︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ 2025 ᠣᠨ ᠤ | ᠥᠪᠥᠷ ᠮᠣᠩᠭᠤᠯ ᠤᠨ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠵᠠᠬ᠎ᠠ ᠳᠡᠯᠭᠡᠭᠦᠷ ᠤᠨ ᠳᠤᠮᠳᠠ ᠣᠷᠳᠣ | ᠬᠤᠭᠤᠴᠠᠭᠠᠨ ᠤ ᠠᠷᠠᠯᠵᠢᠶ᠎ᠠ ᠢ ᠰᠠᠶᠢᠲᠤᠷ ᠬᠢᠬᠦ ᠲᠤᠬᠠᠶ ᠮᠡᠳᠡᠭᠳᠡᠯ︾ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ | ᠂ 2025 ᠣᠨ ᠤ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶ᠎ᠠ ᠶᠢ 12 ᠰᠠᠷ᠎ᠠ ᠶᠢᠨ 22 ᠤᠨ ᠡᠳᠦᠷ ᠠᠴᠠ | ᠡᠬᠢᠯᠡᠨ᠂ ᠨᠡᠶᠢᠲᠡ 17 ᠡᠳᠦᠷ ᠦᠷᠭᠦᠯᠵᠢᠯᠡᠭᠦᠯᠵᠦ᠂ ᠮᠠᠨ ᠤ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ | ᠠᠵᠤ ᠤᠢᠯᠡᠳᠪᠤᠷᠢ ᠶᠢᠨ ᠠᠵᠤ ᠠᠬᠤᠢᠯᠠᠯ ᠤᠨ ᠪᠤᠬᠢᠷᠳᠤᠯ ᠦᠭᠡᠢ ᠴᠠᠬᠢᠯᠭᠠᠨ ᠬᠡᠷᠡᠭᠯᠡᠬᠦ ᠬᠠᠷᠢᠴᠠᠯ ᠶᠢ | ᠳᠡᠭᠡᠭᠰᠢᠯᠡᠭᠦᠯᠵᠦ᠂ ᠠᠵᠤ ᠠᠬᠤᠢᠯᠠᠯ ᠢ ᠬᠠᠪᠰᠤᠷᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ | ᠪᠠᠭᠤᠷᠠᠭᠤᠯᠬᠤ ᠶᠢᠨ ᠲᠤᠰᠠᠳᠠ᠂ ᠣᠶᠢᠷ᠎ᠠ ᠳᠤ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠴᠠᠬᠢᠯᠭᠠᠨ ᠬᠦᠴᠦᠨ ᠤ ᠠᠷᠠᠯᠵᠢᠶᠠᠨ ᠤ ᠲᠤᠰᠬᠠᠶ ᠮᠡᠷᠭᠡᠵᠢᠯᠲᠡᠨ ᠢ ᠤᠷᠢᠵᠤ ᠴᠠᠬᠢᠯᠭᠠᠨ ᠬᠦᠴᠦᠨ ᠤ ᠣᠯᠠᠨ ᠲᠠᠯᠠᠲᠤ | ᠠᠷᠠᠯᠵᠢᠶᠠᠨ ᠤ ᠪᠣᠯᠪᠠᠰᠤᠷᠠᠯ ᠥᠷᠨᠢᠭᠦᠯᠵᠦ᠂ ᠤᠯᠤᠰ ᠤᠨ ᠡᠨᠧᠷᠭᠢ ᠶᠢᠨ ᠨᠡᠭᠦᠷᠡᠰᠦ ᠬᠢᠮᠢ ᠶᠢᠨ ᠠᠵᠤ ᠤᠢᠯᠡᠳᠪᠤᠷᠢ᠂ | ᠳ᠋ᠠ ᠴᠢᠣᠸᠠᠨ᠂ ᠵᠦᠡᠭ ᠶᠤᠸᠠᠨ ᠰᠢᠨ᠎ᠡ ᠮᠠᠲ᠋ᠧᠷᠢᠶᠠᠯ ᠵᠡᠷᠭᠡ 29 ᠠᠵᠤ ᠠᠬᠤᠢᠯᠠᠯ ᠣᠷᠣᠯᠴᠠᠵᠠᠶ᠃ | ᠪᠣᠯᠪᠠᠰᠤᠷᠠᠯ ᠨᠢ 2025 ᠣᠨ ᠤ ᠴᠠᠬᠢᠯᠭᠠᠨ ᠬᠦᠴᠦᠨ ᠤ ᠠᠷᠠᠯᠵᠢᠶᠠᠨ ᠤ ᠦᠨᠳᠦᠰᠦᠨ ᠲᠥᠷᠥ ᠶᠢᠨ | ᠪᠣᠳᠣᠯᠭ᠎ᠠ ᠶᠢᠨ ᠭᠤᠤᠯᠳᠠᠯᠭ᠎ᠠ᠂ ᠠᠩᠬ᠎ᠠ ᠠᠯᠬᠤᠮ ᠤᠨ ᠲᠣᠬᠢᠷᠠᠭᠤᠯᠤᠯᠲᠠ᠂ ᠲᠦᠷᠢᠮ ᠠᠷᠭ᠎ᠠ ᠪᠣᠳᠣᠯᠭ᠎ᠠ᠂ | ᠠᠵᠢᠯᠯᠠᠬᠤ ᠶᠠᠪᠤᠴᠠ ᠪᠠ ᠨᠣᠭᠤᠭᠠᠨ ᠦᠨᠡᠮᠯᠡᠯ ᠢ ᠬᠠᠷᠭᠤᠭᠤᠯᠤᠨ ᠣᠯᠭᠤᠬᠤ ᠵᠡᠷᠭᠡ ᠲᠠᠯ᠎ᠠ ᠪᠠᠷ ᠲᠠᠨᠢᠯᠴᠠᠭᠤᠯᠬᠤ ᠶᠢᠨ | ᠬᠠᠮᠲᠤ ᠲᠤᠬᠠᠶ ᠶᠢᠨ ᠲᠠᠯᠠᠪᠤᠷ ᠲᠤ ᠠᠰᠠᠭᠤᠯᠲᠠ ᠠᠰᠠᠭᠤᠨ ᠶᠠᠷᠢᠯᠴᠠᠭ᠎ᠠ ᠬᠢᠪᠡ᠃ ᠲᠣᠰ ᠤᠳᠠᠭᠠᠨ ᠤ | ᠪᠣᠯᠪᠠᠰᠤᠷᠠᠯ ᠳᠤ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠪᠣᠯᠣᠨ ᠴᠠᠬᠢᠯᠭᠠᠨ ᠬᠦᠴᠦᠨ ᠤ | ᠠᠷᠠᠯᠵᠢᠶᠠᠨ ᠤ ᠲᠤᠰᠬᠠᠶ ᠮᠡᠷᠭᠡᠵᠢᠯᠲᠡᠨ ᠤ ᠨᠡᠪᠲᠡᠷᠡᠯᠴᠡᠬᠦ ᠲᠠᠪᠴᠠᠩ ᠢ ᠪᠠᠶᠢᠭᠤᠯᠵᠤ᠂ ᠬᠤᠷᠠᠯ ᠳᠤ | ᠣᠷᠣᠯᠴᠠᠭᠰᠠᠳ ᠤᠨ ᠴᠠᠬᠢᠯᠭᠠᠨ ᠬᠦᠴᠦᠨ ᠤ ᠠᠷᠠᠯᠵᠢᠶᠠᠨ ᠤ ᠲᠤᠬᠠᠶ ᠪᠥᠬᠦ ᠲᠠᠯ᠎ᠠ ᠶᠢᠨ ᠣᠶᠢᠯᠠᠭᠠᠯᠲᠠ᠂ ᠣᠨᠣᠯ ᠤᠨ | ᠮᠡᠳᠡᠯᠭᠡ ᠪᠠ ᠪᠣᠳᠠᠲᠠᠶ ᠪᠣᠯᠪᠠᠰᠤᠷᠠᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠠᠬᠢᠯᠭᠠᠨ | ᠬᠦᠴᠦᠨ ᠤ ᠠᠷᠠᠯᠵᠢᠶᠠᠨ ᠤ ᠦᠢᠯᠡᠳᠦᠯᠭᠡ ᠳᠤᠮᠳᠠ ᠴᠠᠬᠢᠯᠭᠠᠨ ᠢ ᠵᠣᠬᠢᠰᠲᠠᠶ ᠬᠤᠳᠠᠯᠳᠤᠨ ᠠᠪᠴᠤ᠂ ᠵᠢᠷᠤᠮᠵᠢᠭᠤᠯᠤᠨ | ᠠᠵᠢᠯᠯᠠᠭᠤᠯᠬᠤ ᠶᠢ ᠪᠡᠶᠡᠯᠡᠭᠦᠯᠪᠡ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠨᠢ ᠲᠣᠰ ᠤᠳᠠᠭᠠᠨ ᠤ | ᠪᠣᠯᠪᠠᠰᠤᠷᠠᠭᠤᠯᠤᠯ ᠢᠶᠠᠷ ᠳᠡᠮᠵᠢᠨ᠂ ᠴᠠᠬᠢᠯᠭᠠᠨ ᠬᠦᠴᠦᠨ ᠤ ᠠᠷᠠᠯᠵᠢᠶᠠᠨ ᠤ ᠲᠤᠬᠠᠶ ᠣᠶᠢᠯᠠᠭᠠᠯᠲᠠ ᠪᠠ ᠬᠡᠷᠡᠭᠯᠡᠯᠲᠡ | ᠭᠦ᠋ᠨᠵᠡᠭᠡᠶᠢᠷᠡᠵᠦ᠂ ᠬᠤᠵᠢᠮ ᠡᠵᠡᠩᠨᠡᠯᠲᠡ ᠶᠢᠨ ᠠᠷᠭ᠎ᠠ ᠪᠣᠳᠣᠯᠭ᠎ᠠ ᠪᠠᠨ ᠢᠳᠡᠪᠬᠢᠲᠡᠶ ᠳᠣᠭᠢᠷᠠᠭᠤᠯᠤᠨ᠂ ᠡᠭᠦᠨ ᠤ | ᠤᠯᠠᠮ ᠠᠴᠠ ᠲᠠᠰᠤᠷᠠᠯᠲᠠ ᠥᠬᠡᠶ ᠬᠤᠪᠢᠷᠠᠵᠤ ᠪᠠᠶᠢᠭ᠎ᠠ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠲᠠᠢ ᠵᠣᠬᠢᠴᠠᠵᠤ᠂ | ᠥᠷᠢᠰᠥᠯᠳᠦᠭᠡᠨ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠲᠤ ᠲᠡᠷᠢᠭᠦᠨ | ᠲᠣᠬᠢᠶᠠᠯ ᠢ ᠵᠠᠪᠳᠤᠨ ᠡᠵᠡᠯᠡᠵᠦ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠦᠷ᠎ᠡ | ᠪᠦᠲᠦᠮᠵᠢ ᠳᠤ ᠬᠦᠷᠤᠨ᠎ᠡ ᠭᠡᠵᠤ ᠢᠯᠡᠷᠬᠡᠢᠯᠡᠪᠡ᠃ | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠦᠷᠭᠦᠯᠵᠢᠯᠡᠨ ᠠᠵᠤ ᠠᠬᠤᠶᠢᠯᠠᠯ ᠳᠤ ᠦᠢᠯᠡᠴᠢᠯᠡᠬᠦ ᠲᠠᠯ᠎ᠠ ᠪᠠᠷ ᠬᠦᠴᠦ ᠣᠷᠣᠭᠤᠯᠵᠤ᠂ ᠠᠵᠤ ᠠᠬᠤᠶᠢᠯᠠᠯ ᠢ | ᠵᠢᠯᠣᠭᠤᠳᠤᠨ ᠪᠣᠬᠢᠷᠲᠤᠯ ᠥᠬᠡᠶ ᠴᠠᠬᠢᠯᠭᠠᠨ ᠤ ᠠᠷᠠᠯᠵᠢᠶᠠᠨ ᠤ ᠮᠡᠳᠡᠯᠭᠡ ᠶᠢ ᠡᠵᠡᠮᠰᠢᠭᠦᠯᠵᠦ᠂ ᠠᠵᠤ ᠠᠬᠤᠶᠢᠯᠠᠯ ᠢ | ᠬᠠᠪᠰᠤᠷᠤᠨ ᠲᠥᠷᠥ ᠶᠢᠨ ᠪᠣᠳᠣᠯᠭ᠎ᠠ ᠶᠢᠨ ᠬᠥᠳᠡᠯᠦᠩᠭᠦᠶ ᠪᠠᠶᠢᠳᠠᠯ ᠢ ᠴᠠᠭ ᠲᠤᠬᠠᠶ ᠳᠤᠨᠢ ᠡᠵᠡᠮᠰᠢᠭᠦᠯᠵᠦ᠂ | ᠠᠷᠠᠯᠵᠢᠶᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ | ᠪᠠᠭᠤᠷᠠᠭᠤᠯᠬᠤ ᠳᠤ ᠬᠦᠴᠦᠨ ᠨᠡᠮᠡᠷᠢᠯᠡᠵᠦ᠂ ᠡᠨᠧᠷᠭᠢ ᠶᠢᠨ ᠬᠤᠷᠣᠭᠳᠠᠯ ᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠠᠰᠬᠠᠬᠤ ᠵᠣᠷᠢᠯᠭ᠎ᠠ ᠳᠤ ᠬᠦᠷᠭᠡᠨ᠎ᠡ᠃ | | | | | |