ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠵᠢᠦ ᠶᠤᠸᠠᠨ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ᠂ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠣᠯᠤᠨ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠷᠸ᠎ᠠ ᠠᠵᠤ ᠠᠬᠤᠢ ᠶᠢᠨ ᠪᠠᠶᠢᠳᠠᠯ ᠢ | ᠵᠠᠳᠠᠯᠤᠨ ᠲᠦᠰᠦᠭᠡᠯᠡᠵᠦ᠂ ᠬᠤᠷᠸ᠎ᠠ ᠠᠵᠤ ᠠᠬᠤᠢ ᠶᠢᠨ ᠲᠥᠷᠥ ᠶᠢᠨ ᠪᠣᠳᠤᠯᠭ᠎ᠠ ᠶᠢ ᠲᠣᠭᠲᠠᠭᠠᠬᠤ ᠳᠤ ᠣᠷᠤᠯᠴᠠᠵᠤ᠂ | ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠤᠯᠭ᠎ᠠ ᠶᠢ ᠬᠡᠷᠡᠭᠯᠡᠨ ᠬᠤᠷᠸ᠎ᠠ ᠲᠣᠬᠢᠷᠠᠭᠤᠯᠤᠯ ᠡᠵᠡᠮᠳᠡᠯ ᠢ | ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠲᠡᠩᠴᠡᠭᠦᠷᠢᠲᠡᠢ ᠪᠠᠶᠢᠯᠭᠠᠬᠤ ᠰᠠᠨᠠᠭᠤᠯᠭ᠎ᠠ ᠶᠢ ᠳᠤᠷᠠᠳᠤᠨ | ᠭᠠᠷᠭᠠᠵᠠᠢ᠃ ᠵᠢᠦ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠬᠤᠪᠢᠶᠠᠷᠢᠯᠠᠬᠤ ᠲᠥᠷᠥ ᠶᠢᠨ | ᠪᠣᠳᠣᠯᠭ᠎ᠠ ᠪᠠ ᠠᠷᠭ᠎ᠠ ᠶᠢ ᠲᠤᠭᠤᠷᠪᠢᠨ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ | ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠵᠢᠦ ᠶᠤᠸᠠᠨ | ᠲᠣᠭᠤᠷᠢᠭ ᠤᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠢᠭᠤᠯᠤᠯ ᠤᠨ ᠥᠭᠡᠷᠡᠴᠢᠯᠡᠯᠲᠡ ᠶᠢ ᠲᠦᠯᠬᠢᠨ | ᠠᠬᠢᠭᠤᠯᠤᠨ᠎ᠠ᠃ | ︵ᠬᠤᠶᠠᠷ︶ ᠳᠡᠭᠡᠳᠦ ᠱᠠᠲᠤᠨ ᠠᠴᠠ ᠲᠣᠭᠲᠠᠭᠠᠭᠰᠠᠨ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ | ᠪᠣᠳᠣᠬᠤ ᠬᠠᠮᠢᠶᠠᠷᠤᠯᠲᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ | ᠬᠡᠷᠡᠭᠵᠢᠭᠦᠯᠦᠨ᠎ᠡ᠃ | ︵ᠭᠤᠷᠪᠠ )᠂ ᠵᠢᠥ ᠶᠤᠸᠠᠨ ᠲᠣᠭᠤᠷᠢᠭ ᠤᠨ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠬᠠᠮᠢᠶᠠᠷᠤᠯᠲᠠ ᠶᠢ ᠬᠠᠷᠢᠭᠤᠴᠠᠨ᠎ᠠ᠃ ᠣᠨ ᠤ ᠵᠢᠦ ᠶᠤᠸᠠᠨ ᠲᠣᠭᠤᠷᠢᠭ ᠤᠨ ᠲᠥᠰᠦᠪ ᠪᠠ ᠲᠥᠰᠦᠪ ᠤᠨ | ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠵᠢᠥ ᠶᠤᠸᠠᠨ ᠲᠣᠭᠤᠷᠢᠭ ᠤᠨ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠲᠣᠭᠲᠠᠭᠰᠠᠨ ᠨᠣᠷᠮ᠎ᠠ ᠶᠢ ᠵᠣᠬᠢᠶᠠᠨ | ᠪᠠᠶᠢᠭᠤᠯᠤᠨ ᠲᠣᠭᠲᠠᠭᠠᠵᠤ᠂ ᠬᠢᠨᠠᠨ ᠬᠠᠷᠭᠤᠭᠤᠯᠵᠤ ᠴᠣᠬᠤᠯᠠᠪᠤᠷᠢᠯᠠᠬᠤ ᠰᠠᠯᠠᠭ᠎ᠠ ᠮᠥᠴᠢᠷ ︵ᠨᠢᠭᠡᠴᠢ︶ ᠢ | ᠬᠠᠷᠢᠭᠤᠴᠠᠨ᠎ᠠ᠃︶ ᠣᠨ ᠤ ᠲᠥᠰᠥᠪ ᠪᠠ ᠲᠥᠰᠥᠪ ᠤᠨ ᠭᠦᠢᠴᠡᠳᠭᠡᠯ᠃ ᠪᠦᠬᠦ ᠣᠷᠣᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠵᠠᠷᠤᠳᠠᠯ ᠢ ᠪᠠᠲᠤᠯᠠᠨ᠎ᠠ᠃ ᠲᠣᠭᠤᠷᠢᠭ ᠤᠨ ᠵᠠᠰᠠᠭ ᠤᠨ ᠣᠷᠳᠣᠨ ᠤ | ᠨᠠᠶᠢᠳᠠᠯᠭ᠎ᠠ ᠪᠠᠷ ᠵᠢᠥ ᠶᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠳᠤ ᠵᠢᠥ ᠶᠤᠸᠠᠨ ᠲᠣᠭᠤᠷᠢᠭ ᠤᠨ ᠣᠨ ᠤ ᠡᠳ᠋ ᠤᠨ ᠵᠠᠰᠠᠭ ᠤᠨ ᠲᠥᠰᠦᠪ᠂ | ᠬᠡᠷᠡᠭᠵᠢᠭᠦᠯᠦᠯᠲᠡ ᠪᠠ ᠲᠥᠰᠦᠪ ᠤᠨ ᠭᠦᠢᠴᠡᠳᠬᠡᠯ ᠵᠡᠷᠭᠡ ᠪᠠᠶᠢᠳᠠᠯ ᠢ ᠮᠡᠳᠡᠭᠦᠯᠪᠡ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢᠨ ᠵᠢᠦ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠪᠡᠯᠡ ᠭᠠᠷᠭᠠᠭᠰᠠᠨ | ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠢᠦ ᠶᠤᠸᠠᠨ ᠲᠣᠭᠤᠷᠢᠭ ᠤᠨ ᠲᠥᠰᠦᠪ ᠪᠠ | ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ ᠵᠢᠦ ᠶᠤᠸᠠᠨ ᠲᠣᠭᠤᠷᠢᠭ ᠪᠣᠯᠤᠨ ᠰᠤᠮᠤ | ᠪᠠᠯᠭᠠᠰᠤᠨ ᠤ ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦᠩᠨᠡᠨ ᠪᠣᠳᠣᠬᠤ ᠶᠠᠪᠤᠳᠠᠯ ᠢ ᠭᠦᠢᠴᠡᠳᠭᠡᠨ᠎ᠡ᠃ ᠣᠷᠣᠨ | ᠨᠤᠲᠤᠭ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠰᠠᠨᠠᠯ ᠪᠠ ᠰᠠᠨᠠᠭᠤᠯᠭ᠎ᠠ ᠳᠤᠷᠠᠳᠤᠨ᠎ᠠ᠃ | ︵ᠲᠦᠷᠪᠡ︶ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ | ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠢᠦ ᠶᠤᠸᠠᠨ ᠲᠣᠭᠤᠷᠢᠭ ᠤᠨ ᠵᠠᠰᠠᠭ ᠤᠨ ᠣᠷᠳᠣᠨ ᠤ | ᠴᠢᠨᠠᠷᠲᠠᠶ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ | ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠨ᠎ᠠ᠃ ᠵᠠᠰᠠᠭ ᠤᠨ ᠣᠷᠳᠣᠨ ᠤ ᠴᠢᠨᠠᠷᠲᠠᠶ | ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ | ᠰᠦᠢᠳᠬᠡᠯ ᠬᠤᠷᠢᠶᠠᠬᠤ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠫᠢᠶᠣᠣ ᠪᠠᠷᠢᠮᠲᠠ ᠶᠢ | ᠬᠠᠮᠢᠶᠠᠷᠤᠨ᠎ᠠ᠃ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠷᠭ᠎ᠠ ᠶᠢ ᠲᠤᠭᠤᠷᠪᠢᠨ | ᠲᠣᠭᠲᠠᠭᠠᠵᠤ᠂ ᠲᠣᠭᠲᠠᠭᠠᠯ ᠶᠣᠰᠣᠭᠠᠷ ᠱᠠᠩᠨᠠᠯᠲᠤ ᠰᠤᠭᠤᠯᠤᠭ᠎ᠠ ᠶᠢᠨ ᠪᠡᠯᠡ ᠮᠥᠩᠭᠦ ᠶᠢ ᠬᠠᠮᠢᠶᠠᠷᠤᠨ᠎ᠠ᠃ | ︵ᠲᠠᠪᠤ︶ ᠵᠢᠦ ᠶᠤᠸᠠᠨ ᠲᠣᠭᠤᠷᠢᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ | ᠤᠯᠤᠰ ᠤᠨ ᠬᠥᠮᠥᠷᠭᠡ ᠶᠢ ᠲᠥᠪᠯᠡᠷᠡᠭᠦᠯᠦᠨ ᠬᠤᠷᠢᠶᠠᠬᠤ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠵᠢᠥ | ᠶᠤᠸᠠᠨ ᠲᠣᠭᠤᠷᠢᠭ ᠤᠨ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ | ᠲᠠᠯᠪᠢᠵᠤ᠂ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ | ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ | ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠠᠮᠢᠶᠠᠷᠤᠨ᠎ᠠ᠃ | ︵ᠵᠢᠷᠭᠤᠭ᠎ᠠ︶ ᠤᠯᠤᠰ ᠤᠨ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠥᠷᠢ ᠥᠭᠴᠡᠭᠡ ᠶᠢᠨ | ᠬᠠᠮᠢᠶᠠᠷᠤᠯᠲᠠ ᠶᠢᠨ ᠲᠤᠬᠠᠶ ᠳᠦᠷᠢᠮ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠵᠢᠦ | ᠶᠤᠸᠠᠨ ᠲᠣᠭᠤᠷᠢᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢᠨ ᠲᠦᠷᠢᠮ ᠪᠠ | ᠠᠷᠭ᠎ᠠ ᠶᠢ ᠬᠠᠤᠯᠢ ᠶᠣᠰᠣᠭᠠᠷ ᠲᠤᠭᠤᠷᠪᠢᠨ ᠲᠣᠭᠲᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ | ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷ ᠲᠤᠭ᠎ᠠ ᠪᠠᠷ ᠬᠠᠮᠢᠶᠠᠷᠬᠤ ᠶᠢ ᠬᠠᠷᠢᠭᠤᠴᠠᠨ᠎ᠠ᠃ | ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ ᠶᠢ | ᠬᠠᠷᠢᠭᠤᠴᠠᠨ᠎ᠠ᠃ | ︵ᠳᠤᠯᠤᠭ᠎ᠠ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ | ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠨ᠎ᠠ᠃ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠵᠦ᠂ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢ | ᠬᠢᠨᠠᠨ ᠬᠠᠮᠢᠶᠠᠷᠴᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠬᠠᠮᠢᠶᠠᠷᠤᠯᠲᠠ ᠶᠢᠨ ᠠᠵᠢᠯ ᠢ | ᠬᠠᠷᠢᠭᠤᠴᠠᠨ᠎ᠠ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠢᠦ ᠶᠤᠸᠠᠨ ᠲᠣᠭᠤᠷᠢᠭ ᠤᠨ | ᠵᠠᠰᠠᠭ ᠵᠠᠬᠢᠷᠭᠠᠨ ᠤ ᠠᠵᠢᠯ ᠦᠢᠯᠡᠰ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠲᠣᠭᠲᠠᠭᠠᠯ ᠶᠣᠰᠣᠭᠠᠷ | ᠬᠠᠮᠢᠶᠠᠷᠤᠨ᠎ᠠ᠃ | ︵ᠨᠠᠢᠮᠠ︶ ᠵᠢᠦ ᠶᠤᠸᠠᠨ ᠲᠣᠭᠤᠷᠢᠭ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ | ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ | ᠨᠠᠶᠢᠷᠠᠭᠤᠯᠬᠤ ᠶᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ | ᠳᠦᠷᠢᠮ ᠪᠣᠯᠤᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠬᠤ᠂ ᠥᠷᠲᠡᠭ ᠢ ᠨᠡᠮᠡᠭᠳᠡᠭᠦᠯᠬᠦ ᠪᠠᠶᠢᠳᠠᠯ ᠳᠤ ᠬᠢᠨᠠᠯᠲᠠ | ᠬᠠᠮᠢᠶᠠᠷᠤᠯᠲᠠ ᠬᠢᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠪᠣᠯᠤᠨ ᠳᠠᠬᠢᠨ ᠵᠣᠬᠢᠶᠠᠨ | ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠪᠡᠯᠡ ᠭᠠᠷᠭᠠᠭᠰᠠᠨ ᠤᠯᠤᠰ ᠤᠨ ᠥᠮᠴᠢᠯᠡᠯᠲᠦ ᠵᠢᠴᠢ ᠤᠯᠤᠰ ᠤᠨ | ᠥᠮᠴᠢᠯᠡᠯᠲᠦ ᠬᠤᠪᠢ ᠡᠵᠡᠮᠳᠡᠬᠦ᠂ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠥᠮᠴᠢᠯᠡᠬᠦ ᠡᠷᠬᠡ ᠶᠢ ᠬᠤᠪᠢᠷᠠᠭᠤᠯᠤᠨ ᠰᠢᠢᠳᠪᠦᠷᠢᠯᠡᠬᠦ ᠵᠡᠷᠭᠡ ᠳᠤ ᠬᠠᠤᠯᠢ ᠶᠣᠰᠣᠭᠠᠷ ᠬᠢᠨᠠᠯᠲᠠ | ᠲᠠᠯᠪᠢᠵᠤ ᠬᠠᠮᠢᠶᠠᠷᠬᠤ ᠬᠡᠷᠡᠭᠲᠡᠶ᠃ ᠵᠢᠦ ᠶᠤᠸᠠᠨ ᠲᠣᠭᠤᠷᠢᠭ ᠤᠨ ᠠᠵᠤ ᠠᠬᠤᠢᠯᠠᠯ ᠤᠨ ᠤᠯᠤᠰ ᠤᠨ ᠥᠮᠴᠢᠯᠡᠯ ᠤᠨ | ᠬᠥᠷᠥᠩᠭᠡ ᠶᠢᠨ ᠠᠰᠢᠭ ᠣᠷᠣᠯᠭ᠎ᠠ ᠶᠢ ᠬᠤᠷᠢᠶᠠᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠶᠢᠰᠦ︶ ᠵᠢᠥ ᠶᠤᠸᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ | ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ | ᠵᠣᠬᠢᠶᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠪᠡᠯᠡ | ᠮᠥᠩᠭᠦ ︵ᠰᠠᠭᠤᠷᠢ ᠮᠥᠩᠭᠦ ᠶᠢ ᠲᠤᠭᠤᠷᠪᠢᠨ ᠲᠣᠭᠲᠠᠭᠠᠨ᠎ᠠ᠃︶ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ | ᠲᠦᠷᠢᠮ ᠨᠢ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠠᠷᠪᠠ︶ ᠵᠢᠥ ᠶᠤᠸᠠᠨ ᠲᠣᠭᠤᠷᠢᠭ ᠤᠨ ᠡᠳ᠋ ᠤᠨ ᠵᠠᠰᠠᠭ ᠤᠨ ᠠᠵᠤ ᠠᠬᠤᠢ ᠶᠢᠨ ᠬᠥᠭᠵᠢᠯᠲᠡ ᠶᠢᠨ ᠵᠠᠷᠤᠯᠭ᠎ᠠ᠂ | ᠲᠥᠪ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠪᠣᠯᠤᠨ ᠵᠢᠥ ᠶᠤᠸᠠᠨ ᠲᠣᠭᠤᠷᠢᠭ ᠤᠨ ᠵᠠᠰᠠᠭ ᠤᠨ | ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠡᠳ᠋ ᠤᠨ ᠵᠠᠰᠠᠭ ᠠᠴᠠ ᠵᠣᠭᠤᠰ ᠰᠠᠯᠭᠠᠨ | ᠥᠭᠬᠦ ᠶᠢ ᠬᠠᠷᠢᠭᠤᠴᠠᠨ ᠭᠦᠢᠴᠡᠳᠬᠡᠵᠦ᠂ ᠵᠢᠥ ᠶᠤᠸᠠᠨ ᠲᠣᠭᠤᠷᠢᠭ ᠤᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ | ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠣᠭᠲᠠᠭᠠᠬᠤ ᠳᠤ ᠣᠷᠣᠯᠴᠠᠵᠤ᠂ | ᠦᠨᠳᠦᠰᠦᠨ ᠪᠦᠳᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠲᠦᠷᠢᠮ ᠢ ᠲᠣᠭᠲᠠᠭᠠᠨ᠎ᠠ᠃ | ︵ᠠᠷᠪᠠᠨ ᠨᠢᠭᠡ︶ ᠵᠢᠦ ᠶᠤᠸᠠᠨ ᠲᠣᠭᠤᠷᠢᠭ ᠤᠨ ᠨᠢᠭᠲᠠᠯᠠᠨ ᠪᠤᠳᠤᠬᠤ ᠠᠵᠢᠯ ᠢ ᠬᠠᠷᠢᠭᠤᠴᠠᠨ ᠬᠠᠮᠢᠶᠠᠷᠴᠤ᠂ | ᠨᠢᠭᠲᠠᠯᠠᠨ ᠪᠤᠳᠤᠬᠤ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠢᠷᠤᠮᠵᠢᠭᠤᠯᠤᠨ᠎ᠠ᠃ ᠣᠷᠣᠯᠠᠨ ᠭᠦᠢᠴᠡᠳᠬᠡᠬᠦ ᠠᠵᠢᠯ | ᠲᠥᠷᠥᠯ ᠤᠨ ᠬᠢᠨᠠᠯᠲᠠ ᠲᠠᠯᠪᠢᠬᠤ᠂ ᠪᠠᠶᠢᠴᠠᠭᠠᠬᠤ᠂ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠬᠠᠤᠯᠢ ᠲᠣᠭᠲᠠᠭᠠᠯ᠂ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠵᠤ᠂ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠬᠤᠶᠠᠷ ᠤᠨ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ ᠲᠥᠰᠦᠪ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠨ᠎ᠠ᠃ ᠳᠣᠲᠣᠭᠠᠳᠤ ᠶᠢᠨ ᠡᠵᠡᠮᠳᠡᠯ ᠢᠶᠠᠨ ᠬᠢᠨᠠᠨ ᠵᠢᠯᠣᠭᠤᠳᠬᠤ ᠪᠠ ᠵᠢᠷᠤᠮᠵᠢᠭᠤᠯᠵᠤ᠂ ᠡᠳ᠋ ᠤᠨ | ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ ᠳᠤᠷᠠᠳᠤᠨ᠎ᠠ᠃ | ︵ᠠᠷᠪᠠᠨ ᠭᠤᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠳᠥᠷᠪᠡᠳᠦᠭᠡᠷ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ | 1. ᠬᠤᠷᠸ᠎ᠠ ᠲᠣᠬᠢᠷᠠᠭᠤᠯᠤᠯ ᠡᠵᠡᠮᠳᠡᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠣᠬᠢᠷᠠᠭᠤᠯᠤᠯ ᠡᠵᠡᠮᠳᠡᠯ ᠤᠨ | ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠥᠭᠵᠢᠯᠲᠡ ᠶᠢᠨ ᠲᠥᠯᠥᠪᠵᠢᠭᠦᠯᠭᠡ᠂ ᠡᠳ᠋ ᠤᠨ ᠵᠠᠰᠠᠭ᠂ | ᠮᠥᠩᠭᠦᠨ ᠭᠦᠢᠯᠭᠡᠭᠡ ᠵᠡᠷᠭᠡ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠪᠠ ᠠᠵᠢᠯ ᠤᠨ ᠬᠠᠮᠵᠢᠯᠴᠠᠬᠤ | ᠲᠣᠭᠲᠠᠴᠠ ᠶᠢ ᠪᠠᠶᠢᠭᠤᠯᠵᠤ᠂ ᠠᠵᠤ ᠠᠬᠤᠢ ᠶᠢᠨ ᠬᠢᠨᠠᠨ ᠬᠡᠮᠵᠢᠯᠲᠡ ᠶᠢᠨ ᠲᠥᠰᠦᠭᠡᠯᠡᠵᠦ ᠤᠷᠢᠳᠴᠢᠯᠠᠨ | ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠳᠬᠠᠵᠤ᠂ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠲᠦᠷᠦ ᠶᠢᠨ | ᠪᠤᠳᠤᠯᠭ᠎ᠠ ᠶᠢᠨ ᠨᠥᠭᠡᠴᠡᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠷᠸ᠎ᠠ ᠲᠣᠬᠢᠷᠠᠭᠤᠯᠤᠯ | ᠡᠵᠡᠮᠳᠡᠯ ᠤᠨ ᠴᠢᠨᠠᠷ᠂ ᠬᠠᠨᠳᠤᠯᠭᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠨ᠎ᠠ᠃ | 2. ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠣᠳᠣ | ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠲᠦᠷᠭᠡᠳᠬᠡᠨ ᠪᠠᠶᠢᠭᠤᠯᠵᠤ᠂ ᠡᠳ᠋ ᠤᠨ ᠵᠠᠰᠠᠭ ᠤᠨ ᠶᠠᠪᠤᠳᠠᠯ ᠢ | ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠵᠤ᠂ | ᠣᠷᠣᠨ᠂ ᠪᠠᠯᠭᠠᠰᠤᠨ ᠤ ᠣᠷᠣᠯᠭ᠎ᠠ ᠶᠢ ᠬᠤᠪᠢᠶᠠᠷᠢᠯᠠᠬᠤ ᠶᠢ ᠰᠢᠯᠤᠭᠤᠳᠬᠠᠵᠤ᠂ ᠡᠷᠬᠡ ᠬᠠᠷᠢᠭᠤᠴᠠᠯᠭ᠎ᠠ ᠲᠣᠳᠣᠷᠬᠠᠢ᠂ | ᠡᠳ᠋ ᠤᠨ ᠬᠦᠴᠦᠨ ᠵᠣᠬᠢᠴᠠᠩᠭᠤᠢ᠂ ᠣᠷᠣᠨ ᠪᠦᠰᠡ ᠲᠡᠩᠴᠡᠭᠦᠷᠢᠲᠡᠢ ᠣᠷᠣᠨ᠂ ᠪᠠᠯᠭᠠᠰᠤᠨ ᠤ ᠡᠳ᠋ ᠤᠨ ᠵᠠᠰᠠᠭ ᠤᠨ | ᠬᠠᠷᠢᠴᠠᠭ᠎ᠠ ᠶᠢ ᠪᠠᠶᠢᠭᠤᠯᠤᠨ᠎ᠠ᠃ | 3. ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ | ᠠᠷᠢᠯᠭᠠᠨ᠎ᠠ᠃ ᠵᠢᠭᠡᠯᠡᠯᠭᠡ ᠠᠪᠴᠤ ᠪᠡᠯᠡ ᠲᠣᠬᠢᠷᠠᠭᠤᠯᠬᠤ ᠲᠣᠭᠲᠠᠴᠠ ᠶᠢ ᠵᠢᠷᠤᠮᠵᠢᠭᠤᠯᠵᠤ᠂ ︽ᠪᠢᠲᠡᠭᠦᠦ ᠴᠠᠭᠠᠷᠢᠭ︾ | ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠬᠠᠤᠯᠢ ᠪᠠᠷ ᠲᠣᠭᠲᠠᠭᠠᠭᠰᠠᠨ ᠬᠢᠵᠠᠭᠠᠷᠯᠠᠯ ᠤᠨ ᠳᠣᠲᠣᠷᠠᠬᠢ | ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠳᠠᠯᠳᠠ ᠥᠷᠢ ᠥᠭᠴᠡᠭᠡ ᠶᠢᠨ ᠠᠶᠤᠯ | ᠲᠦᠭᠰᠢᠭᠦᠷᠢ ᠶᠢ ᠬᠦᠴᠦᠯᠡᠨ ᠰᠡᠷᠭᠡᠶᠢᠯᠡᠨ ᠡᠵᠡᠮᠳᠡᠵᠦ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ | ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ | ︵ᠠᠷᠪᠠᠨ ᠲᠠᠪᠤ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | 1. ᠭᠠᠶᠢᠯᠢ ᠶᠢᠨ ᠪᠤᠰᠤ ᠣᠷᠣᠯᠭ᠎ᠠ ᠶᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠣᠷᠣᠨ ᠤ | ᠡᠳ᠋ ᠤᠨ ᠵᠠᠰᠠᠭ ᠤᠨ ᠲᠣᠪᠴᠢᠶ᠎ᠠ ᠨᠢ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠠᠴᠠ | ᠲᠥᠪᠯᠡᠷᠡᠭᠦᠯᠦᠨ ᠲᠤᠰᠢᠶᠠᠬᠤ ᠳᠦᠷᠢᠮ ᠢ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ | ᠭᠠᠶᠢᠯᠢ ᠶᠢᠨ ᠪᠤᠰᠤ ᠣᠷᠣᠯᠭ᠎ᠠ ᠶᠢᠨ ᠲᠠᠩᠰᠠᠨ ᠡᠷᠦᠬᠡ᠂ ᠲᠤᠰᠢᠶᠠᠬᠤ ᠠᠷᠭ᠎ᠠ ᠮᠠᠶ᠋ᠢᠭ᠂ ᠪᠤᠴᠠᠭᠠᠵᠤ ᠥᠭᠬᠦ ᠪᠠ | ᠬᠥᠮᠥᠷᠭᠡ ᠠᠴᠠ ᠪᠤᠴᠠᠭᠠᠬᠤ ᠵᠡᠷᠭᠡ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠭᠠᠶᠢᠯᠢ ᠶᠢᠨ ᠶᠠᠪᠤᠳᠠᠯ ᠤᠨ | ᠶᠡᠷᠦᠩᠬᠡᠶ ᠲᠣᠪᠴᠢᠶ᠎ᠠ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠵᠡᠷᠭᠡ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠠᠴᠠ ᠲᠥᠪᠯᠡᠷᠡᠭᠦᠯᠦᠨ | ᠲᠤᠰᠢᠶᠠᠬᠤ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠭᠠᠶᠢᠯᠢ ᠶᠢᠨ ᠪᠤᠰᠤ ᠣᠷᠣᠯᠭ᠎ᠠ ᠶᠢ ᠭᠤᠶᠤᠴᠢᠯᠠᠨ | ᠮᠡᠳᠡᠭᠦᠯᠬᠦ᠂ ᠨᠢᠭᠡᠳᠦᠯᠲᠡᠶ ᠬᠢᠨᠠᠨ ᠪᠤᠳᠤᠬᠤ᠂ ᠰᠦᠢᠳᠭᠡᠯ ᠲᠤᠰᠢᠶᠠᠬᠤ ᠶᠢ ᠪᠠᠶᠢᠴᠠᠭᠠᠬᠤ᠂ ᠥᠷᠢᠲᠦᠵᠦ ᠪᠠᠶᠢᠭ᠎ᠠ | ᠵᠠᠷᠤᠳᠠᠯ ᠢ ᠨᠡᠬᠡᠮᠵᠢᠯᠡᠨ ᠲᠤᠰᠢᠶᠠᠬᠤ ᠪᠠ ᠬᠠᠤᠯᠢ ᠶᠢ ᠵᠥᠷᠢᠴᠡᠨ ᠰᠢᠢᠳᠬᠡᠬᠦ ᠵᠡᠷᠭᠡ ᠠᠵᠢᠯ ᠢ ᠬᠠᠷᠢᠭᠤᠴᠠᠨ ᠰᠠᠶᠢᠲᠤᠷ | ᠬᠢᠨ᠎ᠠ᠃ | 2. ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠬᠥᠷᠥᠩᠭᠡ ᠶᠢ | ᠬᠢᠨᠠᠨ ᠬᠠᠮᠢᠶᠠᠷᠴᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ | ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ ᠤᠨ | ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠺᠣᠮᠫᠠᠨᠢ ᠶᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ | ᠡᠭᠦᠨ ᠤ ᠬᠠᠮᠲᠤ ᠥᠷᠢ ᠥᠭᠴᠡᠭᠡ ᠶᠢ ᠠᠷᠢᠯᠭᠠᠬᠤ ᠠᠵᠢᠯ ᠢ ᠬᠠᠷᠢᠭᠤᠴᠠᠨ ᠠᠬᠢᠭᠤᠯᠵᠤ᠂ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠨ᠎ᠡ᠃ | ᠬᠤᠶᠠᠷ᠂ ᠳᠤᠳᠤᠭᠠᠳᠤ ᠶᠢᠨ ᠪᠠᠶᠢᠭᠤᠯᠤᠮᠵᠢ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ | ᠰᠣᠨᠢᠨ ᠮᠡᠳᠡᠭᠡᠨ ᠤ ᠤᠬᠠᠭᠤᠯᠭ᠎ᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ | ᠲᠠᠩᠰᠠ ᠡᠪᠬᠡᠮᠡᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠣᠯᠤᠨ | ᠰᠢᠭᠤᠳ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ᠂ ᠵᠠᠰᠠᠭ ᠤᠨ ᠣᠷᠳᠣᠨ ᠬᠤᠳᠠᠯᠳᠤᠨ ᠠᠪᠬᠤ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠵᠢᠴᠢ ᠰᠢᠭᠤᠳ | ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ | ᠬᠥᠳᠡᠯᠮᠦᠷᠢ ᠴᠠᠯᠢᠩ᠂ ᠬᠥᠮᠦᠵᠢᠯ ᠪᠣᠯᠪᠠᠰᠤᠷᠠᠭᠤᠯᠤᠯ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ | ᠠᠵᠢᠯ ᠢ ᠡᠭᠦᠷᠭᠡᠯᠡᠨ᠎ᠡ᠃ | ︵ᠬᠤᠶᠠᠷ︶ ᠲᠥᠰᠥᠪ ᠤᠨ ᠰᠲ᠋ᠣᠺ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ᠂ ᠡᠳ᠋ ᠤᠨ ᠵᠠᠰᠠᠭ ᠤᠨ | ᠪᠠᠶᠢᠭᠤᠯᠤᠯ᠂ ᠲᠥᠰᠦᠪ ᠤᠨ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠤᠭᠤᠷᠪᠢᠨ ᠲᠣᠭᠲᠠᠭᠠᠵᠤ᠂ | ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠨ᠎ᠠ᠃ ᠵᠢᠦ ᠶᠤᠸᠠᠨ ᠲᠣᠭᠤᠷᠢᠭ ᠤᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠪᠠ | ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ | ︵ᠭᠤᠷᠪᠠ︶ ᠤᠯᠤᠰ ᠤᠨ ᠬᠥᠮᠥᠷᠭᠡ ᠶᠢᠨ ᠰᠲ᠋ᠣᠺ᠃ ᠡᠳ᠋ ᠤᠨ ᠵᠠᠰᠠᠭ ᠠᠵᠤ ᠠᠬᠤᠶ ᠶᠢᠨ ᠲᠥᠰᠦᠭᠡᠯᠡᠨ | ᠵᠠᠳᠠᠯᠤᠯᠲᠠ ᠶᠢ ᠡᠭᠦᠷᠭᠡᠯᠡᠵᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠥᠭᠡᠷᠡᠴᠢᠯᠡᠯᠲᠡ ᠬᠢᠭᠡᠳ ᠬᠠᠮᠢᠶᠠᠷᠤᠯᠲᠠ ᠶᠢᠨ | ᠠᠵᠢᠯ ᠢ ᠡᠭᠦᠷᠭᠡᠯᠡᠨ᠎ᠡ᠃ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠲᠣᠭᠲᠠᠭᠠᠨ᠎ᠠ᠃ | ᠲᠥᠰᠥᠪ ᠢ ᠬᠡᠷᠡᠭᠵᠢᠭᠦᠯᠬᠦ ᠬᠢᠨᠠᠨ ᠡᠵᠡᠮᠳᠡᠬᠦ ᠵᠢᠴᠢ ᠵᠠᠳᠠᠯᠤᠨ ᠲᠥᠰᠦᠭᠡᠯᠡᠬᠦ ᠶᠢ ᠵᠣᠬᠢᠶᠠᠨ ᠪᠠᠶᠢᠭᠤᠯᠬᠤ ᠬᠡᠷᠡᠭᠲᠡᠢ᠃ | ︵ᠳᠥᠷᠪᠡ᠂ ᠶᠡᠷᠦᠩᠬᠡᠢᠯᠡᠭᠰᠡᠨ ᠲᠠᠰᠤᠭ︶ ︽ᠵᠠ︾ ᠭᠡᠳ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠠᠯᠪᠠᠲᠠᠨ ᠤ ᠨᠡᠮᠡᠭᠦᠷᠢ ᠨᠥᠬᠦᠪᠥᠷᠢ ᠶᠢ ᠢᠯᠭᠠᠷᠠᠭᠤᠯᠤᠨ | ᠵᠢᠷᠤᠮᠵᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠠᠵᠢᠯ ᠦᠢᠯᠡᠰ ᠤᠨ ᠨᠢᠭᠡᠴᠡ ᠶᠢᠨ ᠲᠥᠷᠥᠯ | ᠬᠤᠪᠢᠶᠠᠬᠤ ᠥᠭᠡᠷᠡᠴᠢᠯᠡᠯᠲᠡ ᠶᠢᠨ ᠠᠵᠢᠯ ᠳᠤ ᠣᠷᠣᠯᠴᠠᠵᠤ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ | ᠠᠪᠬᠤ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠨ᠎ᠠ᠃ | ︵ᠲᠠᠪᠤ︶ ᠥᠭᠴᠡᠭᠡᠨ ᠤ ᠬᠠᠮᠢᠶᠠᠷᠤᠯᠲᠠ ᠶᠢᠨ ᠲᠠᠰᠤᠭ᠃ ᠵᠢᠦ ᠶᠤᠸᠠᠨ ᠲᠣᠭᠤᠷᠢᠭ ᠤᠨ ᠣᠷᠣᠨ ᠨᠤᠲᠤᠭ ᠤᠨ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃ ᠲᠥᠷᠥ ᠶᠢᠨ | ᠪᠣᠳᠣᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠤᠯᠪᠣᠭᠳᠠᠯ | ᠪᠥᠬᠦᠶ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ | ᠳᠠᠭᠠᠳᠬᠠᠯ ᠤᠨ ᠬᠠᠮᠢᠶ᠎ᠠ ᠪᠦᠬᠦᠢ ᠡᠳ᠋ ᠤᠨ ᠵᠠᠰᠠᠭ ᠡᠳ᠋ ᠤᠨ ᠶᠠᠪᠤᠳᠠᠯ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠵᠢᠷᠭᠤᠭ᠎ᠠ︶ ᠵᠠᠰᠠᠭ ᠵᠠᠬᠢᠷᠭᠠᠨ ᠤ ᠨᠡᠶᠢᠭᠡᠮ ᠤᠨ ᠪᠠᠲᠤᠯᠠᠪᠤᠷᠢ ᠶᠢᠨ ᠲᠠᠰᠤᠭ᠃ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ᠂ ᠡᠮᠴᠢᠯᠡᠭᠡᠨ ᠤ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ᠂ ᠬᠠᠤᠯᠢ | ᠴᠠᠭᠠᠵᠠ᠂ ᠰᠣᠶᠣᠯ ᠪᠡᠶ᠎ᠡ ᠶᠢᠨ ᠲᠠᠮᠢᠷ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠥᠬᠦᠶ | ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠬᠠᠮᠢᠶ᠎ᠠ ᠪᠥᠬᠦᠶ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ︵ᠳᠤᠯᠤᠭ᠎ᠠ︶ ᠠᠵᠤ ᠠᠬᠤᠢ ᠶᠢᠨ ᠪᠦᠲᠦᠭᠡᠨ ᠪᠠᠶᠢᠭᠤᠯᠣᠯᠲᠠ ᠶᠢᠨ ᠲᠠᠰᠤᠭ᠃ ᠰᠤᠷᠭᠠᠨ ᠬᠥᠮᠦᠵᠢᠯ᠂ | ᠬᠥᠭᠵᠢᠭᠦᠯᠦᠯᠲᠡ ᠥᠭᠡᠷᠡᠴᠢᠯᠡᠯᠲᠡ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠬᠤᠳᠠᠯᠳᠤᠭᠠᠨ ᠤ ᠶᠠᠪᠤᠳᠠᠯ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ | ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ | ︵ᠨᠠᠢᠮᠠ︶ ᠲᠠᠷᠢᠶᠠᠯᠠᠩ ᠤᠨ ᠡᠳ᠋ ᠤᠨ ᠵᠠᠰᠠᠭ ᠤᠨ ᠰᠲ᠋ᠣᠺ᠃ ᠮᠠᠯᠵᠢᠬᠤ ᠲᠠᠷᠢᠶᠠᠯᠠᠬᠤ ᠣᠷᠣᠨ᠂ ᠶᠠᠳᠠᠭᠤ ᠶᠢ | ᠲᠡᠳᠬᠦᠬᠦ᠂ ᠤᠰᠤᠨ ᠠᠰᠢᠭᠯᠠᠯᠲᠠ᠂ ᠣᠶ ᠰᠢᠭᠤᠶ ᠨᠤᠲᠤᠭ ᠪᠡᠯᠴᠢᠭᠡᠷ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ | ᠲᠥᠰᠦᠪ ᠪᠠ ᠬᠠᠮᠢᠶ᠎ᠠ ᠪᠥᠬᠦᠶ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠥᠬᠦᠶ ᠠᠵᠢᠯ ᠢ | ᠡᠭᠦᠷᠭᠡᠯᠡᠵᠦ᠂ ᠡᠳ᠋ ᠤᠨ ᠵᠠᠰᠠᠭ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ︵ᠶᠢᠰᠦ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠭᠡᠳ ᠬᠢᠨᠠᠯᠲᠠ ᠲᠠᠯᠪᠢᠯᠲᠠ ᠶᠢᠨ ᠲᠠᠰᠤᠭ︶ ︽ᠵᠠ︾ | ᠭᠡᠳ ᠡᠳ᠋ ᠤᠨ ᠵᠠᠰᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠠᠤᠯᠢ | ᠴᠠᠭᠠᠵᠠ ᠶᠢᠨ ᠪᠢᠴᠢᠭ ᠬᠠᠷ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠪᠠ ᠭᠤᠤᠯᠴᠢ | ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠡᠳ᠋ ᠤᠨ ᠵᠠᠰᠠᠭ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ | ᠰᠢᠳᠬᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠ ᠵᠠᠰᠠᠭ | ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠦᠷᠢᠮ᠂ ᠬᠠᠮᠢᠶᠠᠷᠤᠯᠲᠠ ᠶᠢᠨ ᠠᠷᠭ᠎ᠠ ᠶᠢ | ᠰᠤᠳᠤᠯᠤᠨ ᠲᠣᠭᠲᠠᠭᠠᠨ᠎ᠠ᠃ | ᠴᠢᠮᠡᠭᠡ ᠬᠤᠯᠪᠣᠭᠠᠨ ᠤ ᠬᠠᠶ᠋ᠢᠭ᠄ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠰᠢᠷ᠎ᠠ ᠨᠣᠷ᠎ᠠ | ᠵᠡᠭᠡᠯᠢ ᠶᠢᠨ 37 ᠳ᠋ᠤᠭᠠᠷ ᠡᠳ᠋ ᠤᠨ ᠵᠠᠰᠠᠭ ᠤᠨ ᠭᠠᠶᠢᠯᠢ ᠶᠢᠨ ᠲᠣᠮᠣ ᠠᠰᠠᠷ | ᠠᠵᠢᠯ ᠤᠨ ᠤᠲᠠᠰᠤ᠄ 0472 - 7165645 | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30-12᠄ 00᠂ ᠦᠳᠡ ᠶᠢᠨ | ᠬᠤᠶᠢᠨᠠᠬᠢ 14᠄ 30-17᠄ 30 | ᠬᠠᠷᠢᠭᠤᠴᠠᠯᠭ᠎ᠠ ᠡᠭᠦᠷᠭᠡᠯᠡᠭᠴᠢ : ᠵᠠᠩ ᠶᠦᠨ ᠱᠧᠩ | | | | | | |