ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠶᠢᠳᠠᠪᠤᠷᠢᠵᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ | ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠤᠨ ᠳᠤᠮᠳᠠ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ | ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠬᠠᠤᠯᠢ ᠲᠣᠭᠲᠠᠭᠠᠯ ᠲᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠬᠡᠷᠡᠭᠵᠢᠭᠦᠯᠦᠨ᠎ᠡ︔ ᠵᠢᠦ ᠶᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ | ᠬᠥᠭᠵᠢᠯᠲᠡ ᠶᠢᠨ ᠲᠦᠷᠦ ᠶᠢᠨ ᠪᠤᠳᠤᠯᠭ᠎ᠠ᠂ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢᠨ ᠲᠥᠰᠦᠯ ᠢ | ᠵᠣᠬᠢᠶᠠᠨ ᠪᠠᠶᠢᠭᠤᠯᠤᠨ ᠲᠣᠭᠲᠠᠭᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ᠂ | ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ | ᠱᠠᠲᠤ ᠲᠡᠶᠢᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠭᠤᠷᠪᠠ︶ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ᠂ ᠡᠮᠨᠡᠯᠭᠡ ᠶᠢᠨ ᠶᠠᠪᠤᠳᠠᠯ ᠤᠨ ᠬᠠᠮᠢᠶᠠᠷᠤᠯᠲᠠ᠂ ᠡᠷᠡᠭᠦᠯ ᠬᠠᠮᠠᠭᠠᠯᠠᠯ ᠤᠨ ᠬᠢᠨᠠᠯᠲᠠ᠂ | ᠡᠷᠡᠭᠦᠯ ᠮᠡᠨᠳᠦ ᠶᠢᠨ ᠬᠠᠮᠢᠶᠠᠷᠤᠯᠲᠠ᠂ ᠡᠮᠴᠢᠯᠡᠭᠡ ᠡᠷᠡᠭᠦᠯᠵᠢᠯ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠳᠤ ᠲᠤᠤᠱᠯᠠᠭᠤᠯᠤᠨ᠎ᠠ᠃︶ ᠬᠠᠮᠢᠶᠠᠷᠤᠯᠲᠠ᠂ ᠬᠥᠮᠦᠨ ᠠᠮᠠ ᠶᠢᠨ ᠭᠡᠷ ᠪᠦᠯᠢ ᠶᠢᠨ ᠠᠵᠢᠯ ᠢ ᠬᠥᠭᠵᠢᠭᠦᠯᠵᠦ᠂ | ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ᠂ ᠬᠢᠵᠢᠭ ᠤᠨ | ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ᠂ ᠡᠷᠡᠭᠦᠯ ᠬᠠᠮᠠᠭᠠᠯᠠᠯ ᠬᠢᠭᠡᠳ ᠦᠯᠦ ᠬᠠᠯᠳᠠᠭᠠᠬᠤ ᠲᠥᠯᠥᠪᠵᠢᠭᠦᠯᠭᠡ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠣᠯᠤᠨ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠤᠨ | ᠬᠢᠨᠠᠯᠲᠠ ᠲᠠᠯᠪᠢᠯᠲᠠ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠡᠯ᠎ᠡ ᠲᠠᠯ᠎ᠠ ᠶᠢᠨ ᠡᠭᠦᠷᠭᠡ | ᠬᠠᠷᠢᠭᠤᠴᠠᠯᠭ᠎ᠠ᠃ | ︵ᠲᠦᠷᠪᠡ︶ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ | ᠲᠦᠪᠰᠢᠨ ᠤ ᠰᠠᠶᠢᠨ ᠨᠥᠬᠦᠴᠡᠯᠳᠦᠯ︾ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠦᠨ᠎ᠡ᠃ | ︵ᠲᠠᠪᠤ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ | ᠠᠬᠢᠭᠤᠯᠤᠨ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠡᠶᠡᠴᠢ ᠴᠣᠭᠴᠠ ᠶᠢᠨ | ᠣᠯᠠᠨ ᠡᠰᠢᠵᠢᠯᠲᠡ᠂ ᠬᠠᠩᠭᠠᠬᠤ ᠠᠷᠭ᠎ᠠ ᠮᠠᠶ᠋ᠢᠭ ᠢ ᠣᠯᠠᠨ ᠶᠠᠩᠵᠤ ᠶᠢᠨ ᠪᠣᠯᠭᠠᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ | ᠦᠢᠯᠡᠴᠢᠯᠡᠭᠡ ᠪᠠ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠤᠨ᠎ᠠ᠃ | ︵ᠵᠢᠷᠭᠤᠭ᠎ᠠ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ ᠵᠢᠴᠢ ᠠᠷᠠᠳ ᠤᠨ ᠡᠷᠡᠭᠦᠯ | ᠮᠡᠨᠳᠦ ᠶᠢ ᠬᠦᠨᠳᠦ ᠨᠣᠴᠢᠲᠠᠶ ᠬᠤᠬᠢᠷᠠᠭᠤᠯᠬᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠢ | ᠬᠠᠮᠢᠶᠠᠷᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠵᠤ᠂ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢ ᠬᠡᠷᠡᠭᠵᠢᠭᠦᠯᠦᠨ᠂ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠡᠯ᠎ᠡ ᠲᠥᠷᠥᠯ ᠤᠨ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ | ︵ᠳᠤᠯᠤᠭ᠎ᠠ︶ ᠬᠥᠮᠦᠨ ᠠᠮᠠ ᠶᠢᠨ ᠨᠠᠰᠤᠵᠢᠯ ᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠡᠮᠴᠢᠯᠡᠭᠡ | ᠰᠤᠪᠢᠯᠠᠯᠲᠠ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃ | ︵ᠨᠠᠢᠮᠠ︶ ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠣᠯᠤᠨ ᠦᠨᠳᠦᠰᠦᠨ ᠡᠮ ᠤᠨ | ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ | ᠬᠢᠨᠠᠨ ᠰᠢᠨᠵᠢᠯᠡᠵᠦ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ᠂ ᠥᠪᠡᠷᠲᠡᠭᠡᠨ ᠵᠠᠰᠠᠬᠤ | ᠣᠷᠣᠨ ᠤ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠬᠠᠤᠯᠢ ᠶᠣᠰᠣᠭᠠᠷ | ᠨᠠᠶᠢᠳᠠᠪᠤᠷᠢᠵᠢᠭᠤᠯᠤᠨ᠎ᠠ᠃ | ︵ᠶᠢᠰᠦ︶ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ | ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ | ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ | ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠦᠨ᠎ᠡ᠃ ︽ᠲᠠᠮᠠᠬᠢ ᠶᠢ ᠬᠢᠵᠠᠭᠠᠷᠯᠠᠬᠤ | ᠪᠦᠳᠦᠭᠦᠪᠴᠢ ᠨᠡᠶᠢᠲᠡ ᠶᠢᠨ ᠭᠡᠷ᠎ᠡ︾ ᠶᠢ ᠭᠦᠢᠴᠡᠳᠬᠡᠬᠦ ᠠᠵᠢᠯ ᠢ ᠲᠦᠷᠦᠭᠦᠯᠡᠨ ᠬᠢᠪᠡ᠃ | ︵ᠠᠷᠪᠠ︶ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠤᠨ | ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠶᠢ ᠦᠨᠡᠯᠡᠬᠦ ᠪᠠ ᠬᠢᠨᠠᠯᠲᠠ ᠲᠠᠯᠪᠢᠨ ᠬᠠᠮᠢᠶᠠᠷᠬᠤ ᠰᠢᠰᠲ᠋ᠧᠮᠵᠢ ᠶᠢ | ᠪᠠᠶᠢᠭᠤᠯᠤᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ | ᠬᠡᠮ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠡᠮᠴᠢᠯᠡᠭᠡ ᠶᠢᠨ ᠦᠢᠯᠡᠴᠢᠯᠡᠭᠡᠨ ᠤ ᠵᠢᠷᠤᠮᠵᠢᠯ᠂ | ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ | ᠲᠦᠷᠢᠮ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠠᠵᠢᠯ ᠢ | ᠬᠠᠷᠢᠭᠤᠴᠠᠵᠤ᠂ ᠬᠥᠮᠦᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠥᠷᠨᠢᠭᠦᠯᠦᠨ᠂ ᠬᠥᠮᠦᠨ ᠠᠮᠠ | ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠴᠤ᠂ ᠣᠷᠣᠨ ᠨᠤᠲᠤᠭ ᠤᠨ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ | ︵ᠠᠷᠪᠠᠨ ᠬᠤᠶᠠᠷ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ | ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ | ᠵᠢᠯᠣᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ | ᠬᠥᠭᠵᠢᠬᠦ ᠶᠢ ᠠᠬᠢᠭᠤᠯᠤᠨ᠎ᠠ᠃ | ︵ᠠᠷᠪᠠᠨ ᠭᠤᠷᠪᠠ︶ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ | ᠭᠦᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠶᠤᠯ ᠵᠢᠴᠢ ᠬᠠᠮᠢᠶ᠎ᠠ ᠪᠦᠭᠦᠢ ᠠᠵᠦ ᠦᠢᠯᠡᠰ ᠤᠨ | ᠦᠬᠡᠷᠡᠴᠢᠯᠡᠯᠳᠡ ᠭᠦᠭᠵᠢᠯᠳᠡ ᠬᠢᠬᠡᠳ ᠭᠠᠳᠠᠭᠠᠳᠤ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠶᠢ ᠪᠠᠳᠤᠯᠠᠬᠤ ᠪᠠ | ᠠᠬᠢᠭᠤᠯᠵᠦ᠂ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠤᠯᠠᠮᠵᠢᠯᠠᠨ ᠵᠠᠯᠭᠠᠮᠵᠢᠯᠠᠵᠦ ᠰᠢᠨ᠎ᠠ ᠶᠢ ᠡᠭᠦᠳᠭᠦ | ᠪᠠ ᠭᠦᠭᠵᠢᠨ ᠭᠦᠭᠵᠢᠬᠦ ᠶᠢ ᠠᠬᠢᠭᠤᠯᠤᠨ᠎ᠠ᠃ | ︵ᠠᠷᠪᠠᠨ ᠳᠥᠷᠪᠡᠳᠦᠭᠡᠷ︶ ᠵᠢᠦ ᠶᠤᠸᠠᠨ ᠲᠣᠭᠤᠷᠢᠭ ᠤᠨ ᠡᠷᠡᠭᠦᠯᠵᠢᠯ ᠤᠨ ᠡᠲᠡᠭᠡᠳ ᠤᠨ ᠡᠮ ᠡᠮᠨᠡᠯᠭᠡ | ᠡᠷᠡᠭᠦᠯᠵᠢᠯ ᠤᠨ ᠠᠵᠢᠯ ᠢ ᠬᠠᠷᠢᠭᠤᠴᠠᠵᠤ᠂ ᠴᠢᠬᠤᠯᠠ ᠬᠤᠷᠠᠯ ᠬᠢᠭᠡᠳ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠵᠢᠦ ᠶᠤᠸᠠᠨ ᠲᠣᠭᠤᠷᠢᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ | ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠳᠣᠯᠤᠭ᠎ᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠲᠤᠭᠤᠷᠢᠭ ᠤᠨ ᠡᠷᠡᠭᠦᠯ ᠮᠡᠨᠳᠦ ᠶᠢᠨ | ᠵᠥᠪᠯᠡᠯ ᠨᠢ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ | ᠡᠷᠡᠭᠦᠯ ᠮᠡᠨᠳᠦ ᠶᠢᠨ ᠵᠢᠦ ᠶᠤᠸᠠᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ | ᠬᠡᠪ ᠵᠠᠭᠪᠤᠷ ᠢ ᠬᠤᠪᠢᠷᠠᠭᠤᠯᠬᠤ᠂ ᠦᠨᠳᠦᠰᠦᠨ ᠱᠠᠲᠤ ᠶᠢ ᠴᠢᠩᠭᠠᠳᠬᠠᠬᠤ᠂ ᠪᠠᠲᠤᠯᠠᠭ᠎ᠠ ᠶᠢ ᠴᠢᠬᠤᠯᠠᠴᠢᠯᠠᠬᠤ ᠪᠠᠷ | ᠬᠦᠴᠦᠯᠡᠬᠦ ᠴᠡᠭ ᠪᠣᠯᠭᠠᠵᠤ᠂ ᠡᠪᠡᠳᠴᠢᠨ ᠵᠠᠰᠠᠬᠤ ᠪᠠᠷ ᠭᠤᠤᠯ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠦ ᠪᠠᠷ | ᠭᠤᠤᠯ ᠪᠣᠯᠭᠠᠬᠤ ᠪᠣᠯᠭᠠᠨ ᠬᠤᠪᠢᠷᠠᠭᠤᠯᠵᠤ᠂ ᠠᠷᠠᠳ ᠣᠯᠠᠨ ᠳᠤ ᠪᠥᠬᠦ ᠲᠠᠯ᠎ᠠ ᠶᠢᠨ ᠪᠥᠬᠦ ᠦᠶᠡᠯᠡᠯ ᠤᠨ | ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠲᠡᠶ᠃ | ᠬᠤᠶᠠᠷ᠂ ᠳᠤᠳᠤᠭᠠᠳᠤ ᠶᠢᠨ ᠪᠠᠶᠢᠭᠤᠯᠤᠮᠵᠢ | ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ︾ ᠡᠭᠦᠷᠭᠡ | ᠬᠠᠷᠢᠭᠤᠴᠠᠯᠭ᠎ᠠ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ | ᠬᠤᠷᠠᠯ ᠤᠨ ᠶᠠᠪᠤᠳᠠᠯ ᠤᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠶᠡᠷᠦᠩᠬᠡᠶᠢᠯᠡᠨ ᠵᠠᠰᠠᠵᠤ ᠲᠣᠭᠲᠠᠭᠤᠨ | ᠪᠠᠶᠢᠳᠠᠯ ᠢ ᠬᠠᠮᠠᠭᠠᠯᠠᠬᠤ᠂ ᠠᠶᠤᠯᠭᠦᠶ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ᠂ ᠲᠠᠩᠰᠠ ᠡᠪᠬᠡᠮᠡᠯ ᠤᠨ | ᠬᠠᠮᠢᠶᠠᠷᠤᠯᠲᠠ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠰᠢᠯᠭᠠᠨ ᠬᠢᠨᠠᠬᠤ ᠵᠡᠷᠭᠡ ᠠᠵᠢᠯ ᠢ ᠡᠭᠦᠷᠭᠡᠯᠡᠵᠦ᠂ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠬᠦ ᠶᠢ ᠬᠠᠷᠢᠭᠤᠴᠠᠨ | ᠵᠣᠬᠢᠴᠠᠭᠤᠯᠤᠨ᠎ᠠ᠃ | ︵ᠬᠤᠶᠠᠷ︶ ᠠᠵᠢᠯᠲᠠᠨ ᠤ ᠶᠠᠪᠤᠳᠠᠯ ᠬᠢᠭᠡᠳ ᠡᠳ᠋ ᠤᠨ ᠶᠠᠪᠤᠳᠠᠯ ᠤᠨ ᠲᠠᠰᠤᠭ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠴᠢᠳᠠᠪᠤᠷᠢᠲᠠᠨ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠪᠠᠶᠢᠭᠤᠯᠭ᠎ᠠ | ᠪᠠ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ | ᠬᠥᠳᠡᠯᠮᠦᠷᠢ ᠴᠠᠯᠢᠩ᠂ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠶᠢ ᠬᠠᠷᠢᠭᠤᠴᠠᠨ᠎ᠠ᠃ | ︵ᠭᠤᠷᠪᠠ ) ᠡᠮᠨᠡᠯᠭᠡ ᠶᠢᠨ ᠶᠠᠪᠤᠳᠠᠯ ᠬᠢᠭᠡᠳ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠲᠠᠰᠤᠭ ︵ | ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ︶︶ ︽ᠵᠠ︾ ᠭᠡᠳ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠳᠠᠲᠠᠶ ᠠᠵᠢᠯ ᠢ ᠡᠭᠦᠷᠭᠡᠯᠡᠵᠦ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ | ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ | ᠠᠬᠢᠭᠤᠯᠤᠨ᠎ᠠ᠃ | ︵ᠲᠦᠷᠪᠡ︶ ᠣᠯᠠᠨ ᠨᠡᠢᠲᠡ ᠶᠢᠨ ᠡᠷᠡᠭᠦᠯ ᠬᠠᠮᠠᠭᠠᠯᠠᠯ ᠬᠢᠭᠡᠳ ᠭᠡᠷ ᠪᠥᠯᠢ ᠶᠢᠨ ᠬᠥᠭᠵᠢᠯᠲᠡ ᠶᠢᠨ ᠲᠠᠰᠤᠭ ︵ | ᠡᠪᠡᠳᠴᠢᠨ ᠡᠮᠭᠡᠭ ᠢ ᠰᠡᠷᠭᠡᠢᠯᠡᠨ ᠬᠢᠵᠠᠭᠠᠷᠯᠠᠬᠤ ᠠᠯᠪᠠᠨ ᠭᠡᠷ︶ | ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ | ᠡᠭᠦᠷᠭᠡᠯᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ | ᠡᠭᠦᠷᠭᠡᠯᠡᠨ᠎ᠡ᠃ | ᠪᠥᠬᠦ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠳᠤᠮᠳᠠ ᠣᠷᠳᠣ | ᠬᠤᠭᠤᠴᠠᠭᠠᠨ ᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠪᠥᠬᠦ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠠᠵᠢᠯ ᠢ ᠵᠢᠯᠣᠭᠤᠳᠤᠨ᠎ᠠ᠃ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯ ᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠦᠨᠡᠮᠯᠡᠯ ᠣᠯᠭᠤᠬᠤ | ᠠᠵᠢᠯ ᠢ ᠬᠠᠷᠢᠭᠤᠴᠠᠨ᠎ᠠ᠃ | ᠬᠥᠮᠦᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠬᠦ ᠶᠢᠨ ᠬᠠᠮᠲᠤ ᠬᠥᠮᠦᠨ ᠠᠮᠠ ᠬᠢᠭᠡᠳ | ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ | ᠬᠡᠦᠬᠡᠳ ᠠᠪᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢ ᠲᠡᠳᠬᠦᠨ ᠲᠤᠰᠠᠯᠠᠬᠤ ᠳᠦᠷᠢᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ | ᠨᠠᠰᠤᠵᠢᠯ ᠢ ᠠᠷᠭᠠᠴᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ | ᠲᠤᠭᠤᠷᠪᠢᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠡᠮᠴᠢᠯᠡᠭᠡ ᠨᠠᠰᠤᠵᠢᠯ ᠢ ᠤᠶᠠᠯᠳᠤᠭᠤᠯᠬᠤ | ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠣᠯᠤᠨ ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠵᠤ᠂ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠴᠢᠮᠡᠭᠡ ᠬᠤᠯᠪᠣᠭᠠᠨ ᠤ ᠬᠠᠶ᠋ᠢᠭ᠄ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠲᠠᠯᠠᠪᠠᠶ ᠶᠢᠨ ᠵᠠᠮ ᠤᠨ | ᠨᠠᠮ ᠵᠠᠰᠠᠭ ᠤᠨ ᠲᠣᠮᠣ ᠠᠰᠠᠷ ᠤᠨ ᠵᠡᠭᠦᠨ ᠳᠠᠭᠠᠯᠳᠤᠭᠤᠯᠤᠯ ᠠᠰᠠᠷ ᠤᠨ 5 ᠳ᠋ᠤᠭᠠᠷ ᠠᠰᠠᠷ | ᠠᠵᠢᠯ ᠤᠨ ᠤᠲᠠᠰᠤ᠄ 0472 - 6939514 | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠦᠳᠡ ᠶᠢᠨ ᠡᠮᠦᠨᠡᠬᠢ 8᠄ 30-12᠄ 00᠂ ᠦᠳᠡ ᠶᠢᠨ ᠬᠤᠶᠢᠨᠠᠬᠢ 14᠄ 30-17᠄ 30 | ᠬᠠᠷᠢᠭᠤᠴᠠᠯᠭ᠎ᠠ ᠡᠭᠦᠷᠭᠡᠯᠡᠭᠴᠢ᠄ ᠭᠦᠸᠧ ᠯᠢ | | | |