ᠵᠢᠥ ᠶᠤᠸᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ  ᠶᠢᠨ ᠭᠤᠤᠯ ᠡᠭᠦᠷᠭᠡ ᠬᠠᠷᠢᠭᠤᠴᠠᠯᠭ᠎ᠠ ᠵᠢᠴᠢ ᠳᠣᠲᠣᠭᠠᠳᠤ ᠪᠠᠶᠢᠭᠤᠯᠤᠮᠵᠢ
ᠨᠡᠶᠢᠲᠡᠯᠡᠭᠰᠡᠨ ᠴᠠᠭ᠄
2025/1/24
      ᠨᠢᠭᠡ᠂ ᠭᠤᠣᠯ ᠡᠭᠦᠷᠭᠡ       ( ᠨᠢᠭᠡ ) ᠳᠡᠭᠡᠳᠦ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠬᠠᠮᠢᠶᠠᠷᠤᠯᠲᠠ ᠪᠠᠲᠤᠯᠠᠭ᠎ᠠ ᠪᠠ ᠲᠥᠪᠬᠢᠨᠡᠭᠦᠯᠦᠨ ᠬᠠᠷᠠᠭᠠᠯᠵᠠᠬᠤ ᠵᠡᠷᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠦᠷᠡᠭᠳᠡᠭᠦᠯᠬᠦ ᠵᠣᠷᠢᠭ ᠰᠠᠨᠠᠭᠠᠨ ᠤ ᠬᠡᠪ ᠰᠤᠷᠲᠠᠯ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠵᠤ ᠢᠯᠡᠷᠡᠭᠦᠯᠦᠨ᠎ᠡ᠃       ( ᠬᠤᠶᠠᠷ ) ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃       ( ᠭᠤᠷᠪᠠ ) ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠠ ᠴᠡᠷᠢᠭ ᠢ ᠳᠠᠭᠠᠵᠤ ᠪᠠᠶᠢᠭ᠎ᠠ ᠭᠡᠷ ᠪᠦᠯᠢ ᠶᠢᠨ ᠬᠢᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠣᠬᠢᠴᠠᠭᠤᠯᠤᠨ ᠲᠡᠳᠬᠦᠨ᠎ᠡ᠃       ( ᠳᠥᠷᠪᠡ ) ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠵᠢᠥ ᠶᠤᠸᠠᠨ ᠲᠤᠭᠤᠷᠢᠭ ᠤᠨ ᠴᠡᠷᠢᠭ  ᠤᠨ ᠠᠯᠪᠠ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃       ( ᠲᠠᠪᠤ ) ᠬᠠᠮᠢᠶ᠎ᠠ ᠪᠦᠬᠦᠢ ᠣᠯᠭᠤᠮᠵᠢ ᠶᠢ ᠪᠠᠲᠤᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃       ( ᠵᠢᠷᠭᠤᠭ᠎ᠠ ) ᠰᠢᠷᠬᠠᠲᠤᠵᠤ ᠡᠪᠡᠳᠴᠢᠯᠡᠭᠰᠡᠨ ᠵᠡᠮᠳᠡᠭ ᠪᠣᠯᠤᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃       ( ᠳᠣᠯᠤᠭ᠎ᠠ )  ᠵᠢᠥ ᠶᠤᠸᠠᠨ ᠲᠣᠭᠤᠷᠢᠭ ᠤᠨ ᠶᠡᠷᠦᠩᠬᠡᠶᠢᠯᠡᠭᠰᠡᠨ ᠴᠢᠨᠠᠷᠲᠠᠶ《 ᠬᠤᠶᠠᠷ ᠢ ᠬᠦᠷᠢᠶᠡᠯᠡᠬᠦ 》ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠪᠦᠬᠦ ᠲᠤᠭᠤᠷᠢᠭ ᠤᠨ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠪᠠ ᠬᠤᠶᠠᠷ ᠢ ᠬᠦᠷᠢᠶᠡᠯᠡᠬᠦ ᠵᠢᠱᠢᠶᠡᠴᠢ ᠣᠷᠣᠨ ᠢ ᠡᠭᠦᠳᠦᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠠᠷᠠᠭᠠᠯᠵᠠᠯ ᠦᠵᠡᠭᠦᠯᠬᠦ᠂ ᠠᠰᠠᠷᠠᠮᠵᠢ ᠦᠵᠡᠭᠦᠯᠬᠦ ᠵᠡᠷᠭᠡ ᠠᠵᠢᠯ ᠢ ᠬᠠᠷᠢᠭᠤᠴᠠᠨ᠎ᠠ᠃       ( ᠨᠠᠶᠮᠠ ) ᠦᠷᠡᠭᠳᠡᠭᠰᠡᠨ ᠪᠠᠭᠠᠲᠤᠷᠴᠤᠳ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠱᠠᠩᠨᠠᠯ᠂ ᠴᠡᠷᠢᠭ ᠤᠨ ᠨᠡᠶᠢᠲᠡ ᠶᠢᠨ ᠣᠩᠭᠤᠨ ᠤ ᠬᠠᠮᠢᠶᠠᠷᠤᠯᠲᠠ ᠬᠠᠮᠠᠭᠠᠯᠠᠯᠲᠠ ᠶᠢᠨ ᠳᠤᠷᠠᠰᠬᠠᠯ ᠤᠨ ᠠᠵᠢᠯᠯᠠᠭ᠎ᠠ ᠵᠡᠷᠭᠡ ᠠᠵᠢᠯ ᠢ ᠬᠠᠷᠢᠭᠤᠴᠠᠵᠤ᠂ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠬᠠᠮᠢᠶ᠎ᠠ ᠪᠥᠬᠦᠶ ᠠᠵᠢᠯ  ᠢ ᠬᠠᠤᠯᠢ ᠶᠣᠰᠣᠭᠠᠷ ᠡᠭᠦᠷᠭᠡᠯᠡᠵᠦ᠂ ᠪᠥᠬᠦ ᠲᠤᠭᠤᠷᠢᠭ ᠤᠨ ᠭᠤᠤᠯᠳᠠᠯᠭ᠎ᠠ ᠲᠠᠢ ᠬᠠᠮᠠᠭᠠᠯᠠᠬᠤ ᠨᠢᠭᠡᠴᠢ ᠳᠤ ᠵᠢᠭᠰᠠᠭᠠᠨ ᠣᠷᠣᠭᠤᠯᠬᠤ ᠪᠠ ᠭᠤᠶᠤᠴᠢᠯᠠᠨ ᠮᠡᠳᠡᠭᠦᠯᠬᠦ ᠪᠠᠷ ᠪᠠᠶᠢᠭ᠎ᠠ ᠪᠥᠬᠦ ᠤᠯᠤᠰ᠂ ᠪᠥᠬᠦ  ᠥᠪᠡᠷᠲᠡᠭᠡᠨ ᠵᠠᠰᠠᠬᠤ ᠣᠷᠤᠨ᠂ ᠪᠥᠬᠦ ᠬᠤᠲᠠ ᠶᠢᠨ ᠭᠤᠤᠯᠳᠠᠯᠭ᠎ᠠ ᠲᠠᠢ ᠬᠠᠮᠠᠭᠠᠯᠠᠬᠤ ᠨᠢᠭᠡᠴᠢ ᠳᠤ ᠵᠢᠭᠰᠠᠭᠠᠨ ᠣᠷᠣᠭᠤᠯᠤᠭᠰᠠᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠠᠷᠢᠯᠭ᠎ᠠ ᠶᠢᠨ ᠨᠡᠷᠡᠰ ᠢ ᠬᠢᠨᠠᠨ ᠬᠠᠷᠭᠤᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠨᠢᠭᠡᠴᠢ ᠪᠠ ᠬᠤᠪᠢ ᠬᠥᠮᠦᠨ ᠤ ᠲᠡᠷᠢᠭᠦᠨ ᠤ ᠨᠡᠶᠢᠲᠡᠯᠢᠭ ᠦᠶᠯᠡ ᠠᠵᠢᠯᠯᠠᠭ᠎ᠠ ᠶᠢ ᠳ᠋ᠦᠩᠨᠡᠨ ᠰᠠᠶᠢᠰᠢᠶᠠᠬᠤ ᠪᠠ ᠤᠬᠠᠭᠤᠯᠤᠨ᠎ᠠ᠃       ( ᠶᠢᠰᠦ ) ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠢᠯᠣᠭᠤᠳᠬᠤ  ᠶᠢᠨ ᠬᠠᠮᠲᠤ ᠬᠢᠨᠠᠯᠲᠠ ᠲᠠᠯᠪᠢᠨ ᠪᠠᠶᠢᠴᠠᠭᠠᠵᠤ᠂ ᠴᠡᠷᠢᠭ ‍ᠤᠨ‌ᠠᠯᠪᠠ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ( ᠠᠷᠪᠠ ) ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ( ᠠᠷᠪᠠᠨ ᠨᠢᠭᠡ ) ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠴᠡᠷᠢᠭ ᠤᠨ ᠠᠯᠪᠠ ᠠᠴᠠ ᠬᠠᠯᠠᠭᠳᠠᠭᠰᠠᠳ  ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠠ ᠦᠶᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠪᠠ ᠴᠡᠷᠢᠭ ᠤᠨ ᠬᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠷᠢᠭ ᠢ ᠨᠡᠶᠢᠭᠡᠮ ᠳᠠᠶᠠᠭᠠᠷ ᠢᠶᠠᠨ ᠬᠦᠨᠳᠦᠳᠬᠡᠬᠦ ᠠᠵᠢᠯ ᠮᠡᠷᠭᠡᠵᠢᠯ ᠪᠣᠯᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ᠂ ᠤᠯᠤᠰ ᠣᠷᠣᠨ ᠪᠠ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠦᠷᠡᠭᠳᠡᠭᠦᠯᠬᠦ ᠵᠣᠷᠢᠭ ᠰᠠᠨᠠᠭᠠᠨ ᠤ ᠬᠡᠪ ᠰᠤᠷᠲᠠᠯ ᠪᠠ ᠥᠷᠲᠡᠭ ᠤᠨ ᠤᠳᠤᠷᠢᠳᠤᠮᠵᠢ ᠶᠢ ᠮᠠᠭᠲᠠᠨ ᠰᠠᠶᠢᠰᠢᠶᠠᠵᠤ ᠢᠯᠡᠷᠡᠭᠦᠯᠦᠨ᠂ ᠴᠡᠷᠢᠭ ᠠᠩᠭᠢ ᠶᠢᠨ ᠳᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ  ᠶᠢ ᠨᠠᠩ ᠰᠠᠶᠢᠲᠤᠷ ᠬᠢᠬᠦ ᠬᠡᠷᠡᠭᠲᠡᠶ᠃       ᠬᠤᠶᠠᠷ᠂ ᠳᠣᠲᠣᠭᠠᠳᠤ ᠪᠠᠶᠢᠭᠤᠯᠤᠮᠵᠢ       ᠭᠤᠤᠯ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠳᠣᠲᠣᠭᠠᠳᠤ ᠳᠠᠭᠠᠨ 1 ᠶᠡᠷᠦᠩᠬᠡᠶᠢᠯᠡᠭᠰᠡᠨ ᠠᠯᠪᠠᠨ ᠬᠡᠷ ᠪᠠ 1 ᠲᠤᠬᠠᠶᠢᠯᠠᠭᠰᠠᠨ ᠠᠵᠢᠯ ᠤᠨ ᠲᠠᠰᠤᠭ ᠭᠠᠷᠭᠠᠵᠤ᠂ ᠳᠣᠣᠷ᠎ᠠ ᠪᠠᠨ ᠨᠢᠭᠡ ᠬᠤᠶᠠᠳᠤᠭᠠᠷ ᠳᠡᠰ ᠤᠨ ᠨᠢᠭᠡᠴᠢ— ᠵᠢᠥ ᠶᠤᠸᠠᠨ ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠲᠦᠪ ᠢ ᠪᠠᠶᠢᠭᠤᠯᠪᠠ᠃      ( ᠨᠢᠭᠡ ) ᠶᠡᠷᠦᠩᠬᠡᠶᠢᠯᠡᠭᠰᠡᠨ ᠠᠯᠪᠠᠨ ᠭᠡᠷ       ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠡᠯ᠎ᠡ ᠲᠥᠷᠥᠯ ᠤᠨ ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠨ᠎ᠡ᠃ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠠᠵᠢᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠵᠦ᠂ ᠲᠣᠰ ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠵᠢᠯ ᠤᠨ ᠲᠥᠯᠥᠪᠯᠡᠭᠡ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶᠠᠷᠤᠯᠲᠠ ᠶᠢᠨ ᠪᠠᠲᠤᠯᠠᠭ᠎ᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠦᠶᠯᠡᠰ ᠤᠨ ᠪᠠᠯᠠ ᠮᠥᠩᠭᠦ ᠶᠢ ᠲᠥᠯᠥᠪᠯᠡᠨ ᠬᠠᠮᠢᠶᠠᠷᠴᠤ ᠬᠢᠨᠠᠨ ᠵᠢᠯᠣᠭᠤᠳᠤᠨ᠎ᠠ᠃ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠤᠳᠤᠯᠲᠠ᠂ ᠲᠤᠭ᠎ᠠ ᠪᠦᠷᠢᠳᠬᠡᠯ ᠪᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ᠂ ᠺᠠᠳ᠋ᠷ ᠠᠵᠢᠯᠲᠠᠨ ᠤ ᠶᠠᠪᠤᠳᠠᠯ ᠤᠨ ᠪᠠᠶᠢᠭᠤᠯᠤᠮᠵᠢ ᠶᠢᠨ ᠣᠷᠣᠨ ᠲᠤᠭ᠎ᠠ ᠵᠡᠷᠭᠡ ᠠᠵᠢᠯ ᠢ ᠬᠠᠷᠢᠭᠤᠴᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠨ᠎ᠠ᠃       ( ᠬᠤᠶᠠᠷ ) ᠲᠤᠬᠠᠶᠢᠯᠠᠭᠰᠠᠨ ᠠᠵᠢᠯ ᠤᠨ ᠰᠲ᠋ᠣᠺ       ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠳ᠋ᠦᠩᠨᠡᠨ ᠰᠠᠶᠢᠰᠢᠶᠠᠬᠤ᠂ ᠢᠷᠠᠭᠤ ᠠᠯᠳᠠᠷ ᠢᠶᠠᠷ ᠱᠠᠩᠨᠠᠬᠤ ᠪᠠ ᠵᠠᠬᠢᠳᠠᠯ ᠰᠤᠷᠪᠤᠯᠵᠢᠯᠠᠯ ᠤᠨ ᠠᠵᠢᠯ ᠢ ᠡᠭᠦᠷᠭᠡᠯᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠤᠯᠪᠣᠭᠳᠠᠯ ᠪᠦᠬᠦᠢ ᠬᠥᠮᠦᠰ ᠢ ᠬᠠᠪᠰᠤᠷᠤᠨ ᠲᠡᠳᠬᠦᠵᠦ ᠲᠤᠰᠠᠯᠠᠬᠤ ᠵᠡᠷᠭᠡ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠥᠬᠦᠶ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠵᠢᠯ ᠵᠡᠷᠭᠡ ᠦᠶᠯᠡᠴᠢᠯᠡᠭᠡᠨ ᠤ ᠪᠠᠲᠤᠯᠠᠭ᠎ᠠ ᠶᠢ ᠵᠢᠯᠣᠭᠤᠳᠴᠤ ᠲᠥᠯᠥᠪᠵᠢᠭᠦᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠴᠡᠷᠢᠭ ᠠᠩᠭᠢ ᠶᠢ ᠳᠠᠭᠠᠵᠤ ᠠᠵᠢᠯ ᠰᠢᠯᠵᠢᠭᠰᠡᠨ ᠭᠡᠷ ᠪᠦᠯᠢ ᠶᠢᠨ ᠬᠢᠨ ᠤ ᠠᠵᠢᠯ ᠣᠯᠵᠤ ᠦᠶᠯᠡᠰ ᠪᠣᠰᠬᠠᠬᠤ ᠶᠢ ᠵᠣᠬᠢᠴᠠᠭᠤᠯᠤᠨ ᠵᠢᠯᠤᠭᠤᠳᠬᠤ᠂ ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ᠂ ᠳᠤᠷᠠᠰᠬᠠᠯ ᠤᠨ ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ ᠪᠠ ᠦᠷᠡᠭᠳᠡᠭᠰᠡᠨ ᠪᠠᠭᠠᠲᠤᠷᠴᠤᠳ ᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ᠎ᠠ        ( ᠭᠤᠷᠪᠠ ) ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠶᠯᠡᠴᠢᠯᠡᠭᠡᠨ ᠤ ᠲᠥᠪ        ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ  ᠵᠢᠥ ᠶᠤᠸᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠴᠡᠷᠢᠭ ᠪᠠ ᠴᠡᠷᠢᠭ ᠤᠨ ᠬᠡᠷ ᠪᠦᠯᠢ  ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠡᠷᠢᠭ ᠢ ᠨᠡᠶᠢᠭᠡᠮ ᠳᠠᠶᠠᠭᠠᠷ ᠢᠶᠠᠨ ᠬᠦᠨᠳᠦᠳᠭᠡᠬᠦ ᠠᠵᠢᠯ ᠮᠡᠷᠭᠡᠵᠢᠯ ᠪᠣᠯᠭᠠᠵᠤ᠂ ᠴᠡᠷᠢᠭ ᠠᠩᠭᠢ ᠶᠢᠨ ᠳᠠᠶᠢᠴᠢᠨ ᠬᠦᠴᠦᠨ ᠪᠠ ᠨᠢᠭᠲᠠᠷᠠᠯ ᠤᠨ ᠬᠦᠴᠦᠨ ᠢ ᠴᠢᠩᠭᠠᠷᠠᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠨᠠᠩ ᠰᠠᠶᠢᠲᠤᠷ ᠬᠢᠨ᠎ᠠ᠃       ᠭᠤᠷᠪᠠ᠂ ᠬᠤᠯᠪᠣᠭᠠᠨ ᠤ ᠬᠠᠶ᠋ᠢᠭ       ᠪᠤᠭᠤᠲᠤ ᠬᠤᠲᠠ ᠶᠢᠨ ᠵᠢᠦ ᠶᠤᠸᠠᠨ ᠲᠣᠭᠤᠷᠢᠭ ᠤᠨ ᠲᠠᠯᠠᠪᠠᠢ ᠶᠢᠨ ᠵᠡᠭᠡᠯᠢ ᠶᠢᠨ ᠵᠢᠦ ᠶᠤᠸᠠᠨ ᠲᠣᠭᠤᠷᠢᠭ  ᠤᠨ ᠨᠠᠮ ᠵᠠᠰᠠᠭ ᠤᠨ ᠲᠣᠮᠣ ᠠᠰᠠᠷ ᠤᠨ ᠪᠠᠷᠠᠭᠤᠨ ᠳᠡᠳ᠋ ᠠᠰᠠᠷ ᠤᠨ 209       ᠳᠥᠷᠪᠡ᠂ ᠠᠵᠢᠯ ᠤᠨ ᠳ᠋ᠢᠶᠠᠩᠬᠤᠸᠠ       0472 - 6980236       ᠲᠠᠪᠤ᠂ ᠠᠵᠢᠯᠯᠠᠬᠤ ᠴᠠᠭ       ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠤᠯᠳᠠᠯ᠎ᠠ        ᠦᠳᠡ ᠶᠢᠨ ᠡᠮᠦᠨ᠎ᠡ 08᠄ 30 -12᠄ 00       ᠦᠳᠡ ᠶᠢᠨ ᠬᠤᠶᠢᠨ᠎ᠠ 14᠄ 30 -17᠄ 00       ᠵᠢᠷᠭᠤᠭ᠎ᠠ᠂ ᠬᠠᠷᠢᠭᠤᠴᠠᠯᠭᠠᠲᠠᠨ        ᠯᠢᠦ ᠭᠧᠨ ᠰᠢᠨ
 
ᠢᠷᠡᠯᠲᠡ᠄ ᠵᠢᠥ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号