ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠪᠥᠬᠦ ᠣᠷᠣᠨ ᠤ ᠬᠢᠨᠠᠨ ᠪᠤᠳᠤᠬᠤ ᠠᠵᠢᠯ ᠢ ᠭᠤᠤᠯᠴᠢᠯᠠᠨ ᠬᠠᠮᠢᠶᠠᠷᠤᠨ᠎ᠠ᠃ ᠵᠢᠥ ᠶᠤᠸᠠᠨ | ᠲᠣᠭᠤᠷᠢᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠳᠤ | ᠲᠣᠭᠲᠠᠭᠠᠭᠰᠠᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠳᠤ ᠨᠡᠶᠢᠴᠡᠬᠦ ᠪᠠ | ᠦᠷ᠎ᠡ ᠠᠰᠢᠭ ᠲᠤ ᠬᠢᠨᠠᠨ ᠪᠤᠳᠤᠯᠳᠠ ᠬᠢᠵᠦ ᠬᠢᠨᠠᠯᠲᠠ ᠲᠠᠯᠪᠢᠬᠤ ᠶᠢ ᠬᠠᠷᠢᠭᠤᠴᠠᠵᠤ᠂ ᠤᠯᠠᠨ ᠨᠡᠶᠢᠲᠡ ᠶᠢᠨ ᠪᠡᠯᠡ | ᠮᠥᠩᠭᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠪᠣᠯᠤᠨ | ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ | ᠪᠤᠳᠤᠯᠳᠠ ᠶᠢ ᠨᠡᠶᠢᠳᠡᠮ ᠬᠡᠷᠡᠭᠵᠢᠭᠦᠯᠵᠦ᠂ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠳᠤ | ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠬᠢᠨᠠᠨ ᠪᠤᠳᠤᠯᠳᠠ ᠶᠢ ᠬᠡᠷᠡᠭᠵᠢᠭᠦᠯᠵᠦ᠂ ᠤᠯᠤᠰ᠂ ᠥᠪᠡᠷᠲᠡᠭᠡᠨ | ᠵᠠᠰᠠᠬᠤ ᠣᠷᠣᠨ᠂ ᠪᠤᠭᠤᠲᠤ ᠬᠤᠳᠠ ᠪᠣᠯᠤᠨ ᠵᠢᠥ ᠶᠤᠸᠠᠨ ᠲᠣᠭᠤᠷᠢᠭ ᠤᠨ ᠬᠤᠯᠪᠣᠭᠳᠠᠯ ᠪᠦᠬᠦᠢ ᠴᠢᠬᠤᠯᠠ ᠶᠡᠭᠡ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ | ᠮᠥᠷᠳᠡᠨ ᠬᠢᠨᠠᠨ ᠪᠤᠳᠤᠯᠳᠠ ᠬᠢᠨ᠎ᠠ᠃ ᠨᠡᠶᠢᠭᠡᠮ ᠤᠨ ᠬᠢᠨᠠᠨ ᠪᠣᠳᠣᠬᠤ ᠪᠠᠶᠢᠭᠤᠯᠤᠮᠵᠢ ᠶᠢᠨ ᠭᠠᠷᠭᠠᠭᠰᠠᠨ ᠬᠤᠯᠪᠣᠭᠳᠠᠯ | ᠪᠦᠬᠦᠢ ᠬᠢᠨᠠᠨ ᠪᠣᠳᠣᠭᠰᠠᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠡᠷᠬᠡ ᠲᠠᠢ᠃ | ︵ᠬᠤᠶᠠᠷ︶ ᠬᠢᠨᠠᠨ ᠪᠤᠳᠤᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠵᠦᠭᠯᠡᠭᠦᠷ ᠢ ᠲᠤᠭᠤᠷᠪᠢᠨ | ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠲᠤᠰᠬᠠᠶ ᠮᠡᠷᠭᠡᠵᠢᠯ ᠤᠨ ᠬᠦᠷᠢᠶᠡᠨ ᠳᠠᠬᠢ ᠬᠢᠨᠠᠨ | ᠪᠤᠳᠤᠬᠤ ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠠᠤᠯᠢ ᠶᠣᠰᠣᠭᠠᠷ ᠬᠢᠨᠠᠨ | ᠪᠤᠳᠤᠬᠤ ᠦᠨᠡᠯᠡᠯᠲᠡ ᠬᠢᠵᠦ᠂ ᠬᠢᠨᠠᠨ ᠪᠤᠳᠤᠬᠤ ᠲᠣᠭᠲᠠᠭᠠᠯ ᠭᠠᠷᠭᠠᠬᠤ ᠪᠤᠶᠤ ᠬᠢᠨᠠᠨ ᠪᠤᠳᠤᠬᠤ ᠰᠠᠨᠠᠭᠤᠯᠭ᠎ᠠ | ᠳᠤᠷᠠᠳᠤᠨ᠎ᠠ᠃ | ︵ᠭᠤᠷᠪᠠ︶ ᠲᠣᠭᠤᠷᠢᠭ ᠤᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠳᠤ ᠣᠨ ᠤ ᠵᠢᠦ ᠶᠤᠸᠠᠨ | ᠲᠣᠭᠤᠷᠢᠭ ᠤᠨ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠪᠠᠶᠢᠳᠠᠯ ᠢ ᠬᠢᠨᠠᠨ ᠪᠤᠳᠤᠭᠰᠠᠨ ᠮᠡᠳᠡᠭᠦᠯᠦᠯᠲᠡ ᠳᠤᠷᠠᠳᠤᠨ᠎ᠠ᠃ ᠲᠣᠭᠤᠷᠢᠭ ᠤᠨ ᠳᠠᠷᠤᠭ᠎ᠠ ᠳᠤ ᠣᠨ ᠤ ᠵᠢᠦ ᠶᠤᠸᠠᠨ | ᠲᠣᠭᠤᠷᠢᠭ ᠤᠨ ᠲᠥᠰᠦᠪ ᠢ ᠬᠡᠷᠡᠭᠵᠢᠭᠦᠯᠦᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠳᠤᠷᠠᠳᠪᠠ᠃ ᠲᠣᠭᠤᠷᠢᠭ ᠤᠨ ᠵᠠᠰᠠᠭ ᠤᠨ | ᠣᠷᠳᠣᠨ ᠤ ᠨᠠᠶᠢᠳᠠᠯᠭ᠎ᠠ ᠪᠠᠷ ᠵᠢᠥ ᠶᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠵᠢᠥ ᠶᠤᠸᠠᠨ ᠲᠣᠭᠤᠷᠢᠭ ᠤᠨ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠬᠢᠨᠠᠨ ᠪᠤᠳᠤᠯᠳᠠ ᠶᠢᠨ ᠠᠵᠢᠯ ᠤᠨ ᠮᠡᠳᠡᠭᠦᠯᠦᠯᠲᠡ᠂ ᠬᠢᠨᠠᠨ | ᠪᠤᠳᠤᠯᠳᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ | ᠮᠡᠳᠡᠭᠦᠯᠦᠯᠲᠡ ᠶᠢ ᠳᠤᠷᠠᠳᠪᠠ᠃ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ | ᠪᠤᠰᠤᠳ ᠵᠦᠢᠯᠡᠰ ᠲᠤ ᠬᠢᠨᠠᠨ ᠪᠣᠳᠣᠯᠲᠠ ᠬᠢᠭᠰᠡᠨ ᠪᠠ ᠲᠤᠰᠬᠠᠶ ᠵᠦᠢᠯ ᠢᠶᠠᠷ ᠬᠢᠨᠠᠨ ᠪᠣᠳᠣᠵᠤ ᠪᠠᠶᠢᠴᠠᠭᠠᠯᠲᠠ | ᠬᠢᠭᠰᠡᠨ ᠪᠠᠶᠢᠳᠠᠯ ᠵᠢᠴᠢ ᠦᠷ᠎ᠡ ᠳ᠋ᠦᠩ ᠢᠶᠠᠨ ᠮᠡᠳᠡᠭᠦᠯᠦᠨ᠎ᠡ᠃ ᠬᠢᠨᠠᠨ ᠪᠣᠳᠣᠭᠰᠠᠨ ᠦᠷ᠎ᠡ ᠲᠦᠩ ᠢ ᠨᠡᠢᠭᠡᠮ | ᠨᠡᠢᠲᠡ ᠳᠤ ᠬᠠᠤᠯᠢ ᠶᠣᠰᠣᠭᠠᠷ ᠨᠡᠢᠲᠡᠯᠡᠬᠦ ᠬᠡᠷᠡᠭᠲᠡᠢ᠃ ᠲᠣᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠤᠮᠤ ᠪᠠᠯᠭᠠᠰᠤ᠂ ᠵᠠᠮ ᠬᠠᠷᠢᠯᠴᠠᠭᠠᠨ ᠤ ᠬᠡᠷᠡᠭ ᠡᠷᠬᠢᠯᠡᠬᠦ | ᠭᠠᠵᠠᠷ ᠲᠤ ᠬᠢᠨᠠᠨ ᠪᠤᠳᠤᠭᠰᠠᠨ ᠪᠠᠶᠢᠳᠠᠯ ᠪᠠ ᠬᠢᠨᠠᠨ ᠪᠤᠳᠤᠭᠰᠠᠨ ᠦᠷ᠎ᠡ ᠳ᠋ᠦᠩ ᠢ ᠮᠡᠳᠡᠭᠳᠡᠨ᠎ᠡ᠃ | ︵ᠳᠥᠷᠪᠡ︶ ᠳᠣᠣᠷ᠎ᠠ ᠵᠢᠭᠰᠠᠭᠠᠭᠰᠠᠨ ᠵᠦᠢᠯᠡᠰ ᠢ ᠰᠢᠭᠤᠳ ᠬᠢᠨᠠᠨ ᠪᠤᠳᠤᠨ᠎ᠠ᠂ ᠬᠢᠨᠠᠨ ᠪᠤᠳᠤᠭᠰᠠᠨ | ᠮᠡᠳᠡᠭᠦᠯᠦᠯᠲᠡ ᠭᠠᠷᠭᠠᠵᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ | ᠪᠤᠳᠤᠭᠰᠠᠨ ᠲᠣᠭᠲᠠᠭᠠᠯ ᠭᠠᠷᠭᠠᠨ᠎ᠠ᠂ ᠡᠭᠦᠨ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠠ | ᠵᠢᠥ ᠶᠤᠸᠠᠨ ᠲᠣᠭᠤᠷᠢᠭ ᠤᠨ ᠬᠤᠯᠪᠣᠭᠳᠠᠯ ᠪᠦᠬᠦᠢ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠵᠢᠥ ᠶᠤᠸᠠᠨ ᠲᠣᠭᠤᠷᠢᠭ ᠤᠨ ᠲᠥᠰᠦᠪ ᠢ | ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠲᠤᠭᠤᠷᠢᠭ ᠤᠨ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠡ ᠪᠠᠭᠲᠠᠨ᠎ᠠ︶ | ᠲᠥᠰᠦᠪ ᠢ ᠬᠡᠷᠡᠭᠵᠢᠭᠦᠯᠦᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠤᠨ ᠲᠥᠰᠦᠯ ᠪᠠ ᠪᠤᠰᠤᠳ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ᠂ ᠲᠥᠰᠦᠪ ᠤᠨ ᠬᠦᠢᠴᠡᠳᠬᠡᠯ ᠤᠨ ᠲᠥᠰᠦᠯ ᠪᠠ ᠪᠤᠰᠤᠳ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ᠂ ᠲᠥᠪ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠠ ᠵᠢᠦ ᠶᠤᠸᠠᠨ | ᠲᠣᠭᠤᠷᠢᠭ ᠤᠨ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠᠯᠠ ᠮᠥᠩᠭᠦ᠂ ᠵᠢᠦ ᠶᠤᠸᠠᠨ ᠲᠣᠭᠤᠷᠢᠭ ᠤᠨ ᠡᠳ᠋ ᠤᠨ | ᠵᠠᠰᠠᠭ ᠤᠨ ᠪᠠᠯᠠ ᠮᠥᠩᠭᠦ ᠶᠢᠨ ᠨᠢᠭᠡᠴᠢ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ | ᠂ ᠤᠯᠤᠰ ᠤᠨ ᠪᠠᠯᠠ ᠣᠷᠣᠭᠤᠯᠤᠯᠲᠠ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠠ ᠵᠢᠦ | ᠶᠤᠸᠠᠨ ᠲᠣᠭᠤᠷᠢᠭ ᠤᠨ ᠪᠠᠯᠠ ᠣᠷᠣᠭᠤᠯᠤᠯᠲᠠ ᠪᠠᠷ ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠥᠢᠯ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠪᠠ ᠲᠥᠰᠦᠪ ᠤᠨ ᠭᠦᠢᠴᠡᠳᠬᠡᠯ᠂ ᠵᠢᠦ ᠶᠤᠸᠠᠨ ᠲᠣᠭᠤᠷᠢᠭ ᠤᠨ | ᠴᠢᠬᠤᠯᠠ ᠶᠡᠭᠡ ᠣᠯᠠᠨ ᠨᠡᠶᠢᠲᠡ ᠶᠢᠨ ᠢᠨᠵᠧᠨᠧᠷᠢᠩ ᠤᠨ ᠲᠥᠷᠥᠯ ᠵᠥᠢᠯ ᠤᠨ ᠪᠠᠯᠠ ᠮᠥᠩᠭᠦ ᠶᠢᠨ ᠬᠠᠮᠢᠶᠠᠷᠤᠯᠲᠠ | ᠬᠡᠷᠡᠭᠯᠡᠯᠲᠡ ᠪᠠ ᠪᠥᠲᠥᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ︔ ᠲᠣᠭᠤᠷᠢᠭ ᠤᠨ ᠬᠠᠷᠢᠶ᠎ᠠ ᠤᠯᠤᠰ ᠤᠨ | ᠥᠮᠴᠢᠯᠡᠯᠲᠦ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠣᠷᠣᠨ ᠤ ᠵᠠᠰᠠᠭ ᠤᠨ ᠣᠷᠳᠣᠨ ᠤ | ᠲᠣᠭᠲᠠᠭᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠥᠷᠢ | ᠪᠠ ᠠᠰᠢᠭ ᠣᠷᠣᠯᠭ᠎ᠠ᠂ ᠬᠤᠯᠪᠣᠭᠳᠠᠯ ᠪᠥᠬᠦᠶ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠨᠡᠶᠢᠭᠡᠮ ᠠᠴᠠ | ᠪᠠᠯᠠ ᠮᠥᠩᠭᠦ ᠪᠠ ᠪᠤᠰᠤᠳ ᠰᠠᠭᠤᠷᠢ ᠮᠥᠩᠭᠦ᠂ ᠪᠠᠯᠠ ᠮᠥᠩᠭᠦ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ︔ | ︵ᠲᠠᠪᠤ︶ ᠲᠣᠭᠲᠠᠭᠠᠯ ᠶᠣᠰᠣᠭᠠᠷ ᠰᠠᠯᠠᠭᠠᠨ ᠲᠠᠰ ᠤᠨ ᠨᠠᠮ ᠵᠠᠰᠠᠭ᠂ ᠠᠵᠤ ᠠᠬᠤᠶᠢᠯᠠᠯ ᠠᠵᠢᠯ ᠦᠢᠯᠡᠰ ᠤᠨ | ᠭᠤᠤᠯ ᠤᠳᠤᠷᠢᠳᠬᠤ ᠺᠠᠳ᠋ᠷ ᠵᠢᠴᠢ ᠪᠤᠰᠤᠳ ᠨᠢᠭᠡᠴᠡ ᠶᠢᠨ ᠭᠤᠤᠯ ᠬᠠᠷᠢᠭᠤᠴᠠᠯᠭᠠᠲᠠᠨ ᠳᠤ ᠠᠵᠤ ᠠᠬᠤᠶ ᠶᠢᠨ | ᠬᠠᠷᠢᠭᠤᠴᠠᠯᠭ᠎ᠠ ᠶᠢᠨ ᠬᠢᠨᠠᠨ ᠪᠣᠳᠣᠯᠲᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ | ᠲᠤᠰᠢᠶᠠᠯ ᠠᠴᠠ ᠪᠠᠨ ᠰᠠᠯᠬᠤ ᠳᠤ ᠬᠢᠨᠠᠨ ᠪᠤᠳᠤᠯᠲᠠ ᠬᠢᠨ᠎ᠠ᠃ | ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠳ᠋ ᠤᠨ ᠵᠠᠰᠠᠭ ᠠᠵᠤ | ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠ ᠬᠤᠷᠸ᠎ᠠ | ᠲᠣᠬᠢᠷᠠᠭᠤᠯᠤᠯ ᠡᠵᠡᠮᠳᠡᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ | ᠬᠠᠮᠢᠶᠠᠷᠤᠯᠲᠠ ᠵᠢᠴᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ | ᠤᠯᠤᠰ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠰᠠᠨ ᠵᠦᠢᠯᠡᠰ ᠲᠤ | ᠲᠤᠰᠬᠠᠶ ᠬᠢᠨᠠᠨ ᠪᠤᠳᠤᠬᠤ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠳᠤᠯᠤᠭ᠎ᠠ︶ ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ | ᠪᠠᠶᠢᠴᠠᠭᠠᠵᠤ᠂ ᠬᠢᠨᠠᠨ ᠪᠤᠳᠤᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠢ ᠰᠢᠮᠳᠠᠭᠤᠯᠤᠨ ᠴᠡᠭᠴᠡᠯᠡᠨ | ᠰᠠᠶᠢᠵᠢᠷᠠᠭᠤᠯᠵᠤ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠢ ᠵᠠᠰᠠᠭ | ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠪᠤᠶᠤ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠲᠠᠰᠤᠯᠤᠨ ᠲᠣᠭᠲᠠᠭᠠᠬᠤ ᠳᠤᠮᠳᠠᠬᠢ ᠬᠤᠯᠪᠣᠭᠳᠠᠯ ᠪᠦᠬᠦᠢ ᠵᠦᠢᠯᠡᠰ ᠢ ᠬᠠᠤᠯᠢ ᠶᠣᠰᠣᠭᠠᠷ | ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠬᠦᠨᠳᠦ ᠶᠡᠭᠡ | ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ | ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ | ᠬᠢᠨᠠᠨ ᠪᠤᠳᠤᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ | ᠬᠠᠷᠢᠶᠠᠯᠠᠭᠳᠠᠬᠤ ᠨᠢᠭᠡᠴᠡ ᠳᠤ ᠥᠭᠭᠦᠭᠰᠡᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ ᠬᠠᠤᠯᠢ ᠶᠣᠰᠣᠭᠠᠷ | ᠬᠠᠷᠭᠤᠭᠤᠯᠤᠨ ᠪᠠᠶᠢᠴᠠᠭᠠᠨ᠎ᠠ᠃ | ︵ᠶᠢᠰᠦ︶ ᠳᠡᠭᠡᠳᠦ ᠱᠠᠲᠤᠨ ᠤ ᠬᠢᠨᠠᠨ ᠪᠤᠳᠤᠬᠤ ᠰᠠᠯᠠᠭ᠎ᠠ ᠮᠥᠴᠢᠷ ᠪᠠ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ ᠬᠢᠨᠠᠨ ᠪᠤᠳᠤᠬᠤ ᠬᠦᠷᠢᠶᠡᠨ ᠳᠠᠬᠢ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠡᠳᠡᠭᠡ ᠵᠠᠩᠭᠢ ᠶᠢᠨ ᠮᠡᠷᠭᠡᠵᠢᠯ ᠤᠨ ᠪᠥᠬᠦ ᠣᠷᠣᠨ ᠤ | ᠬᠢᠨᠠᠨ ᠪᠤᠳᠤᠬᠤ ᠬᠦᠷᠢᠶᠡᠨ ᠳᠠᠬᠢ ᠬᠡᠷᠡᠭᠯᠡᠯᠲᠡ ᠶᠢ ᠵᠢᠯᠣᠭᠤᠳᠤᠨ ᠳᠡᠯᠭᠡᠷᠡᠭᠦᠯᠦᠨ᠎ᠡ᠃ | ︵ᠠᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠢᠨᠠᠨ ᠪᠤᠳᠤᠬᠤ ᠬᠠᠮᠢᠶᠠᠷᠤᠯᠲᠠ ᠶᠢᠨ | ᠪᠠᠶᠢᠭᠤᠯᠤᠯ ᠢ ᠤᠯᠠᠮ ᠨᠢᠭᠡ ᠠᠯᠬᠤᠮ ᠠᠬᠢᠭᠤᠯᠤᠨ ᠲᠡᠭᠦᠯᠳᠡᠷᠵᠢᠭᠦᠯᠵᠦ᠂ ᠬᠢᠨᠠᠨ ᠪᠤᠳᠤᠬᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠨᠢᠭᠡᠳᠦᠭᠡᠷ ᠹᠷᠣᠨᠲ ᠤᠨ ᠬᠢᠨᠠᠨ ᠪᠤᠳᠤᠬᠤ ᠬᠦᠴᠦᠨ ᠢ | ᠲᠡᠭᠦᠯᠳᠡᠷᠵᠢᠭᠦᠯᠵᠦ᠂ ᠲᠥᠪᠯᠡᠷᠡᠩᠭᠦᠶ ᠨᠢᠭᠡᠳᠦᠯᠲᠡᠶ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠪᠥᠭᠡᠳ | ᠥᠨᠳᠥᠷ ᠪᠦᠲᠦᠮᠵᠢᠲᠡᠶ ᠬᠢᠨᠠᠨ ᠪᠤᠳᠤᠵᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃ ᠬᠢᠨᠠᠨ ᠪᠤᠳᠤᠬᠤ | ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠢᠨᠠᠯᠲᠠ ᠲᠠᠯᠪᠢᠬᠤ ᠶᠢ | ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ | ᠰᠠᠶᠢᠵᠢᠷᠠᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ | ᠴᠢᠩᠭᠠᠳᠬᠠᠵᠤ᠂ ᠳᠣᠲᠣᠭᠠᠳᠤ ᠶᠢᠨ ᠬᠢᠨᠠᠨ ᠪᠤᠳᠤᠬᠤ ᠪᠠ ᠨᠡᠶᠢᠭᠡᠮ ᠤᠨ ᠬᠢᠨᠠᠨ ᠪᠤᠳᠤᠬᠤ ᠬᠦᠴᠦᠨ ᠢ ᠭᠦᠢᠴᠡᠳ | ᠳᠠᠶᠢᠴᠢᠯᠠᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃ | ᠬᠤᠶᠠᠷ᠂ ᠳᠣᠲᠣᠭᠠᠳᠤ ᠪᠠᠶᠢᠭᠤᠯᠤᠮᠵᠢ᠄ | ︵ᠨᠢᠭᠡ︶ ᠶᠡᠷᠦᠩᠬᠡᠶᠢᠯᠡᠭᠰᠡᠨ ᠰᠲ᠋ᠣᠺ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ | ᠵᠠᠬᠢᠳᠠᠯ ᠰᠤᠷᠪᠤᠯᠵᠢᠯᠠᠭ᠎ᠠ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ᠂ ᠭᠥᠯᠢᠶᠡᠨ ᠠᠪᠬᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ | ᠡᠭᠦᠷᠭᠡᠯᠡᠨ᠎ᠡ︔ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠳᠦᠷᠢᠮ ᠢ ᠲᠤᠭᠤᠷᠪᠢᠬᠤ ᠵᠢᠴᠢ | ᠪᠤᠰᠤᠳ ᠬᠠᠮᠢᠶ᠎ᠠ ᠪᠦᠬᠦᠢ ᠳᠦᠷᠢᠮ ᠲᠣᠭᠲᠠᠭᠠᠯ ᠢ ᠲᠤᠭᠤᠷᠪᠢᠬᠤ᠂ ᠡᠳ᠋ ᠤᠨ ᠶᠠᠪᠤᠳᠠᠯ᠂ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ | ︵ᠬᠤᠶᠠᠷ︶ ᠲᠤᠬᠠᠶᠢᠯᠠᠭᠰᠠᠨ ᠠᠵᠢᠯ ᠤᠨ ᠰᠲ᠋ᠣᠺ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ | ᠬᠤᠲᠠ ᠪᠣᠯᠤᠨ ᠵᠢᠦ ᠶᠤᠸᠠᠨ ᠲᠣᠭᠤᠷᠢᠭ ᠤᠨ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠨ ᠪᠣᠳᠣᠯᠲᠠ ᠬᠢᠪᠡ᠃ ᠵᠢᠥ | ᠶᠤᠸᠠᠨ ᠲᠣᠭᠤᠷᠢᠭ ᠤᠨ ᠲᠣᠰ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠤᠨ | ᠲᠥᠰᠦᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠤᠨ ᠲᠥᠰᠦᠪ ᠢ ᠭᠦᠢᠴᠡᠳᠬᠡᠭᠰᠡᠨ ᠪᠠᠶᠢᠳᠠᠯ᠂ ᠲᠥᠰᠦᠪ ᠤᠨ ᠭᠦᠢᠴᠡᠳᠬᠡᠯ ᠤᠨ ᠲᠥᠰᠦᠯ | ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠵᠣᠬᠢᠶᠠᠨ ᠪᠠᠶᠢᠭᠤᠯᠵᠤ᠂ ᠲᠥᠪ᠂ ᠥᠪᠡᠷᠲᠡᠭᠡᠨ ᠵᠠᠰᠠᠬᠤ | ᠣᠷᠣᠨ᠂ ᠪᠤᠭᠤᠲᠤ ᠬᠤᠲᠠ ᠪᠠ ᠵᠢᠥ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠰᠢᠯᠵᠢᠭᠦᠯᠦᠨ ᠥᠭᠬᠦ ᠪᠠᠯᠠ | ᠮᠥᠩᠭᠦ ᠳᠤ ᠬᠢᠨᠠᠨ ᠪᠣᠳᠣᠯᠲᠠ ᠬᠢᠪᠠ᠃ | ︵ᠭᠤᠷᠪᠠ︶ ᠰᠢᠭᠦᠬᠦ ᠲᠠᠰᠤᠭ᠃ ᠬᠢᠨᠠᠨ ᠪᠤᠳᠤᠬᠤ ᠲᠦᠷᠢᠮ ᠲᠣᠭᠲᠠᠭᠠᠯ ᠢ ᠲᠤᠭᠤᠷᠪᠢᠨ ᠪᠢᠴᠢᠬᠦ ᠠᠵᠢᠯ ᠢ | ᠡᠭᠦᠷᠭᠡᠯᠡᠵᠦ᠂ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ | ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠦᠨᠳᠦ ᠶᠡᠭᠡ | ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠥᠭᠴᠦ ᠵᠣᠬᠢᠴᠠᠭᠤᠯᠬᠤ ᠶᠢ ᠬᠠᠷᠢᠭᠤᠴᠠᠨ᠎ᠠ᠃ ᠵᠢᠥ ᠶᠤᠸᠠᠨ | ᠲᠣᠭᠤᠷᠢᠭ ᠤᠨ ᠬᠢᠨᠠᠨ ᠪᠤᠳᠤᠬᠤ ᠲᠦᠷᠦᠯ ᠵᠦᠢᠯ ᠤᠨ ᠬᠠᠮᠢᠶᠠᠷᠤᠯᠲᠠ ᠪᠠ ᠠᠳᠠᠯᠢᠳᠬᠠᠨ ᠰᠢᠯᠭᠠᠷᠠᠭᠤᠯᠬᠤ ᠵᠡᠷᠭᠡ | ᠲᠦᠷᠢᠮ ᠤᠨ ᠲᠣᠭᠲᠠᠭᠠᠯ ᠢ ᠰᠤᠳᠤᠯᠤᠨ ᠲᠣᠭᠲᠠᠭᠠᠵᠤ᠂ ᠵᠢᠥ ᠶᠤᠸᠠᠨ ᠲᠣᠭᠤᠷᠢᠭ ᠤᠨ ᠬᠢᠨᠠᠨ ᠪᠤᠳᠤᠬᠤ | ᠲᠣᠪᠴᠢᠶ᠎ᠠ ᠶᠢᠨ ᠭᠠᠷᠭᠠᠭᠰᠠᠨ ᠬᠢᠨᠠᠨ ᠪᠤᠳᠤᠬᠤ ᠪᠢᠴᠢᠭ ᠵᠡᠷᠭᠡ ᠶᠢ ᠰᠢᠭᠦᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠬᠢᠨᠠᠨ ᠪᠣᠳᠣᠬᠤ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠬᠢᠨᠠᠨ ᠪᠣᠳᠣᠬᠤ | ᠲᠤᠬᠠᠶᠢᠯᠠᠭᠰᠠᠨ ᠠᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠨ ᠪᠠᠶᠢᠴᠠᠭᠠᠵᠤ᠂ ᠬᠢᠨᠠᠨ ᠪᠣᠳᠣᠬᠤ ᠲᠣᠭᠲᠠᠭᠠᠯ ᠢ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ | ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠰᠢᠭᠦᠬᠦ ᠺᠣᠮᠢᠰ ᠤᠨ ᠡᠳᠦᠷ ᠲᠤᠲᠤᠮ ᠤᠨ ᠠᠵᠢᠯ ᠢ | ᠡᠭᠦᠷᠭᠡᠯᠡᠨ᠎ᠡ᠃ ᠪᠥᠬᠦ ᠣᠷᠣᠨ ᠤ ᠬᠢᠨᠠᠨ ᠪᠤᠳᠤᠬᠤ ᠲᠥᠷᠥᠯ ᠵᠦᠢᠯ ᠤᠨ ᠲᠤᠭ᠎ᠠ ᠪᠠᠷᠢᠮᠲᠠ ᠶᠢ ᠪᠦᠷᠢᠳᠬᠡᠬᠦ ᠪᠠ | ᠵᠠᠳᠠᠯᠬᠤ ᠠᠵᠢᠯ ᠢ ᠬᠠᠷᠢᠭᠤᠴᠠᠨ᠎ᠠ᠃ | ᠬᠠᠶ᠋ᠢᠭ᠄ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠰᠢᠷ᠎ᠠ ᠨᠣᠷ᠎ᠠ ᠵᠡᠭᠡᠯᠢ ᠭᠤᠳᠤᠮᠵᠢ ᠶᠢᠨ | ᠠᠭᠤᠳᠠᠮ ᠲᠠᠯᠠᠪᠠᠶ ᠵᠡᠭᠡᠯᠢ ᠶᠢᠨ ᠨᠠᠮ ᠵᠠᠰᠠᠭ ᠤᠨ ᠲᠣᠮᠣ ᠠᠰᠠᠷ ᠤᠨ ᠨᠠᠢᠮᠠᠳᠤᠭᠠᠷ ᠠᠰᠠᠷ | ᠠᠵᠢᠯ ᠤᠨ ᠤᠲᠠᠰᠤ᠄ 0472 - 6939193 | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ | ᠬᠤᠶᠢᠨᠠᠬᠢ 14᠄ 30-17᠄ 30 | ᠬᠠᠷᠢᠭᠤᠴᠠᠯᠭ᠎ᠠ ᠡᠭᠦᠷᠭᠡᠯᠡᠭᠴᠢ᠄ ᠯᠢᠦ ᠶᠠ ᠯᠢ | | | | |