ᠵᠢᠦ ᠶᠤᠸᠠᠨ ᠲᠣᠭᠤᠷᠢᠭ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠴᠡᠪᠡᠷᠯᠡᠬᠦ ᠲᠤᠰᠬᠠᠶ ᠴᠡᠭᠴᠡᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/3
 1111.jpg  
    ᠵᠢᠥ ᠶᠤᠸᠠᠨ ᠲᠣᠭᠤᠷᠢᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠲᠤᠰᠬᠠᠢ ᠴᠡᠭᠴᠡᠯᠡᠨ ᠵᠠᠰᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 2025 ᠣᠨ ᠤ 1 ᠰᠠᠷ᠎ᠠ ᠶᠢᠨ 2 ᠤᠨ ᠡᠳᠦᠷ᠂ ᠵᠢᠥ ᠶᠤᠸᠠᠨ ᠲᠣᠭᠤᠷᠢᠭ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠲᠤᠰᠬᠠᠶ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠠᠮᠢᠶ᠎ᠠ ᠪᠥᠬᠦᠶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠠᠷᠢᠭᠤᠴᠠᠯᠭᠠᠲᠠᠨ᠂ ᠲᠤᠷᠰᠢᠯᠲᠠ ᠶᠢᠨ ᠢᠳᠡᠭᠡᠨ ᠤᠮᠳᠠᠭᠠᠨ ᠤ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠠᠴᠠ ︽ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠳᠠᠬᠢᠨᠲᠠ ᠳᠠᠮᠵᠢᠭᠤᠯᠵᠤ᠂ ᠮᠠᠨ ᠤ ᠲᠤᠭᠤᠷᠢᠭ ᠤᠨ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠲᠤᠰᠬᠠᠶ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠨᠦᠭᠦᠳ ᠠᠵᠢᠯᠯᠠᠵᠤ ᠪᠠᠢᠭ᠎ᠠ ᠬᠦᠮᠤᠰ ᠤᠨ ᠬᠠᠮᠢᠶᠠᠷᠤᠯᠲᠠ ᠪᠠᠨ ᠴᠢᠩᠳᠠᠯᠠᠵᠤ᠂ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠲᠠᠢ ᠬᠠᠷᠢᠴᠠᠭᠤᠯᠤᠨ᠂ ᠡᠵᠡᠩᠨᠡᠯᠲᠡ ᠶᠢᠨ ᠭᠠᠵᠠᠷ ᠤᠨ ᠪᠡᠯᠡᠳᠬᠡᠮᠵᠢ ᠲᠥᠬᠦᠭᠡᠷᠦᠮᠵᠢ ᠵᠡᠷᠭᠡ ᠨᠥᠬᠦᠴᠡᠯ ᠢ ᠢᠳᠡᠪᠬᠢᠲᠡᠶ ᠥᠭᠡᠷᠡᠴᠢᠯᠡᠨ ᠳᠡᠭᠡᠭᠰᠢᠯᠡᠭᠦᠯᠵᠦ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠲᠥᠬᠦᠭᠡᠷᠦᠮᠵᠢ ᠪᠡᠯᠡᠳᠬᠡᠮᠵᠢ ᠶᠢᠨ ᠬᠡᠪ ᠤᠨ ᠠᠵᠢᠯᠯᠠᠭ᠎ᠠ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠠᠵᠢᠯᠯᠠᠵᠤ ᠪᠠᠶᠢᠭ᠎ᠠ ᠬᠥᠮᠦᠰ ᠢ ᠤᠬᠢᠶᠠᠬᠤ ᠡᠳ᠋ ᠤᠨ ᠦᠯᠡᠳᠡᠭᠳᠡᠯ ᠪᠠᠢᠬᠤ ᠶᠢ ᠬᠢᠴᠢᠶᠡᠨ ᠣᠯᠠᠨ ᠤᠳᠠᠭ᠎ᠠ ᠭᠦᠢᠴᠡᠳ ᠤᠬᠢᠶᠠᠵᠤ ᠠᠷᠢᠭᠤᠳᠬᠠᠬᠤ ᠶᠢ ᠱᠠᠭᠠᠷᠳᠠᠵᠤ᠂ ᠹᠢᠽᠢᠺ ᠤᠨ ᠬᠠᠯᠠᠭᠠᠯᠲᠠ ᠶᠢᠨ ᠠᠷᠢᠭᠤᠳᠬᠠᠯ ᠢ ᠬᠡᠷᠡᠭᠯᠡᠬᠦ ᠳᠤ ᠭᠦᠢᠴᠡᠳ ᠳᠤᠯᠠᠭᠠᠴᠠ ᠪᠠ ᠬᠠᠯᠠᠭᠠᠯᠲᠠ ᠶᠢᠨ ᠴᠠᠭ ᠭᠠᠷᠭᠠᠬᠤ ᠬᠡᠷᠡᠭᠲᠡᠶ᠂ ᠬᠤᠭᠤᠯᠠᠨ ᠤ ᠰᠠᠪᠠ ᠬᠡᠷᠡᠭᠰᠡᠯ ᠢᠶᠠᠨ ᠵᠠᠪᠰᠠᠷ ᠲᠠᠢ ᠲᠠᠯᠪᠢᠵᠤ᠂ ᠬᠡᠲᠣ ᠨᠢᠭᠲᠠ ᠲᠠᠯᠪᠢᠭᠰᠠᠨ ᠠᠴᠠ ᠪᠤᠯᠵᠤ ᠭᠦᠢᠴᠡᠳ ᠠᠷᠢᠭᠤᠳᠬᠠᠬᠤ ᠶᠢᠨ ᠠᠷᠭ᠎ᠠ ᠦᠭᠡᠢ ᠵᠡᠷᠭᠡ ᠠᠰᠠᠭᠤᠳᠠᠯ ᠠᠴᠠ ᠵᠠᠶᠢᠯᠠᠰᠬᠢᠬᠦ ᠬᠡᠷᠡᠭᠲᠡᠢ ᠭᠡᠵᠦ ᠱᠠᠭᠠᠷᠳᠠᠪᠠ᠃ ᠨᠥᠬᠦᠴᠡᠯ ᠲᠠᠢ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠨᠢ ᠬᠢᠷᠢ ᠴᠢᠳᠠᠮᠵᠢ ᠲᠠᠢ ᠮᠥᠷᠲᠡᠭᠡᠨ ᠲᠤᠰᠬᠠᠶᠢᠵᠢᠭᠰᠠᠨ ᠭᠤᠷᠪᠠᠳᠠᠬᠢ ᠡᠲᠡᠭᠡᠳ ᠤᠨ ᠺᠣᠮᠫᠠᠨᠢ ᠶᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠡᠳ᠋ᠰᠢᠭᠦᠯᠦᠨ ᠡᠵᠡᠩᠨᠡᠬᠦ ᠭᠠᠵᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠡᠪᠡᠳᠴᠢᠨ ᠤ ᠵᠠᠭᠤᠴᠢ ᠠᠮᠢᠳᠤ ᠪᠣᠳᠠᠰ ᠢ ᠤᠰᠠᠳᠬᠠᠬᠤ ᠪᠤᠶᠤ ᠥᠪᠡᠷ ᠢᠶᠠᠨ ᠲᠦᠷᠭᠡᠨ ᠪᠠᠶᠢᠴᠠᠭᠠᠬᠤ ᠠᠷᠭ᠎ᠠ ᠬᠡᠯᠪᠡᠷᠢ ᠶᠢ ᠠᠪᠴᠤ᠂ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠢ ᠡᠷᠡᠰ ᠬᠤᠷᠢᠭᠯᠠᠨ᠎ᠠ᠃    ᠲᠠᠷᠠᠭᠠᠴᠢ ᠶᠢᠨ ᠠᠯᠬᠤᠮ ᠳᠤ᠂ ᠵᠢᠥ ᠶᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠵᠦ᠂ ᠶᠠᠪᠤᠴᠠ ᠶᠢ ᠴᠢᠩᠭ᠎ᠠ ᠬᠠᠮᠢᠶᠠᠷᠴᠤ᠂ ᠲᠦᠭᠰᠢᠭᠦᠷᠢ ᠶᠢ ᠴᠢᠩᠭ᠎ᠠ ᠡᠵᠡᠮᠳᠡᠬᠦ ᠢ ᠪᠠᠷᠢᠮᠲᠠᠯᠠᠵᠤ᠂ ᠡᠯ᠎ᠡ ᠰᠠᠯᠠᠭ᠎ᠠ ᠮᠥᠴᠢᠷ ᠬᠠᠮᠵᠢᠯᠴᠠᠬᠤ ᠂ ᠰᠦᠯᠵᠢᠶ᠎ᠡ ᠪᠠᠷ ᠬᠢᠨᠠᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠮᠠᠨ ᠤ ᠲᠤᠭᠤᠷᠢᠭ ᠤᠨ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠦᠬᠦ ᠬᠦᠴᠦ ᠪᠠᠷ ᠢᠶᠠᠨ ᠰᠠᠬᠢᠨ ᠬᠠᠮᠠᠭᠠᠯᠠᠨ᠎ᠠ᠃   
 
ᠢᠷᠡᠯᠲᠡ᠄ ᠵᠢᠦ ᠶᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18001850号