ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠪᠥᠬᠦ ᠲᠠᠯ᠎ᠠ ᠪᠠᠷ ᠬᠠᠤᠯᠢ ᠶᠣᠰᠣᠭᠠᠷ ᠲᠤᠭᠤᠷᠢᠭ ᠢ ᠵᠠᠰᠠᠬᠤ ᠴᠢᠬᠤᠯᠠ ᠶᠡᠭᠡ ᠠᠰᠠᠭᠤᠳᠠᠯ ᠤᠨ | ᠲᠥᠷᠥ ᠶᠢᠨ ᠪᠣᠳᠣᠯᠭ᠎ᠠ ᠶᠢᠨ ᠰᠤᠳᠤᠯᠤᠯ ᠢ ᠡᠭᠦᠷᠭᠡᠯᠡᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠴᠠᠭᠤᠯᠤᠨ | ᠪᠥᠬᠦ ᠲᠠᠯ᠎ᠠ ᠪᠠᠷ ᠬᠠᠤᠯᠢ ᠶᠣᠰᠣᠭᠠᠷ ᠲᠤᠭᠤᠷᠢᠭ ᠢ ᠵᠠᠰᠠᠬᠤ ᠳᠤᠮᠳᠠ ᠣᠷᠳᠣ ᠬᠤᠭᠤᠴᠠᠭᠠᠨ ᠤ | ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ | ᠲᠠᠯᠪᠢᠨ᠎ᠠ᠃ | ︵ᠬᠤᠶᠠᠷ︶ ᠡᠯ᠎ᠡ ᠭᠠᠵᠠᠷ ᠣᠷᠣᠨ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠦ ᠶᠤᠸᠠᠨ | ᠲᠣᠭᠤᠷᠢᠭ ᠤᠨ ᠠᠷᠠᠳ ᠤᠨ ᠵᠠᠰᠠᠭ ᠤᠨᠣᠷᠳᠣᠨ ᠲᠤ ᠮᠡᠳᠡᠭᠦᠯᠦᠨ ᠬᠦᠷᠭᠡᠭᠰᠡᠨ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠬᠢᠨᠠᠨ ᠪᠠᠶᠢᠴᠠᠭᠠᠬᠤ ᠠᠵᠢᠯ ᠢ ᠳᠠᠭᠠᠭᠠᠨ ᠭᠦᠢᠴᠡᠳᠬᠡᠨ᠎ᠡ᠃ | ︵ᠭᠤᠷᠪᠠ︶ ᠡᠯ᠎ᠡ ᠭᠠᠵᠠᠷ ᠣᠷᠣᠨ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠥᠬᠦ | ᠲᠣᠭᠤᠷᠢᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠬᠡᠷᠡᠭᠵᠢᠭᠦᠯᠬᠦ ᠶᠠᠪᠤᠴᠠ ᠳᠠᠬᠢ | ᠬᠤᠯᠪᠣᠭᠳᠠᠯ ᠪᠥᠬᠦᠶ ᠮᠠᠷᠭᠤᠯᠳᠤᠭᠠᠨ ᠪᠠ ᠠᠰᠠᠭᠤᠳᠠᠯ ᠢ ᠵᠣᠬᠢᠴᠠᠭᠤᠯᠬᠤ᠂ ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ᠃ | ︵ᠳᠥᠷᠪᠡ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠥᠬᠦ ᠲᠣᠭᠤᠷᠢᠭ ᠤᠨ ᠬᠠᠤᠯᠢ ᠶᠣᠰᠣᠭᠠᠷ ᠵᠠᠰᠠᠭ ᠶᠠᠪᠤᠭᠤᠯᠬᠤ | ᠠᠵᠢᠯ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠶᠡᠷᠦᠩᠬᠡᠶᠢᠯᠡᠨ | ᠵᠣᠬᠢᠴᠠᠭᠤᠯᠬᠤ ᠶᠢ ᠬᠠᠷᠢᠭᠤᠴᠠᠵᠤ᠂ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠲᠥᠯᠬᠢᠨ | ᠠᠬᠢᠭᠤᠯᠬᠤ ᠬᠤᠯᠪᠣᠭᠳᠠᠯ ᠪᠥᠬᠦᠢ ᠠᠵᠢᠯ ᠢ ᠡᠭᠦᠷᠭᠡᠯᠡᠵᠦ᠂ ᠠᠯᠪᠠᠨ ᠭᠡᠷᠡᠴᠢᠯᠡᠭᠡ ᠶᠢᠨ ᠪᠣᠯᠪᠠᠰᠤᠨ ᠢᠶᠠᠷ ᠬᠠᠤᠯᠢ | ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠬᠤ ᠶᠢ ᠲᠥᠯᠬᠢᠨ ᠠᠬᠢᠭᠤᠯᠤᠨ᠎ᠠ᠃ ᠪᠥᠬᠦ ᠲᠣᠭᠤᠷᠢᠭ ᠤᠨ ᠵᠠᠰᠠᠭ | ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ | ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | ︵ᠲᠠᠪᠤ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ | ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠲᠣᠭᠤᠷᠢᠭ ᠤᠨ ᠬᠠᠤᠯᠢ ᠲᠥᠷᠢᠮ ᠤᠨ ᠤᠬᠠᠭᠤᠯᠭ᠎ᠠ ᠬᠥᠮᠦᠵᠢᠯ ᠤᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ | ᠣᠷᠣᠯᠴᠠᠬᠤ ᠪᠠ ᠲᠡᠭᠦᠨ ᠢ ᠠᠬᠢᠭᠤᠯᠬᠤ ᠶᠢ ᠠᠬᠢᠭᠤᠯᠤᠨ᠎ᠠ᠃ ᠪᠥᠬᠦ ᠲᠣᠭᠤᠷᠢᠭ ᠤᠨ ᠬᠠᠤᠯᠢ ᠶᠣᠰᠣᠭᠠᠷ ᠵᠠᠰᠠᠬᠤ ᠪᠠ | ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ | ᠬᠠᠪᠰᠤᠷᠤᠨ ᠰᠢᠭᠦᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠤᠯᠢ | ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠵᠢᠷᠭᠤᠭ᠎ᠠ︶ ᠪᠥᠬᠦ ᠲᠣᠭᠤᠷᠢᠭ ᠤᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠢ ᠵᠢᠯᠣᠭᠤᠳᠤᠨ | ᠬᠠᠮᠢᠶᠠᠷᠬᠤ ᠶᠢ ᠬᠠᠷᠢᠭᠤᠴᠠᠨ᠎ᠠ᠃ ᠪᠥᠬᠦ ᠲᠣᠭᠤᠷᠢᠭ ᠤᠨ ᠡᠷᠡᠭᠦᠤ ᠶᠢᠨ ᠬᠤᠭᠤᠴᠠᠭ᠎ᠠ ᠨᠢ ᠳᠠᠭᠤᠰᠴᠤ | ᠰᠤᠯᠠᠯᠠᠭᠳᠠᠭᠰᠠᠨ ᠬᠥᠮᠦᠰ ᠢ ᠬᠠᠪᠰᠤᠷᠤᠨ ᠬᠥᠮᠦᠵᠢᠭᠦᠯᠵᠦ ᠲᠥᠪᠬᠢᠨᠡᠭᠦᠯᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ | ︵ᠲᠤᠯᠤᠭ᠎ᠠ︶ ᠪᠥᠬᠦ ᠲᠣᠭᠤᠷᠢᠭ ᠤᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠬᠦ ᠶᠢ ᠬᠠᠷᠢᠭᠤᠴᠠᠵᠤ᠂ ᠬᠤᠳᠠ ᠬᠥᠳᠡᠭᠡ᠂ ᠣᠷᠣᠨ ᠪᠦᠰᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠪᠠ ᠪᠠᠶᠢᠷᠢᠰᠢᠭᠤᠯᠤᠨ᠎ᠠ᠃ ᠪᠥᠬᠦ ᠲᠣᠭᠤᠷᠢᠭ ᠤᠨ | ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ ᠪᠠ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ | ᠬᠢᠨᠠᠯᠲᠠ ᠲᠠᠯᠪᠢᠨ᠎ᠠ᠃ ᠲᠣᠭᠤᠷᠢᠭ ᠤᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ | ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ | ᠪᠠᠶᠢᠭᠤᠯᠬᠤ᠂ ᠬᠠᠮᠢᠶᠠᠷᠬᠤ ᠠᠵᠢᠯ ᠢ ᠡᠭᠦᠷᠭᠡᠯᠡᠨ᠎ᠡ᠃ | ︵ᠨᠠᠢᠮᠠ︶ ᠪᠥᠬᠦ ᠲᠣᠭᠤᠷᠢᠭ ᠤᠨ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ | ᠬᠠᠮᠢᠶ᠎ᠠ ᠪᠥᠬᠦᠶ ᠠᠵᠢᠯ ᠢ ᠲᠥᠯᠥᠪᠵᠢᠭᠦᠯᠵᠦ᠂ ᠵᠣᠬᠢᠴᠠᠭᠤᠯᠵᠤ᠂ ᠵᠢᠯᠣᠭᠤᠳᠤᠨ᠎ᠠ᠃ ᠪᠥᠬᠦ ᠲᠣᠭᠤᠷᠢᠭ ᠤᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ | ᠲᠠᠯᠪᠢᠨ᠎ᠠ᠃ ᠪᠥᠬᠦ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠬᠤᠨᠠᠷ | ᠪᠣᠯᠤᠨ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠲᠣᠭᠤᠷᠢᠭ ᠤᠨ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ | ᠲᠠᠯᠠᠪᠤᠷ ᠭᠠᠵᠠᠷ ᠵᠡᠷᠭᠡ ᠪᠠᠲᠤᠯᠠᠭ᠎ᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠶᠢᠰᠦ︶ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ | ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠶ᠃ | ᠬᠤᠶᠠᠷ᠂ ᠳᠣᠲᠣᠭᠠᠳᠤ ᠪᠠᠶᠢᠭᠤᠯᠤᠮᠵᠢ | ᠳᠣᠲᠣᠭᠠᠳᠤ ᠳᠠᠭᠠᠨ 6 ᠪᠠᠶᠢᠭᠤᠯᠤᠮᠵᠢ ᠲᠠᠢ᠂ 8 ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠭᠠᠵᠠᠷ ᠲᠠᠢ᠃ ᠳᠣᠲᠣᠭᠠᠳᠤ ᠳᠠᠭᠠᠨ ᠪᠠᠶᠢᠭᠤᠯᠤᠭᠰᠠᠨ 6 ᠪᠠᠶᠢᠭᠤᠯᠤᠮᠵᠢ ᠨᠢ ᠲᠣᠰ ᠲᠣᠰ ᠠᠯᠪᠠᠨ ᠬᠡᠷ᠂ ᠬᠠᠤᠯᠢ ᠪᠠᠷ | ᠵᠠᠰᠠᠬᠤ ᠰᠲ᠋ᠣᠺ᠂ ᠤᠬᠠᠭᠤᠯᠭ᠎ᠠ ᠬᠥᠮᠦᠵᠢᠯ ᠤᠨ ᠰᠲ᠋ᠣᠺ᠂ ᠦᠨᠳᠦᠰᠦᠨ ᠱᠠᠲᠤᠨ ᠤ ᠰᠲ᠋ᠣᠺ᠂ ᠨᠡᠶᠢᠭᠡᠮ | ᠲᠣᠭᠤᠷᠢᠭ ᠤᠨ ᠵᠠᠯᠠᠷᠠᠭᠤᠯᠭ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠲ᠋ᠣᠺ ︵ᠬᠠᠤᠯᠢ ᠴᠠᠭᠠᠵᠠ ᠶᠢᠨ ᠲᠤᠰᠠᠯᠠᠮᠵᠢ ᠶᠢᠨ | ᠲᠥᠪ︶ ᠪᠣᠯᠤᠨ᠎ᠠ᠃ 8 ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠨᠢ ᠲᠣᠰ ᠲᠣᠰ ᠱᠠ ᠾᠧ ᠶᠢᠨ | ᠬᠠᠤᠯᠢ ᠴᠠᠭᠠᠵᠠ ᠶᠢᠨ ᠭᠠᠵᠠᠷ᠂ ᠰᠠᠶᠢᠬᠠᠨ ᠤ ᠬᠠᠤᠯᠢ ᠴᠠᠭᠠᠵᠠ ᠶᠢᠨ ᠭᠠᠵᠠᠷ᠂ ᠪᠠᠶᠠᠨᠰᠢᠯᠢ ᠤᠨ ᠬᠠᠤᠯᠢ ᠴᠠᠭᠠᠵᠠ ᠶᠢᠨ | ᠭᠠᠵᠠᠷ᠂ ᠰᠠᠷᠠᠭᠤᠯ ᠶᠢᠨ ᠬᠠᠤᠯᠢ ᠴᠠᠭᠠᠵᠠ ᠶᠢᠨ ᠭᠠᠵᠠᠷ᠂ ᠬᠤᠷᠢᠨᠬᠡᠷ ᠤᠨ ᠬᠠᠤᠯᠢ ᠴᠠᠭᠠᠵᠠ ᠶᠢᠨ ᠭᠠᠵᠠᠷ᠂ ᠮᠠ | ᠤᠤᠢ ᠶᠢᠨ ᠬᠠᠤᠯᠢ ᠴᠠᠭᠠᠵᠠ ᠶᠢᠨ ᠭᠠᠵᠠᠷ᠂ ᠬᠤᠶᠠᠷᠬᠤᠳᠳᠤᠭ ᠤᠨ ᠬᠠᠤᠯᠢ ᠴᠠᠭᠠᠵᠠ ᠶᠢᠨ ᠭᠠᠵᠠᠷ᠂ ᠠᠭᠠᠷᠤᠳᠠᠢ ᠶᠢᠨ | ᠬᠠᠤᠯᠢ ᠴᠠᠭᠠᠵᠠ ᠶᠢᠨ ᠭᠠᠵᠠᠷ ᠪᠣᠯᠤᠨ᠎ᠠ᠃ | ᠬᠠᠶ᠋ᠢᠭ᠄ ᠪᠤᠭᠤᠲᠤ ᠬᠤᠲᠠ ᠶᠢᠨ ᠵᠢᠥ ᠶᠤᠸᠠᠨ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠤᠨ 8 | ᠳ᠋ᠤᠭᠠᠷ ᠠᠰᠠᠷ | ᠠᠵᠢᠯ ᠤᠨ ᠤᠲᠠᠰᠤ᠄ 0472-6939256 | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ | ᠦᠳᠡ ᠶᠢᠨ ᠡᠮᠦᠨ᠎ᠡ 8᠄ 30 — 12᠄ 00 | ᠦᠳᠡ ᠶᠢᠨ ᠬᠤᠶᠢᠨ᠎ᠠ 14᠄ 30 — 17᠄ 30 | ᠬᠠᠷᠢᠭᠤᠴᠠᠯᠭᠠᠲᠠᠨ᠄ ᠸᠠᠩ ᠱᠥ ᠶᠦᠨ | | | | |