12 ᠰᠠᠷ᠎ᠠ ᠶᠢᠨ 31 ᠤ ᠡᠳᠦᠷ᠂ ᠲᠤᠭᠤᠷᠢᠭ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ | ᠬᠤᠷᠠᠯᠳᠤᠭᠤᠯᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ | ᠰᠤᠷᠤᠯᠴᠠᠪᠠ᠃ ᠵᠢᠥ ᠶᠤᠸᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠪᠢᠯᠧᠲ ᠥᠭᠬᠦ ᠲᠦᠷᠢᠮ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ | 2024 ᠣᠨ ᠳᠤ ᠪᠡᠶᠡᠯᠡᠭᠦᠯᠦᠭᠰᠡᠨ ᠪᠠᠶᠢᠳᠠᠯ ᠵᠢᠴᠢ 2025 ᠣᠨ ᠤ ᠵᠢᠱᠢᠭᠳᠡᠭᠰᠡᠨ ᠵᠦᠢᠯᠡᠰ ᠢ ᠡᠯᠰᠡᠭᠰᠡᠨ | ᠪᠠᠶᠢᠳᠠᠯ ᠤᠨ ᠬᠤᠯᠪᠣᠭᠳᠠᠯ ᠪᠥᠬᠦᠶ ᠤᠴᠢᠷ ᠶᠠᠪᠤᠳᠠᠯ᠂ ᠵᠢᠥ ᠶᠤᠸᠠᠨ ᠲᠣᠭᠤᠷᠢᠭ ᠤᠨ 2025 ᠣᠨ ᠤ ᠴᠠᠭᠠᠨ | ᠰᠠᠷ᠎ᠠ ᠶᠢᠨ ᠬᠤᠭᠤᠴᠠᠭᠠᠨ ᠲᠠᠬᠢ ︽ᠡᠷᠬᠢᠨ ᠦᠵᠡᠵᠦ ᠲᠣᠬᠤᠨᠢᠭᠤᠯᠤᠨ ᠬᠠᠶᠢᠷ᠎ᠠ ᠬᠠᠯᠠᠮᠵᠢ ᠪᠠᠨ ᠬᠦᠷᠭᠡᠬᠦ︾ | ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | | | | ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠰᠢᠶᠤᠤ ᠫᠢᠩ | ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠵᠤ᠂ ︽ᠮᠢᠩᠭᠠᠨ ᠲᠦᠮᠡᠨ ᠢᠨᠵᠧᠨᠧᠷᠢᠩ︾ | ᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠬᠡᠷᠡᠭᠵᠢᠭᠦᠯᠵᠦ᠂ ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠢ ᠴᠡᠴᠡᠭᠯᠡᠭᠦᠯᠦᠨ | ᠬᠥᠭᠵᠢᠭᠦᠯᠵᠦ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠤᠭᠤᠲᠤ ᠶᠢᠨ ᠭᠤᠴᠢᠨ ᠭᠤᠷᠪᠠᠳᠤᠭᠠᠷ ᠳᠤᠮᠳᠠᠳᠤ ᠰᠤᠷᠭᠠᠭᠤᠯᠢ ᠪᠣᠯᠤᠨ ᠵᠢᠥ ᠶᠤᠸᠠᠨ ᠬᠤᠶᠠᠳᠤᠭᠠᠷ ᠬᠡᠤᠬᠡᠳ ᠤᠨ | ᠴᠡᠴᠡᠷᠯᠢᠭ ᠭᠡᠬᠦ ᠬᠤᠶᠠᠷ ᠲᠥᠷᠥᠯ ᠵᠦᠢᠯ ᠢ ᠦᠷᠭᠦᠯᠵᠢᠯᠡᠨ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ | ᠲᠣᠩᠭᠤᠷᠤᠭᠤᠯᠤᠨ ᠪᠠᠶᠢᠷᠢᠯᠠᠭᠤᠯᠵᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠥᠷᠥᠯ ᠵᠦᠢᠯ ᠢ ᠴᠠᠭ | ᠲᠤᠬᠠᠶ ᠳᠤᠨᠢ ᠳᠠᠭᠤᠰᠬᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ 2025 ᠣᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠢᠯ ᠢ ᠤᠯᠠᠮ ᠨᠢᠭᠡ ᠠᠯᠬᠤᠮ ᠬᠢᠨᠠᠨ | ᠬᠠᠷᠭᠤᠭᠤᠯᠤᠨ ᠰᠢᠭᠰᠢᠨ ᠪᠠᠶᠢᠴᠠᠭᠠᠵᠤ᠂ ᠲᠣᠭᠲᠠᠭᠠᠨ ᠬᠡᠷᠡᠭᠵᠢᠭᠦᠯᠬᠦ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ᠂ | ᠪᠠᠯᠠ ᠮᠥᠩᠭᠦ ᠤᠯᠬᠤ ᠪᠠ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠵᠤ᠂ | ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠠᠷᠠᠳ | ᠲᠦᠮᠡᠨ ᠤ ᠰᠡᠳᠬᠢᠯ ᠳᠤ ᠬᠠᠨᠤᠭᠰᠠᠨ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ | ᠬᠡᠷᠡᠭᠲᠡᠢ᠃ ᠴᠠᠭᠠᠨ ᠰᠠᠷ᠎ᠠ ᠶᠢᠨ ᠬᠤᠭᠤᠴᠠᠭᠠᠨ ᠳᠠᠬᠢ ︽ᠡᠷᠬᠢᠨ ᠦᠵᠡᠵᠦ ᠲᠣᠬᠤᠨᠢᠭᠤᠯᠤᠨ ᠬᠠᠶᠢᠷ᠎ᠠ ᠬᠠᠯᠠᠮᠵᠢ ᠪᠠᠨ | ᠬᠦᠷᠭᠡᠬᠦ︾ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠣᠬᠤᠨᠢᠭᠤᠯᠬᠤ ᠡᠲᠡᠭᠡᠳ ᠢ ᠨᠠᠷᠢᠯᠢᠭ ᠣᠨᠣᠴᠠᠲᠠᠶ ᠪᠠᠷ | ᠡᠮᠬᠢᠯᠡᠨ ᠳᠢᠭᠯᠡᠵᠦ᠂ ᠲᠣᠬᠤᠨᠢᠭᠤᠯᠬᠤ ᠪᠠᠯᠠ ᠮᠥᠩᠭᠦ᠂ ᠡᠳ᠋ ᠪᠣᠳᠠᠰ ᠢ ᠤᠷᠢᠳᠴᠢᠯᠠᠨ ᠪᠡᠯᠡᠳᠬᠡᠵᠦ᠂ ᠬᠠᠯᠠᠮᠵᠢᠯᠠᠨ | ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ ᠪᠦᠷᠢᠨᠰᠢᠬᠦᠯᠵᠦ᠂ ᠬᠦᠴᠢᠷᠳᠡᠯᠲᠡᠶ ᠣᠯᠠᠨ ᠲᠦᠮᠡᠨ ᠢ ᠨᠢᠭᠲᠠ | ᠠᠩᠬᠠᠷᠴᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠠᠷᠠᠳ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠯᠠᠨ ᠲᠦᠮᠡᠨ ᠳᠤ | ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠪᠡᠶ᠎ᠡ ᠪᠠᠷ ᠢᠶᠠᠨ ᠮᠡᠳᠡᠷᠡᠭᠦᠯᠬᠦ ᠪᠠᠷ | ᠴᠢᠷᠮᠠᠶᠢᠬᠤ ᠬᠡᠷᠡᠭᠲᠡᠶ᠃ | | | | | | | | | | |