ᠨᠢᠭᠡ᠂ ᠭᠤᠣᠯ ᠡᠭᠦᠷᠭᠡ ᠴᠢᠳᠠᠪᠬᠢ᠄ | ︵ᠨᠢᠭᠡ︶ ᠪᠦᠬᠦ ᠣᠷᠣᠨ ᠤ ᠢᠳᠡᠭᠡᠨ᠂ ᠡᠮ ᠤᠨ ᠵᠦᠢᠯ᠂ ᠣᠨᠴᠣᠭᠤᠶ ᠲᠥᠷᠥᠯ ᠤᠨ ᠲᠥᠬᠦᠭᠡᠷᠦᠮᠵᠢ᠂ | ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠶᠢ ᠪᠠᠲᠤᠯᠠᠬᠤ ᠬᠡᠷᠡᠭᠲᠡᠶ᠃ | ︵ᠬᠤᠶᠠᠷ︶ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ | ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠤᠭᠳᠠᠯ ᠪᠦᠬᠦᠢ ᠦᠢᠯᠡᠴᠢᠯᠡᠭᠡᠨ ᠤ ᠠᠵᠢᠯᠯᠠᠭ᠎ᠠ ᠳᠤ | ᠬᠠᠤᠯᠢ ᠶᠣᠰᠤᠭᠠᠷ ᠬᠢᠨᠠᠯᠲᠠ ᠲᠠᠯᠪᠢᠨ᠎ᠠ︔ | ︵ᠭᠤᠷᠪᠠ︶ ᠦᠨ᠎ᠡ ᠬᠠᠩᠰᠢ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠲᠥᠪ ᠪᠤᠰᠤ | ᠥᠷᠢᠰᠥᠯᠳᠦᠭᠡᠨ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠦᠢᠯᠡᠳᠬᠦᠨ | ᠦᠢᠯᠡᠳᠴᠦ ᠪᠣᠷᠣᠯᠠᠭᠤᠯᠬᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ︵ᠲᠦᠷᠪᠡ︶ ᠪᠦᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠢ | ᠬᠠᠷᠢᠭᠤᠴᠠᠨ᠎ᠠ︔ ᠲᠠᠸᠠᠷ ᠤᠨ ᠬᠡᠮᠵᠢᠯᠲᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠳᠤ | ᠵᠢᠷᠤᠮᠵᠢᠭᠤᠯᠤᠨ ᠬᠢᠨᠠᠯᠲᠠ ᠲᠠᠯᠪᠢᠨ᠎ᠠ︔ | ︵ᠲᠠᠪᠤ︶ ᠬᠡᠷᠡᠭᠯᠡᠭᠴᠢᠳ ᠤᠨ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠨ᠂ ᠬᠡᠷᠡᠭᠯᠡᠭᠴᠢᠳ ᠪᠠ | ᠦᠢᠯᠡᠳᠪᠦᠷᠢᠯᠡᠨ ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢ | ᠬᠠᠷᠢᠭᠤᠴᠠᠨ᠎ᠠ᠃ | ︵ᠵᠢᠷᠭᠤᠭ᠎ᠠ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠠᠵᠢᠯ ᠢ ᠠᠬᠢᠭᠤᠯᠤᠨ᠎ᠠ᠃ | ᠬᠤᠶᠠᠷ᠂ ᠳᠣᠲᠣᠭᠠᠳᠤ ᠪᠠᠶᠢᠭᠤᠯᠤᠮᠵᠢ᠄ | ︵ᠨᠢᠭᠡ︶ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠪᠢᠴᠢᠭ | ᠮᠠᠲ᠋ᠧᠷᠢᠶᠠᠯ ᠴᠠᠬᠢᠯᠭᠠᠨ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠰᠢᠮᠳᠠᠭᠤᠯᠤᠨ | ᠪᠠᠶᠢᠴᠠᠭᠠᠬᠤ᠂ ᠳᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ | ᠠᠵᠢᠯ ᠢ ᠡᠭᠦᠷᠭᠡᠯᠡᠨ᠎ᠡ᠃ ᠵᠢᠦ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠨᠡᠶᠢᠲᠡᠯᠡᠬᠦ ᠳᠦᠷᠢᠮ ᠢ ᠲᠤᠭᠤᠷᠪᠢᠨ ᠲᠣᠭᠲᠠᠭᠠᠵᠤ᠂ | ᠰᠣᠨᠢᠨ ᠮᠡᠳᠡᠭᠡᠨ ᠤ ᠤᠬᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ ᠬᠠᠮᠢᠶᠠᠷᠤᠯᠲᠠ ᠵᠢᠴᠢ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠢᠨᠠᠨ ᠬᠡᠮᠵᠢᠵᠦ ᠵᠠᠳᠠᠯᠬᠤ ᠵᠡᠷᠭᠡ ᠠᠵᠢᠯ ᠢ ᠡᠭᠦᠷᠭᠡᠯᠡᠨ᠎ᠡ᠃ ᠴᠢᠬᠤᠯᠠ ᠶᠡᠭᠡ ᠤᠬᠠᠭᠤᠯᠭ᠎ᠠ ᠶᠢᠨ | ᠠᠵᠢᠯᠯᠠᠭ᠎ᠠ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠰᠤᠳᠤᠯᠤᠯ ᠪᠠ ᠶᠡᠷᠦᠩᠬᠡᠶᠢᠯᠡᠭᠰᠡᠨ ᠵᠠᠳᠠᠯᠤᠯᠲᠠ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠪᠠ ᠤᠷᠲᠤ ᠬᠤᠭᠤᠴᠠᠭᠠᠨ ᠤ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠢᠬᠤᠯᠠ | ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ᠂ ᠡᠬᠡ ᠪᠢᠴᠢᠭ ᠲᠤᠭᠤᠷᠪᠢᠬᠤ ᠠᠵᠢᠯ ᠢ ᠡᠭᠦᠷᠭᠡᠯᠡᠨ᠎ᠡ᠃ ᠪᠦᠬᠦ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠬᠦ ᠶᠢᠨ | ᠬᠠᠮᠲᠤ ᠵᠢᠯᠣᠭᠤᠳᠤᠨ᠎ᠠ᠃ ᠭᠤᠤᠯᠳᠠᠯᠭ᠎ᠠ ᠲᠠᠢ ᠠᠵᠢᠯ ᠢ ᠰᠢᠮᠳᠠᠭᠤᠯᠤᠨ ᠪᠠᠶᠢᠴᠠᠭᠠᠬᠤ᠂ ᠰᠢᠮᠳᠠᠭᠤᠯᠤᠨ ᠭᠦᠢᠴᠡᠳᠬᠡᠬᠦ᠂ | ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠠᠶᠢᠭᠤᠯᠭ᠎ᠠ ᠪᠣᠯᠤᠨ ᠰᠢᠭᠤᠳ ᠬᠠᠷᠢᠶ᠎ᠠ | ᠨᠢᠭᠡᠴᠢ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠭᠠᠶᠢᠯᠢ ᠶᠢᠨ ᠪᠤᠰᠤ ᠣᠷᠣᠯᠭ᠎ᠠ᠂ ᠡᠳ᠋ ᠤᠨ ᠶᠠᠪᠤᠳᠠᠯ ᠤᠨ | ᠬᠢᠨᠠᠨ ᠪᠤᠳᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠦᠨᠳᠦᠰᠦᠨ ᠪᠦᠲᠦᠭᠡᠨ ᠪᠠᠶᠢᠭᠤᠯᠤᠯᠲᠠ ᠪᠣᠯᠤᠨ | ᠡᠯ᠎ᠡ ᠲᠥᠷᠥᠯ ᠤᠨ ᠪᠡᠯᠡ ᠮᠥᠩᠭᠦ᠂ ᠲᠤᠰᠬᠠᠶ ᠬᠡᠷᠡᠭᠯᠡᠬᠦ ᠰᠠᠭᠤᠷᠢ ᠮᠥᠩᠭᠦ ᠵᠢᠴᠢ ᠦᠢᠯᠡᠳᠴᠦ ᠤᠭᠰᠠᠷᠠᠬᠤ | ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠲᠥᠷᠥᠯ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠵᠢᠦ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠤᠨ ᠲᠣᠨᠤᠭ ᠲᠥᠬᠦᠭᠡᠷᠦᠮᠵᠢ ᠲᠣᠬᠢᠷᠠᠭᠤᠯᠬᠤ ᠠᠵᠢᠯ ᠢ ᠵᠢᠯᠣᠭᠤᠳᠤᠨ | ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ | ᠲᠤᠭᠤᠷᠪᠢᠨ ᠬᠡᠷᠡᠭᠵᠢᠭᠦᠯᠵᠦ᠂ ᠶᠠᠰᠤ ᠴᠢᠨᠠᠷ ᠤᠨ ᠰᠠᠭᠤᠷᠢ ᠪᠡᠯᠡᠳᠬᠡᠮᠵᠢ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠵᠣᠬᠢᠶᠠᠨ ᠪᠠᠶᠢᠭᠤᠯᠤᠨ ᠳᠤᠷᠠᠳᠴᠤ᠂ ᠬᠠᠮᠢᠶ᠎ᠠ ᠪᠦᠬᠦᠢ ᠰᠢᠨᠵᠢᠯᠡᠬᠦ | ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ᠂ ᠬᠠᠮᠲᠤᠷᠠᠯᠴᠠᠭ᠎ᠠ ᠰᠣᠯᠢᠯᠴᠠᠭ᠎ᠠ᠂ ᠦᠷ᠎ᠡ ᠪᠦᠲᠦᠭᠡᠯ ᠤᠨ | ᠬᠡᠷᠡᠭᠯᠡᠯᠲᠡ ᠵᠡᠷᠭᠡ ᠠᠵᠢᠯ ᠢ ᠬᠠᠮᠢᠶᠠᠷᠤᠨ᠎ᠠ᠃ | ︵ᠬᠤᠶᠠᠷ︶ ᠬᠠᠤᠯᠢ ᠲᠣᠭᠲᠠᠭᠠᠯ ᠤᠨ ᠰᠲ᠋ᠣᠺ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ | ᠬᠠᠤᠯᠢ ᠶᠣᠰᠣᠭᠠᠷ ᠵᠢᠷᠤᠮᠵᠢᠭᠤᠯᠬᠤ᠂ ᠴᠢᠯᠥᠭᠡᠲᠦ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠭᠲᠠᠭᠠᠯ᠂ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ ᠪᠠ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ | ᠭᠡᠷᠡᠴᠢᠯᠡᠭᠡ ᠰᠣᠨᠣᠰᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠲᠥᠯᠥᠪᠦᠷᠢ ᠥᠭᠬᠦ | ᠠᠵᠢᠯ ᠢ ᠡᠭᠦᠷᠭᠡᠯᠡᠬᠦ ᠪᠤᠶᠤ ᠲᠡᠭᠦᠨ ᠳᠤ ᠣᠷᠣᠯᠴᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠠ | ᠬᠠᠤᠯᠢ ᠪᠠᠷ ᠵᠠᠰᠠᠬᠤ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠭᠤᠷᠪᠠ︶ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠭᠦᠯᠬᠦ ᠲᠠᠰᠤᠭ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠨᠢᠭᠡᠳᠦᠯᠲᠡᠶ ᠪᠦᠷᠢᠳᠬᠡᠨ ᠳᠠᠩᠰᠠᠯᠠᠬᠤ ᠪᠠ ᠡᠵᠡᠩᠨᠡᠯᠲᠡ ᠶᠢᠨ ᠦᠨᠡᠮᠯᠡᠯ ᠢ ᠬᠠᠷᠭᠤᠭᠤᠯᠤᠨ | ᠣᠯᠭᠤᠬᠤ ᠶᠢ ᠬᠠᠷᠢᠭᠤᠴᠠᠬᠤ ᠪᠠ ᠵᠢᠯᠣᠭᠤᠳᠤᠨ ᠬᠡᠷᠡᠭᠵᠢᠭᠦᠯᠦᠨ᠎ᠡ᠃ ᠪᠦᠷᠢᠳᠬᠡᠨ ᠳᠠᠩᠰᠠᠯᠠᠬᠤ ᠪᠦᠬᠦ ᠶᠠᠪᠤᠴᠠ ᠶᠢ | ᠵᠢᠯᠣᠭᠤᠳᠤᠨ ᠠᠬᠢᠭᠤᠯᠤᠨ᠎ᠠ᠃ ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠵᠠᠳᠠᠯᠤᠨ ᠢᠯᠡ ᠪᠣᠯᠭᠠᠬᠤ | ᠠᠵᠢᠯ ᠢ ᠡᠭᠦᠷᠭᠡᠯᠡᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ | ᠦᠢᠯᠡᠴᠢᠯᠡᠭᠡ ᠬᠠᠩᠭᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠬᠡᠬᠦ ᠠᠵᠢᠯ ᠢ ᠬᠠᠷᠢᠭᠤᠴᠠᠨ᠎ᠠ᠃ ᠪᠤᠰᠤᠳ ᠰᠠᠯᠠᠭ᠎ᠠ | ᠮᠥᠴᠢᠷ ᠤᠨ ᠬᠠᠮᠲᠤᠷᠠᠨ ᠬᠢᠨᠠᠨ ᠵᠥᠪᠰᠢᠶᠡᠷᠡᠬᠦ ᠳᠤ ᠬᠤᠯᠪᠣᠭᠳᠠᠬᠤ ᠬᠠᠮᠢᠶ᠎ᠠ ᠪᠦᠬᠦᠢ ᠵᠦᠢᠯᠡᠰ ᠢ ᠵᠣᠬᠢᠶᠠᠨ | ᠪᠠᠶᠢᠭᠤᠯᠤᠨ ᠵᠣᠬᠢᠴᠠᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ ᠤᠨ ᠨᠡᠷᠡᠰ ᠤᠨ ᠬᠥᠮᠥᠷᠭᠡ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ | ︵ᠲᠦᠷᠪᠡ︶ ᠬᠠᠤᠯᠢ ᠬᠡᠷᠡᠭᠵᠢᠭᠦᠯᠵᠦ ᠬᠢᠨᠠᠨ ᠪᠠᠶᠢᠴᠠᠭᠠᠬᠤ ᠲᠠᠰᠤᠭ᠃ ᠤᠯᠤᠰ᠂ ᠥᠪᠡᠷᠲᠡᠭᠡᠨ ᠵᠠᠰᠠᠬᠤ | ᠣᠷᠣᠨ᠂ ᠪᠤᠭᠤᠲᠤ ᠬᠤᠲᠠ ᠶᠢᠨ ᠬᠤᠯᠪᠣᠭᠳᠠᠯ ᠪᠥᠬᠦᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠪᠠᠶᠢᠴᠠᠭᠠᠬᠤ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠪᠠᠶᠢᠴᠠᠭᠠᠬᠤ ᠲᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ︔ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ︔ ᠳᠡᠭᠡᠳᠦ | ᠱᠠᠲᠤᠨ ᠤ ᠰᠠᠯᠠᠭ᠎ᠠ ᠮᠥᠴᠢᠷ ᠤᠨ ᠲᠤᠰᠢᠶᠠᠨ ᠰᠢᠢᠳᠪᠦᠷᠢᠯᠡᠭᠦᠯᠦᠭᠰᠡᠨ᠂ ᠬᠠᠮᠵᠢᠯᠴᠠᠨ ᠪᠠᠶᠢᠴᠠᠭᠠᠬᠤ ᠪᠠᠷ | ᠱᠠᠭᠠᠷᠳᠠᠭᠰᠠᠨ ᠬᠡᠷᠡᠭ ᠢ ᠬᠠᠷᠢᠭᠤᠴᠠᠨ ᠰᠢᠢᠳᠪᠦᠷᠢᠯᠡᠨ᠎ᠡ︔ ᠠᠰᠠᠭᠤᠳᠠᠯ ᠲᠠᠢ ᠦᠢᠯᠡᠳᠬᠦᠨ ᠢ ᠡᠭᠡᠭᠦᠯᠦᠨ | ᠠᠪᠴᠢᠷᠠᠬᠤ ᠪᠠ ᠰᠢᠢᠳᠪᠦᠷᠢᠯᠡᠬᠦ ᠲᠦᠷᠢᠮ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠲᠠᠪᠤ ︶ ᠦᠨ᠎ᠡ ᠬᠠᠩᠰᠢ ᠳᠤ ᠬᠢᠨᠠᠯᠲᠠ ᠲᠠᠯᠪᠢᠬᠤ ᠪᠠ ᠵᠦᠶ ᠪᠤᠰᠤ ᠥᠷᠢᠰᠦᠯᠳᠦᠭᠡᠨ ᠢ ᠡᠰᠡᠷᠭᠦᠴᠡᠬᠦ ᠬᠤᠪᠢ | ᠤᠨ ᠲᠥᠪ ᠪᠤᠰᠤ ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ᠂ ᠴᠣᠬᠢᠯᠲᠠ ᠥᠭᠬᠦ | ᠬᠠᠮᠢᠶ᠎ᠠ ᠪᠦᠬᠦᠢ ᠠᠵᠢᠯ ᠢ ᠬᠡᠷᠡᠭᠵᠢᠭᠦᠯᠵᠦ᠂ ᠰᠢᠭᠤᠳ ᠪᠣᠷᠣᠯᠠᠭᠤᠯᠬᠤ ᠠᠵᠤ ᠠᠬᠤᠶᠢᠯᠠᠯ᠂ ᠰᠢᠭᠤᠳ | ᠪᠣᠷᠣᠯᠠᠭᠤᠯᠤᠭᠴᠢ ᠵᠢᠴᠢ ᠰᠢᠭᠤᠳ ᠪᠣᠷᠣᠯᠠᠭᠤᠯᠬᠤ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠵᠦᠶ ᠪᠤᠰᠤ | ᠥᠷᠢᠰᠥᠯᠳᠦᠭᠡᠨ ᠢ ᠡᠰᠡᠷᠭᠦᠴᠡᠬᠦ ᠬᠦᠷᠢᠶᠡᠨ ᠳᠠᠬᠢ ᠬᠡᠷᠡᠭ ᠪᠠ ᠬᠦᠴᠢᠷ ᠲᠦᠪᠡᠭᠲᠡᠶ ᠬᠡᠷᠡᠭ ᠢ ᠵᠣᠬᠢᠴᠠᠭᠤᠯᠬᠤ ᠶᠢ | ᠬᠠᠷᠢᠭᠤᠴᠠᠨ᠎ᠠ᠃ ᠭᠤᠣᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠦᠨ᠎ᠡ ᠬᠠᠩᠰᠢ ᠰᠦᠢᠳᠬᠡᠯ ᠬᠤᠷᠢᠶᠠᠬᠤ ᠶᠢ ᠬᠢᠨᠠᠨ ᠪᠠᠶᠢᠴᠠᠭᠠᠬᠤ ᠳᠦᠷᠢᠮ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠲᠠᠸᠠᠷ ᠤᠨ ᠦᠨ᠎ᠡ ᠬᠠᠩᠰᠢ᠂ ᠦᠢᠯᠡᠴᠢᠯᠡᠭᠡᠨ ᠤ ᠦᠨ᠎ᠡ ᠬᠠᠩᠰᠢ | ᠵᠢᠴᠢ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠳᠤ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠨ᠎ᠡ ᠬᠠᠩᠰᠢ ᠰᠦᠢᠳᠬᠡᠯ ᠬᠤᠷᠢᠶᠠᠬᠤ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠳᠤ ᠵᠢᠯᠣᠭᠤᠳᠤᠨ ᠬᠢᠨᠠᠯᠲᠠ ᠲᠠᠯᠪᠢᠨ᠎ᠠ᠃ | ︵ᠵᠢᠷᠭᠤᠭ᠎ᠠ︶ ᠬᠡᠷᠡᠭᠯᠡᠭᠡᠨ ᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠣᠯᠲᠠ ᠶᠢᠨ ᠵᠢᠯᠣᠭᠤᠳᠬᠤ ᠲᠠᠰᠤᠭ᠃ | ᠬᠤᠯᠪᠣᠭᠳᠠᠯ ᠪᠦᠬᠦᠢ ᠦᠢᠯᠡᠴᠢᠯᠡᠭᠡᠨ ᠤ ᠬᠦᠷᠢᠶᠡᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠ | ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠡᠷᠡᠭᠯᠡᠭᠴᠢᠳ ᠤᠨ ᠠᠰᠠᠭᠤᠨ | ᠯᠠᠪᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ᠂ ᠰᠢᠢᠳᠪᠦᠷᠢᠯᠡᠬᠦ ᠪᠠ | ᠰᠦᠯᠵᠢᠶᠡᠨ ᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠬᠡᠷᠡᠭᠯᠡᠭᠡᠨ ᠤ ᠣᠷᠴᠢᠨ | ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠬᠡᠷᠡᠭᠯᠡᠭᠡᠨ ᠤ ᠣᠷᠴᠢᠨ ᠲᠣᠭᠤᠷᠢᠨ ᠤ ᠦᠨᠡᠯᠡᠯᠲᠡ ᠶᠢᠨ ᠠᠵᠢᠯ ᠢ | ᠵᠢᠯᠣᠭᠤᠳᠤᠨ᠎ᠠ᠃ ᠬᠡᠷᠡᠭᠯᠡᠭᠴᠢᠳ ᠤᠨ ᠡᠷᠬᠡ ᠠᠰᠢᠭ ᠤᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠠᠵᠢᠯ ᠢ | ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠵᠢᠦ ᠶᠤᠸᠠᠨ ᠲᠣᠭᠤᠷᠢᠭ ᠤᠨ ᠬᠡᠷᠡᠭᠯᠡᠭᠴᠢᠳ ᠤᠨ ᠨᠡᠶᠢᠭᠡᠮᠯᠢᠭ ᠤᠨ | ᠠᠵᠢᠯ ᠢ ᠵᠢᠯᠣᠭᠤᠳᠤᠨ᠎ᠠ᠃ | ︵ᠳᠤᠯᠤᠭ᠎ᠠ︶ ᠰᠦᠯᠵᠢᠶᠡᠨ ᠳᠡᠭᠡᠷᠡᠬᠢ ᠠᠷᠠᠯᠵᠢᠶ᠎ᠠ ᠪᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ | ᠪᠦᠬᠦ ᠣᠷᠣᠨ ᠤ ᠰᠦᠯᠵᠢᠶᠡᠨ ᠤ ᠠᠷᠠᠯᠵᠢᠶᠠᠨ ᠤ ᠲᠠᠪᠴᠠᠩ ᠪᠣᠯᠤᠨ ᠰᠦᠯᠵᠢᠶᠡᠨ ᠤ ᠡᠵᠡᠩᠨᠡᠯᠲᠡ ᠶᠢᠨ ᠭᠤᠣᠯ | ᠴᠣᠭᠴᠠ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠰᠦᠯᠵᠢᠶᠡᠨ ᠤ ᠵᠠᠬ᠎ᠠ ᠳᠡᠯᠭᠡᠭᠦᠷ ᠤᠨ | ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠲᠠ ᠲᠠᠯᠠᠪᠠᠶ ᠶᠢᠨ ᠵᠢᠷᠤᠮᠵᠢᠭᠰᠠᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠡᠮᠬᠢ ᠳᠢᠭᠯᠢᠮ ᠢ ᠬᠠᠤᠯᠢ ᠶᠣᠰᠣᠭᠠᠷ ᠵᠢᠷᠤᠮᠵᠢᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠲᠤᠰᠬᠠᠢ | ᠵᠠᠰᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠭᠡᠷ᠎ᠡ᠂ ᠦᠨ᠎ᠡ ᠬᠠᠶᠠᠨ ᠬᠤᠳᠠᠯᠳᠤᠬᠤ ᠦᠢᠯᠡ | ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠬᠦ | ᠬᠥᠷᠥᠩᠭᠡ ᠪᠠᠷ ᠪᠠᠷᠢᠴᠠᠭᠠᠯᠠᠬᠤ ᠡᠳ᠋ ᠢ ᠳᠠᠩᠰᠠᠯᠠᠬᠤ ᠠᠵᠢᠯ ᠢ ᠬᠠᠷᠢᠭᠤᠴᠠᠨ᠎ᠠ᠃ | ︵ᠨᠠᠢᠮᠠ︶ ᠦᠢᠯᠡᠳᠬᠦᠨ ᠤ ᠶᠠᠰᠤ ᠴᠢᠨᠠᠷ ᠤᠨ ᠠᠮᠤᠷ ᠲᠦ᠋ᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠃ | ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠪᠠ ᠶᠠᠰᠤ ᠴᠢᠨᠠᠷ ᠢ ᠳᠡᠭᠡᠭᠰᠢᠯᠡᠭᠦᠯᠬᠦ | ᠠᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠠᠰᠤ ᠴᠢᠨᠠᠷ ᠤᠨ ᠤᠷᠮᠠᠰᠢᠭᠤᠯᠬᠤ ᠳᠦᠷᠢᠮ ᠤᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠡᠷᠡᠲᠦ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠬᠠᠮᠵᠢᠯᠴᠠᠨ | ᠦᠢᠯᠡᠴᠢᠯᠡᠬᠦ ᠵᠢᠴᠢ ᠬᠡᠷᠡᠭᠯᠡᠭᠡᠨ ᠤ ᠲᠥᠯᠥᠪᠵᠢᠭᠦᠯᠭᠡ ᠶᠢ ᠲᠣᠭᠲᠠᠭᠠᠨ᠎ᠠ᠃ ᠦᠢᠯᠡᠳᠬᠦᠨ ᠤ ᠶᠠᠰᠤ ᠴᠢᠨᠠᠷ ᠤᠨ ᠠᠶᠤᠯ | ᠦᠭᠡᠶ ᠶᠢᠨ ᠠᠳᠡᠯ ᠢ ᠠᠯᠪᠠᠳᠠᠨ ᠮᠡᠳᠡᠭᠦᠯᠬᠦ ᠳᠦᠷᠢᠮ᠂ ᠡᠮᠵᠡᠭ ᠲᠠᠢ ᠦᠢᠯᠡᠳᠬᠦᠨ ᠢ ᠡᠭᠡᠭᠦᠯᠦᠨ ᠠᠪᠴᠢᠷᠠᠬᠤ | ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ | ︵ᠶᠢᠰᠦ︶ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦ᠋ᠪᠰᠢᠨ ᠢ ᠬᠢᠨᠠᠨ ᠪᠠᠶᠢᠴᠠᠭᠠᠬᠤ ᠲᠠᠰᠤᠭ᠃ | ᠪᠦᠬᠦ ᠣᠷᠣᠨ ᠤ ᠣᠨᠴᠣᠭᠤᠶ ᠲᠥᠷᠥᠯ ᠤᠨ ᠲᠥᠬᠦᠭᠡᠷᠦᠮᠵᠢ ᠦᠢᠯᠡᠳᠪᠦᠷᠢᠯᠡᠬᠦ᠂ ᠡᠵᠡᠩᠨᠡᠬᠦ᠂ ᠬᠡᠷᠡᠭᠯᠡᠬᠦ ᠨᠢᠭᠡᠴᠡ | ᠪᠣᠯᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠠᠶᠤᠯ ᠦᠭᠡᠶ ᠶᠢᠨ ᠬᠢᠨᠠᠨ ᠪᠠᠶᠢᠴᠠᠭᠠᠯᠲᠠ | ᠬᠢᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠠ ᠵᠢᠯᠣᠭᠤᠳᠤᠨ᠎ᠠ᠃ ᠡᠨᠧᠷᠭᠢ ᠶᠡᠭᠡ ᠬᠤᠷᠣᠭᠳᠠᠭᠤᠯᠬᠤ ᠣᠨᠴᠠ | ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ᠂ ᠵᠤᠤᠬ᠎ᠠ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ | ᠪᠠᠶᠢᠴᠠᠭᠠᠨ᠎ᠠ᠃ ᠬᠢᠨᠠᠨ ᠵᠠᠬᠢᠷᠴᠤ ᠬᠢᠨᠠᠨ ᠪᠠᠶᠢᠴᠠᠭᠠᠬᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯᠲᠠᠨ᠂ ᠠᠵᠢᠯᠯᠠᠭᠴᠢ ᠶᠢ ᠬᠠᠮᠢᠶᠠᠷᠤᠨ᠎ᠠ᠃ ᠣᠨᠴᠠ ᠲᠥᠷᠥᠯ ᠤᠨ | ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ | ᠣᠷᠣᠯᠴᠠᠨ᠎ᠠ᠃ | ︵ᠠᠷᠪᠠ︶ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠵᠣᠬᠢᠴᠠᠭᠤᠯᠬᠤ ᠪᠠ ᠰᠤᠭᠤᠴᠢᠨ | ᠪᠠᠢᠴᠠᠭᠠᠵᠤ ᠬᠢᠨᠠᠨ ᠬᠡᠮᠵᠢᠬᠦ ᠲᠠᠰᠤᠭ᠃ ᠵᠢᠦ ᠶᠤᠸᠠᠨ ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠵᠥᠪᠯᠡᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠢᠳᠡᠭᠡᠨ᠂ ᠡᠮ ᠤᠨ | ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠰᠠᠯᠠᠭ᠎ᠠ ᠮᠥᠴᠢᠷ | ᠠᠯᠤᠰᠯᠠᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢᠨ ᠠᠵᠢᠯ ᠢ ᠡᠭᠦᠷᠭᠡᠯᠡᠨ᠎ᠡ᠃ | ︵ᠠᠷᠪᠠᠨ ᠨᠢᠭᠡ︶ ᠢᠳᠡᠭᠡᠨ ᠤ ᠠᠮᠤᠷ ᠲᠦ᠋ᠪᠰᠢᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠃ ᠢᠳᠡᠭᠡᠨ | ᠦᠢᠯᠡᠳᠪᠦᠷᠢᠯᠡᠵᠦ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ | ᠲᠠᠯᠪᠢᠵᠤ ᠵᠢᠯᠣᠭᠤᠳᠤᠨ᠎ᠠ᠃ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠢᠳᠡᠭᠡᠨ ᠤ ᠠᠶᠤᠯ ᠦᠭᠡᠶ ᠶᠢᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠢ | ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠢᠳᠡᠭᠡᠨ ᠤ ᠠᠶᠤᠯ ᠦᠭᠡᠶ ᠶᠢᠨ ᠨᠡᠬᠡᠮᠵᠢᠯᠡᠬᠦ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ︵ᠠᠷᠪᠠᠨ ᠬᠤᠶᠠᠷ︶ ᠪᠠᠷᠢᠮᠵᠢᠶ᠎ᠠ ᠪᠠ ᠬᠡᠮᠵᠢᠯᠲᠡ ᠶᠢᠨ ᠰᠲ᠋ᠣᠺ᠃ ᠪᠦᠬᠦ ᠣᠷᠣᠨ ᠤ ᠪᠠᠷᠢᠮᠵᠢᠶᠠᠵᠢᠭᠤᠯᠬᠤ | ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠵᠤ᠂ ᠪᠠᠷᠢᠮᠵᠢᠶᠠᠵᠢᠭᠤᠯᠬᠤ ᠲᠤᠷᠰᠢᠯᠲᠠ ᠶᠢᠨ ᠴᠢᠭ ᠤᠨ ᠵᠢᠱᠢᠶ᠎ᠡ | ᠦᠵᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠯᠬᠦᠮ ᠤᠨ ᠪᠠᠷᠢᠮᠵᠢᠶ᠎ᠠ᠂ ᠠᠵᠤ ᠠᠬᠤᠶᠢᠯᠠᠯ ᠤᠨ | ᠪᠠᠷᠢᠮᠵᠢᠶ᠎ᠠ ᠶᠢ ᠪᠢ ᠢᠯᠡ ᠪᠣᠯᠭᠠᠬᠤ ᠪᠠᠷ ᠢᠯᠡᠷᠬᠡᠶᠢᠯᠡᠭᠰᠡᠨ ᠬᠠᠮᠢᠶ᠎ᠠ ᠪᠦᠬᠦᠢ ᠠᠵᠢᠯ ᠢ ᠬᠢᠨᠠᠨ ᠬᠠᠮᠢᠶᠠᠷᠤᠨ᠎ᠠ᠃ ᠬᠠᠮᠢᠶ᠎ᠠ | ᠪᠦᠬᠦᠢ ᠪᠠᠷᠢᠮᠵᠢᠶ᠎ᠠ ᠶᠢ ᠬᠠᠤᠯᠢ ᠶᠣᠰᠣᠭᠠᠷ ᠲᠣᠭᠲᠠᠭᠠᠬᠤ ᠳᠤ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ ᠶᠢᠨ | ᠬᠠᠮᠲᠤ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ ᠲᠠᠸᠠᠷ ᠤᠨ ᠵᠢᠷᠤᠭᠠᠰᠤᠨ | ᠲᠡᠮᠳᠡᠭ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ | ︵ᠠᠷᠪᠠᠨ ᠭᠤᠷᠪᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠬᠢᠭᠡᠳ ᠵᠠᠷ | ᠮᠡᠳᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠰᠤᠭ᠃ ᠵᠠᠷ ᠮᠡᠳᠡᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠪᠠ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮ ᠤᠨ | ᠵᠦᠢᠯ᠂ ᠡᠷᠡᠭᠦᠯᠵᠢᠯ ᠤᠨ ᠢᠳᠡᠭᠡᠨ᠂ ᠡᠮᠴᠢᠯᠡᠭᠡᠨ ᠤ ᠪᠠᠭᠠᠵᠢ ᠬᠡᠷᠡᠭᠰᠡᠯ᠂ ᠠᠨᠠᠭᠠᠬᠤ ᠤᠬᠠᠭᠠᠨ ᠤ ᠣᠨᠴᠠ | ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠤ ᠵᠠᠷ ᠮᠡᠳᠡᠭᠡ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ᠪᠦᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ | ᠪᠣᠳᠣᠯᠭ᠎ᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠬᠠᠷᠢᠭᠤᠴᠠᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠣᠷᠣᠨ ᠢᠶᠠᠨ | ᠬᠦᠴᠦᠷᠬᠡᠭᠵᠢᠭᠦᠯᠬᠦ ᠪᠠᠶᠢᠭᠤᠯᠤᠯᠲᠠ ᠶᠢᠨ ᠠᠵᠢᠯ ᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠲᠤᠷᠰᠢᠯᠲᠠ ᠶᠢᠨ ᠴᠢᠭ ᠤᠨ ᠵᠢᠱᠢᠶ᠎ᠡ ᠦᠵᠡᠭᠦᠯᠬᠦ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡᠳᠦᠭᠡᠷ︶ ᠡᠮ ᠤᠨ ᠵᠦᠢᠯ ᠵᠠᠰᠠᠯ ᠴᠢᠮᠡᠭ ᠤᠨ ᠡᠳ ᠤᠨ ᠡᠮᠴᠢᠯᠡᠭᠡᠨ ᠤ ᠮᠠᠰᠢᠨ ᠪᠠᠭᠠᠵᠢ ᠳᠤ | ᠬᠢᠨᠠᠯᠲᠠ ᠲᠠᠯᠪᠢᠵᠤ ᠬᠠᠮᠢᠶᠠᠷᠬᠤ ᠲᠠᠰᠤᠭ᠃ ᠡᠮ ᠤᠨ ᠵᠦᠢᠯ᠂ ᠵᠠᠰᠠᠯ ᠴᠢᠮᠡᠭ ᠤᠨ ᠡᠳ ᠪᠣᠯᠤᠨ ᠡᠮᠴᠢᠯᠡᠭᠡᠨ ᠤ | ᠮᠠᠰᠢᠨ ᠪᠠᠭᠠᠵᠢ ᠡᠵᠡᠩᠨᠡᠬᠦ ᠬᠦᠷᠢᠶᠡᠨ ᠤ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠵᠠᠳᠠᠯᠤᠨ | ᠡᠵᠡᠮᠰᠢᠵᠦ᠂ ᠬᠠᠤᠯᠢ ᠶᠣᠰᠣᠨ ᠤ ᠪᠥᠭᠡᠳ ᠲᠣᠭᠲᠠᠭᠠᠯ ᠳᠤ ᠨᠡᠶᠢᠴᠡᠬᠦ ᠴᠢᠨᠠᠷ ᠤᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠶᠠᠪᠤᠭᠳᠠᠭᠤᠯᠤᠨ᠎ᠠ᠃ ᠡᠮ ᠤᠨ ᠵᠦᠢᠯ ᠢ ᠵᠢᠵᠢᠭᠯᠡᠨ ᠬᠤᠳᠠᠯᠳᠤᠬᠤ᠂ ᠡᠮᠴᠢᠯᠡᠭᠡᠨ ᠤ ᠮᠠᠰᠢᠨ ᠪᠠᠭᠠᠵᠢ | ᠪᠣᠯᠤᠨ ᠵᠠᠰᠠᠯ ᠴᠢᠮᠡᠭ ᠤᠨ ᠡᠳ ᠤᠨ ᠡᠵᠡᠩᠨᠡᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠡᠮ ᠤᠨ ᠵᠦᠢᠯ᠂ | ᠡᠮᠴᠢᠯᠡᠭᠡᠨ ᠤ ᠮᠠᠰᠢᠨ ᠪᠠᠭᠠᠵᠢ ᠬᠡᠷᠡᠭᠯᠡᠬᠦ ᠲᠠᠯ᠎ᠠ ᠶᠢᠨ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ | ︵ᠠᠷᠪᠠᠨ ᠲᠠᠪᠤ︶ ᠠᠵᠢᠯᠳᠠᠨ ᠤ ᠶᠠᠪᠤᠳᠠᠯ ᠤᠨ ᠲᠠᠰᠤᠭ ︵ᠬᠤᠪᠢ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠨᠠᠮ ᠤᠨ ᠪᠠᠶᠢᠭᠤᠯᠤᠯᠳᠠ ᠶᠢᠨ ᠠᠯᠪᠠᠨ ᠭᠡᠷ︶ ︽ᠵᠠ︾ ᠭᠡᠳ ᠪᠠᠶᠢᠭᠤᠯᠭ᠎ᠠ ᠶᠢᠨ ᠺᠠᠳ᠋ᠷ | ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠡᠩᠨᠡᠭᠡᠨ ᠤ ᠪᠠᠶᠢᠭᠤᠯᠤᠯᠲᠠ᠂ | ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠡᠭᠦᠷᠭᠡᠯᠡᠵᠦ᠂ ᠰᠢᠭᠤᠳ ᠬᠠᠷᠢᠶ᠎ᠠ ᠨᠢᠭᠡᠴᠢ ᠶᠢᠨ ᠬᠠᠮᠢᠶ᠎ᠠ ᠪᠦᠬᠦᠢ | ᠠᠵᠢᠯ ᠢ ᠵᠢᠯᠣᠭᠤᠳᠤᠨ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ ᠨᠠᠮ ᠪᠠ ᠣᠯᠠᠨ ᠲᠦᠮᠡᠨ᠂ ᠰᠠᠬᠢᠯᠭ᠎ᠠ | ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠢᠶᠠᠨ | ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠢᠯᠣᠭᠤᠳᠣᠯᠭ᠎ᠠ ᠳᠣᠤᠷ᠎ᠠ᠂ ᠬᠤᠪᠢ ᠶᠢᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠡᠭᠦᠷᠭᠡᠯᠡᠨ᠎ᠡ᠃ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠡᠪᠯᠡᠯ ᠤᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠳᠡᠭᠡᠳᠦ ᠱᠠᠲᠤᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ | ᠰᠢᠢᠳᠪᠦᠷᠢᠲᠦ ᠪᠤᠳᠤᠯᠭ᠎ᠠ ᠶᠢᠨ ᠵᠠᠬᠢᠷᠭ᠎ᠠ ᠬᠤᠪᠢ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ᠬᠠᠷᠢᠭᠤᠴᠠᠨ᠎ᠠ᠃ ᠬᠤᠪᠢ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ᠂ ᠰᠢᠮᠳᠠᠭᠤᠯᠬᠤ᠂ | ᠪᠠᠶᠢᠴᠠᠭᠠᠬᠤ ᠪᠠ ᠬᠢᠨᠠᠨ ᠰᠢᠯᠭᠠᠨ᠎ᠠ᠃ ᠵᠢᠦ ᠶᠤᠸᠠᠨ ᠲᠣᠭᠤᠷᠢᠭ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ | ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠬᠤᠯᠪᠣᠭᠠᠨ ᠤ ᠬᠠᠶ᠋ᠢᠭ᠄ ᠵᠢᠦ ᠶᠤᠸᠠᠨ ᠲᠣᠭᠤᠷᠢᠭ ᠲᠤ ᠰᠢᠨ ᠵᠢᠶᠧ ᠵᠡᠭᠡᠯᠢ ᠶᠢᠨ 3 ᠳ᠋ᠤᠭᠠᠷ ᠨᠣᠮᠧᠷ | ᠠᠵᠢᠯ ᠤᠨ ᠤᠲᠠᠰᠤ᠄ 0472 - 6938186 | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ | ᠬᠤᠶᠢᠨᠠᠬᠢ 14᠄ 30-17᠄ 30 | ᠬᠠᠷᠢᠭᠤᠴᠠᠯᠭᠠᠲᠠᠨ᠄ ᠼᠦᠢ ᠶᠦᠨ | | |