᠴᠤ᠂ ᠲᠤᠭ᠎ᠠ ᠪᠦᠷᠢᠳᠬᠡᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠳᠠᠭᠠᠭᠠᠨ ᠡᠷᠬᠢᠯᠡᠨ᠎ᠡ᠃ ᠤᠯᠤᠰ ᠠᠷᠠᠳ ᠤᠨ ᠠᠵᠤ ᠠᠬᠤᠶ ᠶᠢᠨ ᠲᠣᠭᠠᠴᠠᠭ᠎ᠠ ᠬᠢᠬᠦ ᠮᠠᠲ᠋ᠧᠷᠢᠶᠠᠯ ᠢ ᠴᠤᠭᠯᠠᠭᠤᠯᠵᠤ᠂ ᠡᠮᠬᠢᠳᠬᠡᠵᠦ᠂ ᠨᠠᠶᠢᠷᠠᠭᠤᠯᠵᠤ᠂ ᠬᠠᠩᠭᠠᠵᠤ᠂ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠨᠠᠨ ᠰᠢᠯᠭᠠᠯᠲᠠ ᠳᠠᠬᠢ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠬᠢᠨᠠᠨ ᠬᠡᠮᠵᠢᠬᠦ ᠠᠵᠢᠯ ᠢ ᠡᠭᠦᠷᠭᠡᠯᠡᠵᠦ᠂ ᠶᠡᠷᠦᠩᠬᠡᠶᠢᠯᠡᠨ ᠪᠦᠷᠢᠳᠬᠡᠨ ᠵᠠᠳᠠᠯᠬᠤ ᠶᠢ ᠲᠤᠭᠤᠷᠪᠢᠨ ᠪᠢᠴᠢᠨ᠎ᠡ᠃    ᠪᠦᠬᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠠᠩᠬ᠎ᠠ ᠠᠯᠬᠤᠮ ᠤᠨ ᠲᠣᠭᠠᠴᠠᠭ᠎ᠠ ᠬᠢᠬᠦ᠂ ᠣᠷᠣᠭᠤᠯᠤᠯᠲᠠ ᠭᠠᠷᠭᠠᠯᠲᠠ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠭᠠᠵᠠᠷ ᠣᠷᠤᠨ ᠤ ᠤᠯᠤᠰ ᠠᠷᠠᠳ ᠤᠨ ᠠᠵᠤ ᠠᠬᠤᠶ ᠶᠢᠨ ᠠᠩᠬ᠎ᠠ ᠠᠯᠬᠤᠮ ᠲᠣᠭᠠᠴᠠᠭ᠎ᠠ ᠬᠢᠬᠦ᠃ ᠤᠯᠤᠰ ᠠᠷᠠᠳ ᠤᠨ ᠠᠵᠤ ᠠᠬᠤᠢ ᠶᠢᠨ ᠲᠣᠭᠠᠴᠠᠭᠠᠨ ᠤ ᠮᠠᠲ᠋ᠧᠷᠢᠶᠠᠯ ᠢ ᠵᠠᠳᠠᠯᠤᠨ ᠰᠤᠳᠤᠯᠬᠤ ᠶᠢ ᠥᠷᠨᠢᠭᠦᠯᠦᠨ᠎ᠡ᠃ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ ︽ᠭᠤᠷᠪᠠᠨ ᠰᠢᠨ᠎ᠡ︾ ᠶᠢᠨ ᠠᠵᠤ ᠠᠬᠤᠶ ᠶᠢᠨ ᠲᠤᠭ᠎ᠠ ᠪᠦᠷᠢᠳᠬᠡᠯ ᠢ ᠥᠷᠨᠢᠭᠦᠯᠦᠨ᠎ᠡ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠵᠤ ᠥᠷᠨᠢᠭᠦᠯᠦᠨ᠎ᠡ᠃    ︵ᠭᠤᠷᠪᠠ︶ ᠨᠡᠶᠢᠭᠡᠮ ᠤᠨ ᠦᠢᠯᠡᠰ ᠪᠠ ᠪᠡᠯᠡ ᠣᠷᠣᠭᠤᠯᠣᠯᠲᠠ ᠶᠢᠨ ᠰᠲ᠋ᠤᠺ᠃ ᠪᠦᠬᠦ ᠣᠷᠣᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ 1% ᠶᠢᠨ ᠬᠥᠮᠦᠨ ᠠᠮᠠ ᠶᠢᠨ ᠬᠤᠪᠢᠷᠠᠯᠲᠠ ᠶᠢᠨ ᠦᠯᠢᠭᠡᠷ ᠠᠪᠴᠤ ᠪᠠᠶᠢᠴᠠᠭᠠᠬᠤ᠂ ᠣᠨ ᠤ ᠬᠥᠮᠦᠨ ᠠᠮᠠ ᠶᠢᠨ ᠬᠤᠪᠢᠷᠠᠯᠲᠠ ᠶᠢᠨ ᠦᠯᠢᠭᠡᠷ ᠠᠪᠴᠤ ᠪᠠᠶᠢᠴᠠᠭᠠᠬᠤ᠂ ᠬᠥᠳᠡᠯᠮᠦᠷᠢ ᠬᠦᠴᠦᠨ ᠪᠠ ᠬᠥᠳᠡᠯᠮᠦᠷᠢ ᠴᠠᠯᠢᠩ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠮᠦᠨ ᠠᠮᠠ᠂ ᠠᠵᠢᠯ ᠣᠯᠭᠤᠯᠲᠠ ᠪᠠ ᠬᠥᠳᠡᠯᠮᠦᠷᠢ ᠴᠠᠯᠢᠩ ᠵᠡᠷᠭᠡ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠩᠭᠠᠨ᠎ᠠ᠃    ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠪᠦᠷᠢᠳᠬᠡᠨ ᠪᠠᠶᠢᠴᠠᠭᠠᠬᠤ ᠪᠠ ᠡᠮᠡᠭᠲᠡᠶᠢᠴᠦᠳ ᠬᠡᠦᠬᠡᠳ ᠤᠨ ᠬᠤᠶᠠᠷ ᠬᠥᠭᠵᠢᠯᠲᠡ ᠶᠢᠨ ᠬᠥᠲᠥᠯᠪᠦᠷᠢ ᠶᠢ ᠬᠡᠷᠡᠭᠵᠢᠭᠦᠯᠦᠭᠰᠡᠨ ᠪᠠᠶᠢᠳᠠᠯ ᠢ ᠪᠦᠷᠢᠳᠬᠡᠨ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ ᠤ ᠰᠣᠶᠣᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠩᠭᠠᠨ᠎ᠠ᠃    ᠦᠨᠳᠦᠰᠦᠨ ᠨᠢᠭᠡᠴᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ ᠢ ᠴᠤᠭᠯᠠᠭᠤᠯᠤᠨ ᠡᠮᠬᠢᠯᠡᠵᠦ᠂ ᠪᠦᠬᠦ ᠣᠷᠣᠨ ᠤ ᠦᠨᠳᠦᠰᠦᠨ ᠨᠢᠭᠡᠴᠡ ᠶᠢᠨ ᠠᠯᠳᠠᠷᠲᠤ ᠴᠠᠳᠢᠭ ᠤᠨ ᠬᠥᠮᠥᠷᠭᠡ ᠶᠢ ᠬᠠᠮᠠᠭᠠᠯᠠᠨ ᠰᠢᠨᠡᠳᠬᠡᠬᠦ ᠪᠠ ᠬᠠᠮᠢᠶᠠᠷᠤᠨ᠎ᠠ᠃ ᠪᠦᠬᠦ ᠣᠷᠣᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠬᠠᠮᠢᠶᠠᠷᠴᠤ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠨᠠᠶᠢᠷᠠᠭᠤᠯᠤᠨ ᠳᠠᠷᠤᠮᠠᠯᠯᠠᠬᠤ ᠪᠠ ᠨᠡᠭᠡᠭᠡᠨ ᠠᠰᠢᠭᠯᠠᠵᠤ᠂ ᠲᠤᠭ᠎ᠠ ᠪᠦᠷᠢᠳᠬᠡᠯ ᠤᠨ ᠵᠠᠳᠠᠯᠤᠯᠲᠠ ᠰᠤᠳᠤᠯᠭᠠᠨ ᠢ ᠥᠷᠨᠢᠭᠦᠯᠵᠦ᠂ ᠨᠠᠮ ᠵᠠᠰᠠᠭ ᠤᠨ ᠤᠳᠤᠷᠢᠳᠤᠯᠭ᠎ᠠ ᠪᠣᠯᠤᠨ ᠨᠡᠶᠢᠭᠡᠮ ᠤᠨ ᠣᠯᠠᠨ ᠨᠡᠶᠢᠲᠡ ᠳᠤ ᠦᠢᠯᠡᠴᠢᠯᠡᠬᠦ ᠪᠠᠷ ᠴᠢᠷᠮᠠᠶᠢᠬᠤ ᠬᠡᠷᠡᠭᠲᠡᠶ᠃    ᠪᠦᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠪᠠᠷᠢᠯᠭ᠎ᠠ ᠶᠢᠨ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠪᠠᠶᠢᠴᠠᠭᠠᠨ ᠪᠦᠷᠢᠳᠬᠡᠬᠦ ᠲᠤᠭ᠎ᠠ ᠪᠠᠷᠢᠮᠲᠠ ᠶᠢ ᠴᠤᠭᠯᠠᠭᠤᠯᠵᠤ᠂ ᠡᠮᠬᠢᠯᠡᠬᠦ ᠪᠠ ᠬᠠᠩᠭᠠᠨ᠎ᠠ᠃ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠨᠢᠭᠡᠳᠦᠯᠲᠡᠶ ᠲᠣᠬᠢᠷᠠᠭᠤᠯᠤᠯᠲᠠ ᠶᠢ ᠦᠨᠳᠦᠰᠦᠯᠡᠨ ᠬᠠᠮᠢᠶ᠎ᠠ ᠪᠦᠬᠦᠢ ᠲᠤᠰᠬᠠᠶ ᠵᠦᠢᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃    ᠲᠤᠰ ᠲᠠᠰᠤᠭ ᠤᠨ ᠢᠶᠠᠨ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠵᠦ᠂ ᠲᠤᠭ᠎ᠠ ᠪᠦᠷᠢᠳᠬᠡᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ᠂ ᠵᠠᠳᠠᠯᠤᠯᠲᠠ ᠶᠢᠨ ᠮᠡᠳᠡᠭᠦᠯᠦᠯᠲᠡ ᠪᠢᠴᠢᠬᠦ ᠬᠡᠷᠡᠭᠲᠡᠶ᠃ ᠲᠤᠰ ᠲᠠᠰᠤᠭ ᠤᠨ ᠡᠯ᠎ᠡ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠬᠠᠷᠢᠭᠤᠴᠠᠨ᠎ᠠ᠃    ᠴᠢᠮᠡᠭᠡ ᠬᠤᠯᠪᠣᠭᠠᠨ ᠤ ᠬᠠᠶ᠋ᠢᠭ᠄ ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠱᠠ ᠾᠧ ᠵᠡᠭᠡᠯᠢ ᠭᠤᠳᠤᠮᠵᠢ ᠶᠢᠨ ᠠᠭᠤᠳᠠᠮ ᠲᠠᠯᠠᠪᠠᠶ ᠵᠡᠭᠡᠯᠢ ᠶᠢᠨ ᠨᠠᠮ ᠵᠠᠰᠠᠭ ᠤᠨ ᠲᠣᠮᠣ ᠠᠰᠠᠷ    ᠠᠵᠢᠯ ᠤᠨ ᠤᠲᠠᠰᠤ᠄ 0472 - 6939319    ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ ᠬᠤᠶᠢᠨᠠᠬᠢ 14᠄ 30-17᠄ 30    ᠬᠠᠷᠢᠭᠤᠴᠠᠯᠭ᠎ᠠ ᠡᠭᠦᠷᠭᠡᠯᠡᠭᠴᠢ᠄ ᠹᠧᠩ ᠯᠸᠢ
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号